ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠠᠷᠪᠠᠨ ᠳᠣᠯᠣᠳᠤᠭᠠᠷ ᠬᠤᠷᠠᠯ ᠡᠬᠢᠯᠡᠪᠡ
2026-06-30 10:05:46
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠬᠤᠷᠠᠯ᠎ᠢ ᠡᠷᠭᠢᠯᠡᠵᠡᠢ


6 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠠᠷᠪᠠᠨ ᠳᠣᠯᠣᠳᠤᠭᠠᠷ ᠬᠤᠷᠠᠯ ᠬᠥᠬᠡᠬᠣᠲᠠ᠎ᠳᠤ ᠡᠬᠢᠯᠡᠵᠦ᠍᠂ ᠬᠤᠷᠠᠯ᠎ᠡᠴᠡ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠠᠷᠪᠠᠨ ᠳᠣᠯᠣᠳᠤᠭᠠᠷ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠍᠂ 《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠤᠳᠤᠷᠢᠳᠤᠮᠵᠢ ᠪᠣᠯᠭᠠᠵᠤ᠂ ᠮᠠᠨ᠎ᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ》 ᠲᠣᠭᠣᠷᠢᠨ᠎ᠳᠤ ᠲᠤᠰᠬᠠᠢ ᠰᠡᠳᠦᠪ᠎ᠢᠶᠡᠷ ᠲᠦᠷᠦ᠎ᠶᠢᠨ ᠶᠠᠪᠤᠳᠠᠯ᠎ᠢ ᠵᠥᠪᠯᠡᠬᠦ᠌ ᠴᠢᠨᠠᠷᠲᠠᠢ ᠵᠥᠪᠯᠡᠯᠭᠡ ᠬᠢᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ᠌ ᠤᠷᠢᠯᠭ᠎ᠠ᠎ᠪᠠᠷ ᠬᠤᠷᠠᠯ᠎ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠶᠤᠤ ᠶᠦᠩ ᠪᠥᠸᠧ᠂ ᠵᠠᠩ ᠪᠠᠶ ᠴᠧᠩ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠤ᠂ ᠶᠠᠩ ᠵᠢᠶᠸ ᠪᠠᠶ᠋ᠢᠴᠠᠭᠠᠨ ᠰᠤᠳᠤᠯᠤᠯᠲᠠ ᠬᠢᠭᠰᠡᠨ ᠪᠠᠶ᠋ᠢᠳᠠᠯ᠎ᠤᠨ ᠲᠣᠳᠣᠷᠬᠠᠶ᠋ᠢᠯᠠᠯᠲᠠ ᠬᠢᠪᠠ᠃

ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠴᠧᠨ ᠰᠠᠷᠠᠨ᠎ᠠ᠂ ᠶᠤᠸᠠᠢ ᠶᠣᠣ ᠮᠢᠩ᠂ ᠼᠦᠢ ᠵᠧᠨ ᠡᠤ ᠪᠣᠯᠤᠨ ᠬᠣᠯᠪᠣᠭᠳᠠᠯ ᠪᠥᠬᠥᠶ ᠨᠢᠭᠡᠴᠢ᠎ᠶᠢᠨ ᠲᠥᠯᠥᠭᠡᠯᠡᠭᠴᠢ ᠯᠢᠦ ᠶᠦᠩ ᠪᠢᠨ᠂ ᠬᠠᠨ ᠹᠸᠩ ᠢᠦᠶ ᠵᠥᠪᠯᠡᠬᠦ᠌ ᠰᠡᠳᠦᠪ᠎ᠦᠨ ᠲᠣᠭᠣᠷᠢᠨ᠎ᠳᠤ ᠦᠭᠡ ᠬᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠠᠵᠢᠯ᠎ᠤᠨ ᠪᠠᠶ᠋ᠢᠳᠠᠯ᠎ᠢᠶᠠᠨ ᠲᠠᠨᠢᠯᠴᠠᠭᠤᠯᠵᠤ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠡᠶ ᠰᠠᠨᠠᠯ᠎ᠢᠶᠠᠨ ᠰᠣᠯᠢᠯᠴᠠᠪᠠ᠃

ᠬᠥᠬᠡᠬᠣᠲᠠ᠎ᠳᠤ ᠰᠠᠭᠤᠭ᠎ᠠ ᠬᠡᠰᠡᠭ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠡᠯ᠎ᠡ ᠠᠶ᠋ᠢᠮᠠᠭ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号