ᠰᠤᠷᠪᠤᠯᠵᠢᠯᠠᠭ᠍ᠴᠢ ᠬᠥᠬᠡᠬᠣᠲᠠ ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠢᠦᠢᠴᠢᠤᠸᠠᠨ ᠲᠣᠭᠣᠷᠢᠭ ᠤᠨ ᠬᠤᠪᠢᠶᠠᠷᠢ ᠲᠣᠪᠴᠢᠶ᠎ᠠ᠎ᠶ᠋ᠢᠨ ᠳ᠋ᠠ ᠨᠠᠨ ᠵᠡᠭᠡᠯᠢᠳ᠋ᠡᠬᠢ ᠲᠣᠮᠢᠯᠠᠭ᠍ᠰᠠᠨ ᠰᠠᠯᠪᠤᠷᠢ ᠡᠴᠨ ᠣᠢᠯᠠᠭᠠᠭ᠍ᠰᠠᠨ᠎ᠢᠶᠠᠷ ᠂ ᠤᠢᠷ᠎ᠠ ᠵᠢᠨ ᠡᠳᠦᠷ᠂ ᠢᠦᠢᠴᠢᠤᠸᠠᠨ ᠲᠣᠭᠣᠷᠢᠭ᠎ᠤᠨ ᠬᠣᠮᠱᠢᠮ ᠪᠣᠳᠢᠰᠠᠳ᠋ᠸ᠎ᠠ᠎ᠶ᠋ᠢᠨ ᠰᠦᠮ᠎ᠡ᠎ᠶ᠋ᠢᠨ ᠡᠷᠬᠢᠨ ᠲᠣᠭᠣᠷᠢᠨ᠎ᠤ ᠵᠠᠮ ᠲᠡᠭᠡᠷ᠎ᠡ ᠤᠯᠠᠨ ᠮᠠᠰᠢᠨ ᠲᠡᠷᠬᠡᠨ ᠤ᠋ ᠲᠤᠳᠤᠷᠠᠬᠢ ᠡᠳ᠋ ᠪᠤᠳᠠᠰ ᠬᠤᠯᠠᠭᠠᠢᠯᠠᠬᠳᠠᠬᠰᠠᠨ ᠬᠡᠷᠡᠭ ᠭᠠᠷᠴᠤ᠂ ᠴᠠᠭ᠍ᠳᠠᠭᠠᠨ᠎ᠤ ᠲᠠᠯ᠎ᠠ᠎ᠶ᠋ᠢᠨ ᠬᠢᠨ ᠶᠠᠯ᠎ᠠ ᠵᠢᠨ ᠰᠡᠵᠢᠭ᠌ᠳᠡᠨ ᠯᠢᠦ ᠣᠪᠣᠭ᠍ᠲᠤ᠎ᠶ᠋ᠢ ᠨᠢᠭᠡᠨᠲᠡ ᠪᠠᠷᠢᠪᠴᠢᠯᠠᠨ ᠠᠪᠴᠢᠷᠠᠪᠠ᠃
ᠲᠠᠨᠢᠯᠴᠠᠭᠤᠯᠤᠭ᠍ᠰᠠᠨ᠎ᠢᠶᠠᠷ᠂ ᠣᠢᠷ᠎ᠠ᠎ᠳᠤ ᠳ᠋ᠠ ᠨᠠᠨ ᠵᠡᠭᠡᠯᠢ ᠳ᠋ᠡᠬᠢ ᠲᠣᠮᠢᠯᠠᠭ᠍ᠰᠠᠨ ᠰᠠᠯᠪᠤᠷᠢ ᠣᠯᠠᠨ ᠲᠦᠮᠡᠨ᠎ᠦ ᠬᠡᠷᠡᠭ ᠤ᠋ᠨ ᠮᠡᠳᠡᠭᠦᠯᠦᠯᠲᠡ᠎ᠶ᠋ᠢ ᠵᠠᠯᠭᠠᠭ᠎ᠠ᠎ᠪᠠᠷ ᠲᠤᠰᠴᠤ᠌᠂ ᠢᠦᠢᠴᠢᠤᠸᠠᠨ ᠲᠣᠭᠣᠷᠢᠭ᠎ᠤᠨ ᠬᠣᠮᠱᠢᠮ ᠪᠣᠳᠢᠰᠠᠳ᠋ᠸ᠎ᠠ᠎ᠶ᠋ᠢᠨ ᠰᠦᠮ᠎ᠡ᠎ᠶ᠋ᠢᠨ ᠡᠷᠬᠢᠨ ᠲᠣᠭᠣᠷᠢᠨ᠎ᠤ ᠵᠠᠮ ᠳᠡᠭᠡᠷ᠎ᠡ ᠵᠣᠭ᠍ᠰᠣᠵᠤ ᠪᠠᠢᠭ᠍ᠰᠠᠨ ᠮᠠᠱᠢᠨ ᠲᠡᠷᠭᠡᠨ᠎ᠦ ᠳᠣᠲᠣᠷᠠᠬᠢ ᠵᠣᠭᠣᠰ ᠮᠥᠩᠭᠥ᠌ ᠡᠳ᠋ ᠪᠣᠳᠠᠰ ᠬᠤᠯᠠᠭᠠᠢᠯᠠᠭ᠍ᠳᠠᠭ᠍ᠰᠠᠨ ᠪᠠᠢᠨ᠎ᠠ ᠬᠡᠵᠡᠢ᠃ ᠬᠡᠷᠡᠭ ᠱᠢᠶ᠋ᠳᠪᠦᠷᠢᠯᠡᠬᠦ᠌ ᠴᠠᠭ᠍ᠳᠠᠭ᠎ᠠ ᠬᠡᠷᠡᠭ᠎ᠦᠨ ᠲᠤᠬᠠᠶ᠎ᠶ᠋ᠢᠨ ᠲᠠᠯᠠᠪᠠᠶ ᠵᠢᠴᠢ ᠡᠷᠬᠢᠨ ᠲᠣᠭᠣᠷᠢᠨ᠎ᠤ ᠣᠯᠠᠨ ᠨᠡᠢᠲᠡ᠎ᠶ᠋ᠢᠨ ᠬᠢᠨᠠᠨ ᠡᠵᠡᠮᠳᠡᠬᠦ᠌ ᠸᠢᠳᠢᠣ᠋ ᠢ ᠭᠠᠷᠭᠠᠨ ᠠᠪᠴᠤ᠌ ᠂ ᠨᠠᠷᠢᠨ ᠨᠢᠮᠪᠠᠶ ᠰᠤᠳᠤᠯᠤᠨ ᠮᠠᠭᠠᠳᠯᠠᠵᠤ ᠵᠠᠳᠠᠯᠬᠤ᠎ᠪᠠᠷ ᠳᠡᠮᠵᠢᠨ᠂ 3 ᠤᠳᠠᠭ᠎ᠠ ᠵᠢᠨ ᠬᠤᠯᠠᠭᠠᠢᠯᠠᠭ᠍ᠰᠠᠨ ᠬᠡᠷᠡᠭ᠎ᠢ ᠴᠥᠮ ᠨᠢᠭᠡ ᠯᠡ ᠬᠥᠮᠦᠨ ᠦᠶ᠋ᠯᠡᠳᠦᠭ᠌ᠰᠡᠨᠢ ᠨᠤᠲᠠᠯᠠᠪᠠ᠃ ᠢᠤᠢ᠍ᠢᠴᠢᠤᠸᠠᠨ ᠲᠣᠭᠣᠷᠢᠭ᠎ᠤᠨ ᠤᠶᠤᠨᠴᠢ ᠲᠠᠩᠨᠠᠨ ᠪᠠᠢᠴᠠᠭᠠᠬᠤ ᠲᠥᠪ᠎ᠦᠨ ᠮᠡᠷᠭᠡᠵᠢᠯ᠎ᠦᠨ ᠲᠤᠯᠭᠠᠭᠤᠷᠢᠯᠠᠯ ᠳᠤᠤᠷ᠎ᠠ ᠂ ᠴᠠᠭ᠍ᠳᠠᠭ᠎ᠠ ᠨᠠᠷ ᠶᠠᠯ᠎ᠠ ᠬᠢᠭ᠌ᠰᠡᠨ ᠰᠡᠵᠢᠭ᠌ᠯᠡᠯᠲᠡᠶ ᠬᠥᠮᠦᠨ᠎ᠦ ᠪᠡᠶ᠎ᠡ ᠬᠡᠮ ᠵᠢᠴᠢ ᠠᠵᠢᠯᠯᠠᠭ᠎ᠠ᠎ᠶ᠋ᠢᠨ ᠵᠠᠮ ᠮᠥᠷ᠎ᠢ ᠦᠳᠲᠡᠷ ᠲᠦᠷᠭᠡᠨ ᠣᠯᠵᠤ ᠮᠡᠳᠡᠭ᠌ᠰᠡᠨ ᠪᠥᠭᠡᠳ ᠬᠦᠬᠡᠬᠤᠳᠠ ᠵᠢᠨ ᠨᠢᠭᠡᠨ ᠲᠣᠰᠭᠣᠨ᠎ᠤ ᠲᠦᠷᠢᠶᠡᠰᠦᠨ ᠬᠡᠷ ᠳᠣᠲᠣᠷ᠎ᠠ ᠡᠴᠨ ᠶᠠᠯ᠎ᠠ ᠬᠢᠭ᠌ᠰᠡᠨ ᠰᠡᠵᠢᠭ᠌ᠯᠡᠯᠲᠡᠶ ᠡᠲᠡᠭᠡᠳ ᠯᠢᠦ ᠣᠪᠣᠭ᠍ᠲᠤ᠎ᠶ᠋ᠢ ᠠᠮᠵᠢᠯᠲᠠ ᠲᠠᠶ ᠪᠠᠷᠢᠪᠴᠢᠯᠠᠪᠠ᠃
ᠱᠢᠭᠦᠨ ᠠᠰᠠᠭᠤᠬᠤ᠎ᠪᠠᠷ ᠳᠠᠮᠵᠢᠨ ᠪᠠᠢᠴᠠᠭᠠᠨ ᠳᠣᠲᠣᠯᠠᠭ᠍ᠰᠠᠨ ᠨᠢ᠂ ᠶᠠᠯ᠎ᠠ ᠵᠢᠨ ᠰᠡᠵᠢᠭ᠌ᠳᠡᠨ ᠯᠢᠦ ᠣᠪᠣᠭ᠍ᠲᠤ ᠂ 60 ᠨᠠᠰᠤᠲᠠᠶ᠂ ᠳᠤᠬᠳᠠᠪᠤᠷᠢᠳᠠᠢ ᠠᠵᠢᠯ ᠦᠭᠡᠢ᠂ ᠠᠷᠢᠬᠢ ᠤᠤᠭᠤᠬᠤ ᠵᠣᠭᠣᠰ ᠥᠬᠡᠶ ᠪᠣᠯᠬᠣᠷ ᠮᠠᠭᠤ ᠰᠠᠨᠠᠭ᠎ᠠ ᠭᠠᠷᠭᠠᠵᠤ᠂ ᠵᠠᠪᠱᠢᠶᠠᠨ᠎ᠢ ᠳᠠᠯᠢᠮᠳᠠᠭᠤᠯᠤᠨ ᠮᠠᠰᠢᠨ ᠲᠡᠷᠬᠡᠨ ᠤ᠋ ᠲᠤᠳᠤᠷᠠᠬᠢ ᠵᠤᠭᠤᠰ ᠮᠦᠩᠬᠦ ᠡᠳ᠋ ᠪᠤᠳᠠᠰ ᠢ ᠬᠤᠯᠠᠭᠠᠢᠯᠠᠨ ᠠᠪᠴᠠᠢ᠃ ᠯᠢᠦ ᠣᠪᠣᠭ᠍ᠲᠤ ᠢᠦᠢᠴᠢᠤᠸᠠᠨ ᠲᠣᠭᠣᠷᠢᠭ᠎ᠤᠨ ᠬᠣᠮᠱᠢᠮ ᠪᠣᠳᠢᠰᠠᠳ᠋ᠸ᠎ᠠ᠎ᠶ᠋ᠢᠨ ᠰᠦᠮ᠎ᠡ᠎ᠶ᠋ᠢᠨ ᠬᠠᠪᠢ᠎ᠳᠤ ᠬᠥᠮᠦᠨ ᠦᠭᠡᠶ ᠲᠣᠬᠢᠶᠠᠯ᠎ᠢ ᠳᠠᠯᠢᠮᠳᠠᠭᠤᠯᠤᠨ ᠵᠠᠮ᠎ᠤᠨ ᠬᠠᠵᠠᠭᠤ᠎ᠳᠤ ᠵᠣᠭ᠍ᠰᠣᠵᠤ ᠪᠠᠢᠭ᠍ᠰᠠᠨ ᠨᠢᠬᠡᠨ ᠮᠠᠰᠢᠨ ᠲᠡᠷᠬᠡᠨ ᠲᠤᠳᠤᠷ᠎ᠠ ᠡᠴᠨ 4500 ᠲᠥᠭᠥᠷᠢᠭ ᠵᠤᠭᠤᠰ ᠬᠤᠯᠠᠭᠠᠢᠯᠠᠵᠠᠶ᠂ ᠰᠡᠭᠦᠯᠡᠷ ᠨᠢ ᠠᠳᠠᠯᠢᠬᠠᠨ ᠠᠷᠭ᠎ᠠ᠎ᠪᠠᠷ ᠦᠬᠡᠷ᠎ᠡ ᠮᠠᠰᠢᠨ ᠲᠡᠷᠬᠡᠨ ᠲᠤᠳᠤᠷ᠎ᠠ ᠡᠴᠨ 600 ᠲᠥᠭᠥᠷᠢᠭ ᠬᠤᠯᠠᠭᠠᠢᠯᠠᠨ ᠠᠪᠴᠠᠶ᠃
ᠴᠠᠭ᠍ᠳᠠᠭᠠᠨ᠎ᠤ ᠲᠠᠯ᠎ᠠ᠎ᠶ᠋ᠢᠨ ᠬᠢᠨ ᠰᠠᠨᠠᠭᠤᠯᠬᠤ᠎ᠳᠠᠭᠠᠨ᠄ ᠮᠠᠰᠢᠨ ᠲᠡᠷᠭᠡᠨ ᠳᠣᠲᠣᠷ᠎ᠠ ᠪᠡᠨ ᠪᠡᠯᠡᠨ ᠵᠣᠭᠣᠰ᠂ ᠭᠠᠷ ᠤᠲᠠᠰᠤ᠂ ᠠᠷᠢᠬᠢ ᠲᠠᠮᠠᠬᠢ ᠵᠡᠷᠭᠡ ᠦᠨᠡᠲᠦ ᠡᠳ᠋ ᠪᠣᠳᠠᠰ ᠲᠠᠯᠪᠢᠵᠤ ᠪᠣᠯᠬᠤ ᠥᠬᠡᠶ᠂ ᠮᠠᠰᠢᠨ ᠲᠡᠷᠭᠡ ᠪᠡᠨ ᠵᠤᠬᠰᠤᠭᠠᠬᠰᠠᠨ ᠤ᠋ ᠲᠠᠷᠠᠭ᠎ᠠ ᠡᠷᠬᠡᠪᠰᠢ ᠮᠠᠰᠢᠨ ᠲᠡᠷᠭᠡᠨ ᠤ᠋ ᠡᠭᠦᠳᠡ ᠴᠣᠩᠬᠣ᠎ᠪᠠᠨ ᠤᠨᠢᠰᠤᠯᠠᠬᠰᠠᠨ ᠡᠰᠡᠬᠦ ᠪᠠᠨ ᠰᠠᠢᠳᠤᠷ ᠪᠠᠢᠴᠠᠭᠠᠨ ᠦᠵᠡᠬᠦ ᠬᠡᠷᠡᠭᠳᠡᠢ᠃