ᠪᠠᠶᠠᠨᠨᠠᠭᠤᠷ ᠬᠣᠲᠠ᠎ᠶ᠋ᠢᠨ ᠬᠠᠮ ᠵᠠᠭᠤᠴᠢᠯᠠᠭᠤᠷ᠎ᠤ᠋ᠨ ᠲᠥᠪ᠎ᠡᠴᠡ ᠭᠣᠣᠯᠯᠠᠨ ᠡᠷᠬᠢᠯᠡᠭᠰᠡᠨ 《〈ᠤᠮᠠᠷᠠᠲᠤ᠎ᠵᠢᠨ ᠭᠤᠷᠪᠠᠨ ᠤᠷᠤᠨ〉ᠵᠢᠡᠷ ᠠᠶᠠᠯᠠᠵᠤ ᠰᠢᠪᠲᠤᠯᠤᠯᠲᠠ᠎ᠵᠢ ᠬᠠᠷᠠᠬᠤ᠂ ᠬᠠᠲᠤᠨ ᠭᠣᠣᠯ᠎ᠤ᠋ᠨ〈ᠶᠡᠬᠡ ᠲᠤᠬᠤᠢ ᠤᠷᠤᠨ〉᠎ᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ ᠭᠣᠣᠯ ᠵᠠᠭᠤᠴᠢᠯᠠᠭᠤᠷ᠎ᠤ᠋ᠨ ᠪᠠᠶᠠᠨᠨᠠᠭᠤᠷ ᠲᠡᠬᠢ ᠠᠶᠠᠯᠠᠯ》 ᠤ᠋ᠨ ᠠᠵᠢᠯᠯᠠᠭ᠎ᠠ ᠤᠢᠷ᠎ᠠ᠎ᠳᠤ ᠶᠠᠪᠤᠭᠳᠠᠵᠤ᠂ ᠪᠦᠬᠦ ᠤᠯᠤᠰ᠎ᠤ᠋ᠨ 30 ᠰᠢᠬᠠᠮ ᠵᠠᠭᠤᠴᠢᠯᠠᠭᠤᠷ᠎ᠤ᠋ᠨ 50 ᠭᠠᠷᠤᠢ ᠰᠤᠷᠪᠤᠯᠵᠢᠯᠠᠭᠴᠢ ᠪᠠᠶᠠᠨᠨᠠᠭᠤᠷ ᠬᠣᠲᠠᠳ᠋ᠤ᠌ ᠴᠤᠭᠯᠠᠷᠠᠵᠤ ᠬᠠᠮᠲᠤᠷᠠᠭᠰᠠᠨ ᠰᠤᠷᠪᠤᠯᠵᠢᠯᠠᠭᠠᠳ᠋ᠤ᠌ ᠣᠷᠣᠯᠴᠠᠪᠠ᠃
ᠣᠢᠯᠠᠭᠠᠭᠰᠠᠨ᠎ᠢ᠋ᠶ᠋ᠠᠷ᠂ ᠬᠠᠮᠲᠤᠷᠠᠭᠰᠠᠨ ᠰᠤᠷᠪᠤᠯᠵᠢᠯᠠᠬᠤ ᠳᠤᠭᠤᠢᠯᠠᠩ ᠨᠢ ᠤᠯᠠᠭᠠᠠᠰᠤᠬᠠᠢ ᠨᠠᠭᠤᠷ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ᠋ ᠶᠠᠮᠤᠨ᠎ᠤ᠋ ᠣᠳᠣ ᠦᠶ᠎ᠡ᠎ᠶ᠋ᠢᠨ ᠲᠠᠷᠢᠶᠠᠯᠠᠩ᠎ᠤ᠋ᠨ ᠰᠢᠨᠵᠢᠯᠡᠭᠡ ᠮᠡᠷᠭᠡᠵᠢᠯ᠎ᠦ᠋ᠨ ᠲᠤᠷᠰᠢᠯᠲᠠ᠎ᠶ᠋ᠢᠨ ᠵᠢᠱ᠌ᠢᠶ᠎ᠡ ᠦᠵᠡᠭᠦᠯᠬᠦ ᠰᠠᠭᠤᠷᠢᠨ (ᠤᠷᠠᠳ᠎ᠤᠨ ᠡᠮᠦᠨᠡᠲᠦ ᠬᠤᠰᠢᠭᠤ)᠂ ᠯᠢᠨ ᠾᠧ ᠲᠣᠭᠣᠷᠢᠭ᠎ᠤ᠋ᠨ ᠤᠯᠤᠰ᠎ᠤ᠋ᠨ ᠡᠵᠡᠩᠨᠡᠯᠲᠡ᠎ᠶ᠋ᠢᠨ ᠰᠢᠨᠬᠤᠸᠠ ᠣᠢ ᠰᠢᠭᠤᠢ᠎ᠶ᠋ᠢᠨ ᠲᠠᠯᠠᠪᠠᠢ᠂ ᠪᠤᠷᠤᠳᠤᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ᠋ ᠤᠰᠤᠨ᠎ᠤ᠋ ᠬᠡᠮᠵᠢᠶ᠎ᠡ᠎ᠶ᠋ᠢᠨ ᠮᠡᠳᠡᠭᠡ ᠵᠠᠩᠭᠢ᠎ᠶ᠋ᠢ ᠬᠢᠨᠠᠨ ᠬᠡᠮᠵᠢᠬᠦ ᠲᠥᠪ᠂ ᠪᠠᠶᠠᠨᠨᠠᠭᠤᠷ᠎ᠤᠨ ᠤᠯᠤᠰ᠎ᠤ᠋ᠨ ᠲᠠᠷᠢᠶᠠᠯᠠᠩ᠎ᠤ᠋ᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠂ ᠳ᠋ᠧᠩᠺᠧᠦ ᠰᠢᠶᠠᠨ᠎ᠤ᠋ ᠤᠯᠠᠭᠠᠨᠪᠤᠬ᠎ᠠ᠎ᠶ᠋ᠢᠨ ᠡᠯᠡᠰᠦᠨ ᠴᠦᠯ ᠵᠡᠷᠭᠡ ᠭᠠᠵᠠᠷ᠎ᠲᠤ᠌ ᠬᠦᠷᠴᠦ ᠲᠤᠬᠠᠢ᠎ᠶ᠋ᠢᠨ ᠭᠠᠵᠠᠷ ᠲᠤᠨᠢ ᠰᠤᠷᠪᠤᠯᠵᠢᠯᠠᠵᠤ᠂ ᠪᠠᠶᠠᠨᠨᠠᠭᠤᠷ ᠬᠣᠲᠠ᠎ᠶ᠋ᠢᠨ ᠠᠮᠢ ᠠᠬᠤᠢ᠎ᠶ᠋ᠢᠨ ᠵᠠᠰᠠᠯᠲᠠ᠂ ᠣᠳᠣ ᠦᠶ᠎ᠡ᠎ᠶ᠋ᠢᠨ ᠲᠠᠷᠢᠶᠠᠯᠠᠩ᠂ ᠣᠶᠤᠨᠴᠢ ᠤᠰᠤᠨ ᠠᠰᠢᠭᠯᠠᠯᠲᠠ᠂ ᠡᠯᠡᠰᠦ᠎ᠶ᠋ᠢ ᠵᠠᠰᠠᠵᠤ ᠡᠯᠡᠰᠦᠷᠬᠡᠭᠵᠢᠯ᠎ᠢ ᠰᠡᠷᠭᠡᠢᠯᠡᠬᠦ ᠵᠡᠷᠭᠡ ᠬᠦᠷᠢᠶᠡᠨ᠎ᠳ᠋ᠦ᠍ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ᠋ ᠭᠦᠨᠵᠡᠭᠡᠢ ᠣᠢᠯᠠᠭᠠᠵᠤ᠂ ᠡᠳᠡᠭᠡᠷ ᠤᠯᠠᠨ ᠭᠣᠣᠯ ᠵᠠᠭᠤᠴᠢᠯᠠᠭᠤᠷ᠎ᠤ᠋ᠨ ᠲᠠᠪᠴᠠᠩᠳ᠋ᠤ᠌ ᠣᠬᠣᠷ ᠹᠢᠯᠢᠮ᠂ ᠵᠢᠷᠤᠭ ᠲᠦᠷᠰᠦ᠂ ᠦᠰᠦᠭ ᠪᠢᠴᠢᠭ ᠵᠡᠷᠭᠡ ᠡᠯ᠎ᠡ ᠲᠥᠷᠥᠯ᠎ᠦ᠋ᠨ ᠵᠠᠭᠤᠴᠢᠯᠠᠭᠤᠷ᠎ᠤ᠋ᠨ ᠪᠦᠲᠦᠭᠡᠭᠳᠡᠬᠦᠨ᠎ᠢ᠋ ᠨᠡᠢᠳᠡᠯᠡᠬᠦ ᠪᠠ ᠳᠡᠯᠭᠡᠷᠡᠭᠦᠯᠬᠦ ᠪᠤᠯᠤᠨ᠎ᠠ᠃
ᠤᠢᠷ᠎ᠠ᠎ᠶᠢᠨ ᠵᠢᠯ᠎ᠳᠤ ᠪᠠᠶᠠᠨᠨᠠᠭᠤᠷ ᠬᠣᠲᠠ ᠤᠯᠠᠭᠠᠨᠰᠤᠬᠠᠢ ᠨᠠᠭᠤᠷ᠎ᠤᠨ ᠶᠡᠷᠦᠩᠬᠡᠢᠯᠡᠭᠰᠡᠨ ᠵᠠᠰᠠᠯᠲᠠ᠂ ᠤᠯᠠᠭᠠᠨᠪᠤᠬ᠎ᠠ᠎ᠶ᠋ᠢᠨ ᠡᠯᠡᠰᠦᠨ ᠴᠦᠯ᠎ᠤᠨ ᠵᠠᠰᠠᠯᠲᠠ᠂ ᠪᠣᠷᠳᠣᠬᠤᠢᠶ᠋ᠢᠨ ᠤᠰᠤᠯᠠᠯᠲᠠ᠎ᠶ᠋ᠢᠨ ᠤᠷᠤᠨ᠎ᠤ ᠤᠳᠤᠬᠢᠴᠢᠯᠠᠭᠰᠠᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠮᠡᠳᠡᠭᠳᠡᠮ᠎ᠡ ᠦᠷ᠎ᠡ ᠪᠦᠳᠦᠮᠵᠢ ᠤᠯᠤᠭᠰᠠᠨ ᠪᠠᠢᠨ᠎ᠠ᠃ ᠲᠤᠰ ᠤᠳᠠᠭ᠎ᠠ᠎ᠶ᠋ᠢᠨ ᠭᠣᠣᠯ ᠵᠠᠭᠤᠴᠢᠯᠠᠭᠤᠷ᠎ᠤ᠋ᠨ ᠠᠶᠠᠯᠠᠯ᠎ᠤᠨ ᠠᠵᠢᠯᠯᠠᠭ᠎ᠠ ᠨᠢ ᠪᠠᠶᠠᠨᠨᠠᠭᠤᠷ᠎ᠤᠨ 《ᠤᠮᠠᠷᠠᠲᠤ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦ᠋ᠨ ᠪᠣᠭᠣᠮᠲᠠ ᠰᠢᠪᠲᠤᠯᠬᠤ ᠳᠠᠢᠯᠠᠯᠳᠤᠭᠠᠨᠢ᠋ ᠰᠠᠢᠲᠤᠷ ᠬᠢᠬᠦ ᠶᠠᠪᠤᠴᠠᠳ᠋ᠠᠬᠢ ᠠᠮᠢᠳᠤᠯᠢᠭ ᠦᠢᠯᠡᠳᠦᠯᠭᠡ ᠪᠠ ᠨᠡᠢᠲᠡᠯᠢᠭ ᠲᠤᠷᠰᠢᠯᠭ᠎ᠠ᠎ᠶ᠋ᠢ ᠭᠦᠢᠴᠡᠳ ᠳᠡᠯᠭᠡᠨ ᠦᠵᠡᠭᠦᠯᠬᠦ᠎ᠪᠡᠷ ᠵᠤᠷᠢᠯᠭ᠎ᠠ ᠪᠠᠨ ᠪᠤᠯᠭᠠᠵᠠᠢ᠃
《ᠲᠤᠰ ᠤᠳᠠᠭ᠎ᠠ᠎ᠶ᠋ᠢᠨ ᠬᠠᠮᠲᠤᠷᠠᠭᠰᠠᠨ ᠰᠤᠷᠪᠤᠯᠵᠢᠯᠠᠭᠠᠳ᠋ᠤ᠌ ᠣᠷᠣᠯᠴᠠᠭᠰᠠᠨᠳ᠋ᠠᠭᠠᠨ ᠮᠠᠰᠢ ᠪᠠᠶᠠᠷᠯᠠᠵᠤ ᠪᠠᠢᠨ᠎ᠠ᠂ ᠪᠢᠳᠡ ᠭᠢᠷᠠᠬᠠᠢ ᠬᠠᠷᠠᠴᠠ᠂ ᠬᠤᠷᠴᠠ ᠦᠵᠦᠭᠢ᠋ᠶ᠋ᠡᠷᠢᠶᠡᠨ ᠪᠠᠶᠠᠨᠨᠠᠭᠤᠷ᠎ᠤ᠋ᠨ ᠺᠠᠳ᠋ᠷ ᠣᠯᠠᠨ ᠲᠦᠮᠡᠨ᠎ᠦ᠌ ᠤᠷᠲᠤ ᠬᠤᠭᠤᠴᠠᠭ᠎ᠠ᠎ᠪᠠᠷ ᠲᠡᠰᠪᠦᠷᠢ ᠬᠠᠳᠠᠭᠤᠵᠢᠯᠲᠠᠢ ᠠᠵᠢᠯᠯᠠᠭᠰᠠᠨ ᠲᠡᠮᠡᠴᠡᠯᠦ᠋ᠨ ᠦᠯᠢᠭᠡᠷ᠎ᠢ᠋ ᠲᠡᠮᠳᠡᠭᠯᠡᠵᠦ᠂ ᠬᠠᠲᠤᠨ ᠭᠣᠣᠯ᠎ᠤ᠋ᠨ 〈ᠶᠡᠬᠡ ᠲᠤᠬᠤᠢ ᠤᠷᠤᠨ〉᠎ᠤ ᠪᠤᠭᠤᠮᠳᠠ ᠰᠢᠪᠲᠤᠯᠬᠤ ᠳᠠᠢᠯᠠᠯᠳᠤᠭᠠᠨᠤ᠋ ᠪᠠᠶᠠᠨᠨᠠᠭᠤᠷ ᠬᠣᠲᠠ᠎ᠶ᠋ᠢᠨ ᠰᠢᠯᠭᠠᠯᠲᠠ᠎ᠶᠢᠨ ᠬᠠᠷᠢᠭᠤᠯᠳᠠ᠎ᠶ᠋ᠢ ᠪᠦᠬᠦ ᠤᠯᠤᠰ᠎ᠲᠤ᠌ ᠳᠡᠯᠭᠡᠨ ᠦᠵᠡᠭᠦᠯᠤᠨ᠎ᠠ》 ᠭᠡᠵᠦ ᠥᠪᠥᠷ ᠮᠣᠩᠭᠣᠯ᠎ᠤ᠋ᠨ ᠲᠧᠯᠸᠢᠰ ᠬᠣᠷᠢᠶ᠎ᠠ᠎ᠶ᠋ᠢᠨ ᠰᠤᠷᠪᠤᠯᠵᠢᠯᠠᠭᠴᠢ ᠴᠡᠩᠭᠡᠯᠪᠡᠶᠠᠷ ᠶᠠᠷᠢᠪᠠ᠃