ᠣᠷᠳᠣᠰ ᠲᠤᠷᠱᠢᠯᠲᠠ ᠎ᠶ᠋ᠢᠨ ᠲᠠᠰᠤᠭ ᠎ᠤᠨ ᠲᠡᠷᠢᠭᠦᠨ ᠱᠢᠨᠵᠢᠯᠡᠬᠦ᠌ ᠤᠬᠠᠭᠠᠨᠲᠠᠨ ᠪᠠᠶ ᠳ᠋ᠢᠩ ᠷᠦᠩ ᠺᠠᠨᠠᠳᠠ᠎ᠶ᠋ᠢᠨ ᠢᠨᠵᠧᠨᠧᠷᠢᠩ ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭ᠍ᠳᠠᠪᠠ
2026-06-30 10:46:14
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠺᠠᠨᠠᠳᠠ᠎ᠶ᠋ᠢᠨ ᠢᠨᠵᠧᠨᠧᠷᠢᠩ ᠎ᠦᠨ ᠬᠦᠷᠢᠶᠡᠯᠡᠩ ᠣᠢᠷ᠎ᠠ᠎ᠳᠤ 2026 ᠣᠨ᠎ᠤ ᠠᠺᠠᠳᠧᠮᠢᠴᠢ᠎ᠶ᠋ᠢ ᠨᠡᠮᠡᠵᠦ᠍ ᠰᠣᠩᠭᠣᠭ᠍ᠰᠠᠨ ᠦᠷ᠎ᠡ ᠳ᠋ᠦᠩ᠎ᠢ ᠨᠡᠢᠲᠡᠯᠡᠪᠡ᠂ ᠲᠣᠰ ᠤᠳᠠᠭ᠎ᠠ ᠨᠡᠢᠲᠡ 50 ᠱᠢᠨ᠎ᠡ ᠠᠺᠠᠳᠧᠮᠢᠴᠢ ᠪᠠ 6 ᠭᠠᠳᠠᠭᠠᠳᠤ᠎ᠶ᠋ᠢᠨ ᠠᠺᠠᠳᠧᠮᠢᠴᠢ᠎ᠶ᠋ᠢ ᠨᠡᠮᠡᠵᠦ᠍ ᠰᠣᠩᠭᠣᠪᠠ᠃ ᠤᠷᠳᠤᠰ ᠲᠤᠷᠱᠢᠯᠲᠠ᠎ᠶ᠋ᠢᠨ ᠲᠠᠰᠤᠭ᠎ᠤᠨ ᠲᠡᠷᠢᠭᠦᠨ ᠱᠢᠨᠵᠢᠯᠡᠬᠦ᠌ ᠤᠬᠠᠭᠠᠨᠲᠠᠨ ᠪᠠᠢ ᠳ᠋ᠢᠩ ᠷᠦᠩ ᠫᠷᠤᠹᠸᠰᠰᠤᠷ (ᠺᠠᠨᠠᠳᠠ ᠎ᠶ᠋ᠢᠨ ᠬᠠᠷᠢᠶ᠎ᠠ) ᠴᠡᠪᠡᠷ ᠡᠨᠧᠷᠭᠢ᠎ᠶ᠋ᠢᠨ ᠬᠦᠷᠢᠶᠡᠨ᠎ᠳᠡᠬᠢ ᠭᠠᠷᠮᠠᠭᠠᠢ ᠠᠮᠵᠢᠯᠲᠠ ᠪᠡᠷ᠎ᠢᠶᠡᠨ ᠺᠠᠨᠠᠳᠠ᠎ᠶ᠋ᠢᠨ ᠢᠨᠵᠧᠨᠧᠷᠢᠩ ᠎ᠦᠨ ᠬᠦᠷᠢᠶᠡᠯᠡᠩ ᠎ᠦᠨ ᠠᠺᠠᠳᠧᠮᠢᠴᠢ᠎ᠪᠡᠷ ᠰᠣᠩᠭᠣᠭ᠍ᠳᠠᠪᠠ᠃

ᠣᠢᠯᠠᠭᠠᠭ᠍ᠰᠠᠨ᠎ᠢᠶᠠᠷ᠂ ᠺᠠᠨᠠᠳᠠ᠎ᠶ᠋ᠢᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠪᠣᠯ ᠺᠠᠨᠠᠳᠠ᠎ᠶ᠋ᠢᠨ ᠬᠣᠯᠪᠣᠭᠠᠨ᠎ᠤ ᠵᠠᠰᠠᠭ᠎ᠤᠨ ᠣᠷᠳᠣᠨ᠎ᠠᠴᠠ ᠢᠨᠵᠧᠨᠧᠷᠢᠩ᠎ᠦᠨ ᠬᠦᠷᠢᠶᠡᠨ᠎ᠳᠡᠬᠢ ᠤᠯᠤᠰ᠎ᠤᠨ ᠬᠢᠷᠢ ᠲᠦᠪᠱᠢᠨ᠎ᠢ ᠲᠥᠯᠥᠭᠡᠯᠡᠭ᠌ᠰᠡᠨ ᠲᠤᠰᠭᠠᠶ ᠮᠡᠷᠭᠡᠵᠢᠯᠲᠡᠨ᠂ ᠫᠷᠤᠹᠧᠰᠰᠤᠷ᠎ᠲᠤ ᠣᠯᠭᠣᠳᠠᠭ ᠢᠷᠠᠭᠤ ᠠᠯᠳᠠᠷ᠎ᠤᠨ ᠴᠣᠯᠠ ᠮᠥᠨ᠂ ᠺᠠᠨᠠᠳᠠ ᠎ᠶ᠋ᠢᠨ ᠢᠨᠵᠧᠨᠧᠷᠢᠩ᠎ᠦᠨ ᠬᠦᠷᠢᠶᠡᠨ᠎ᠳᠡᠬᠢ ᠮᠠᠰᠢ ᠦᠨ᠎ᠡ ᠴᠠᠨ᠎ᠠ᠎ᠲᠠᠶ ᠣᠷᠣᠢᠯᠠᠭ᠍ᠰᠠᠨ ᠡᠷᠳᠡᠮ ᠱᠢᠨᠵᠢᠯᠡᠭᠡᠨ᠎ᠦ ᠢᠷᠠᠭᠤ ᠠᠯᠳᠠᠷ ᠮᠥᠨ᠃ 2024 ᠣᠨ ᠎ᠤ 1 ᠰᠠᠷ᠎ᠠ᠎ᠳᠤ᠂ ᠪᠠᠢ ᠳ᠋ᠢᠩ ᠷᠦᠩ ᠫᠷᠤᠹᠸᠰᠰᠤᠷ ᠤᠷᠳᠤᠰ ᠲᠤᠷᠱᠢᠯᠲᠠ᠎ᠶ᠋ᠢᠨ ᠲᠠᠰᠤᠭ᠎ᠲᠤ ᠣᠷᠣᠯᠴᠠᠵᠤ᠂ ᠲᠤᠷᠱᠢᠯᠲᠠ᠎ᠶ᠋ᠢᠨ ᠲᠠᠰᠤᠭ ᠪᠠᠢᠭᠤᠯᠤᠭ᠍ᠳᠠᠭ᠍ᠰᠠᠨ᠎ᠤ ᠲᠠᠷᠠᠭ᠎ᠠ ᠣᠷᠣᠭᠤᠯᠤᠨ ᠠᠪᠴᠢᠷᠠᠭ᠍ᠰᠠᠨ ᠠᠩᠬᠠᠳᠠᠭ᠍ᠴᠢ ᠪᠦᠯᠦᠭ᠎ᠤᠨ ᠳᠡᠭᠡᠳᠦ ᠲᠡᠰ᠎ᠤᠨ ᠴᠢᠳᠠᠪᠤᠷᠢᠲᠠᠨ ᠎ᠤ ᠨᠢᠭᠡ ᠪᠣᠯᠵᠠᠢ᠃ ᠪᠠᠢ ᠳ᠋ᠢᠩ ᠷᠦᠩ ᠫᠷᠤᠹᠸᠰᠰᠤᠷ ᠬᠡᠲᠦ ᠥᠨᠳᠥᠷ ᠳᠤᠯᠠᠭᠠᠨ᠎ᠳᠤ ᠢᠯᠴᠢ ᠳᠠᠮᠵᠢᠭᠤᠯᠬᠤ ᠵᠠᠩᠭᠢᠯᠠᠭ᠎ᠠ᠎ᠶ᠋ᠢᠨ ᠮᠠᠲ᠋ᠧᠷᠢᠶᠠᠯ᠂ ᠪᠢᠲᠡᠭᠦᠮᠵᠢᠯᠡᠨ ᠳᠤᠯᠠᠭᠠᠨ᠎ᠢ ᠬᠠᠳᠠᠭᠠᠯᠠᠬᠤ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠦ ᠲᠤᠷᠱᠢᠯᠭ᠎ᠠ ᠬᠤᠷᠠᠮᠳᠤᠭᠤᠯᠵᠤ᠂ 15 ᠵᠦᠶ᠋ᠯ᠎ᠦᠨ ᠤᠯᠤᠰ ᠎ᠤᠨ ᠡᠭᠦᠳᠦᠯᠲᠡ᠎ᠶ᠋ᠢᠨ ᠲᠤᠰᠭᠠᠶ ᠠᠱᠢᠭ ᠎ᠢ ᠭᠥᠷᠳᠡᠪᠡ᠃

                                                  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号