ᠥᠪᠥᠷ ᠮᠣᠩᠭᠣᠯ ᠠᠭᠤᠷᠬᠠᠶ᠎ᠶ᠋ᠢᠨ ᠠᠮᠤᠷ ᠲᠦᠪᠱᠢᠨ ᠤ᠋ ᠵᠠᠰᠠᠯᠳᠡ ᠢ᠋ᠢᠨ ᠴᠢᠳᠠᠪᠤᠷᠢ ᠢ᠋ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠵᠦ᠍ ᠪᠣᠶ
2026-06-04 09:39:39
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠌᠂ ᠱᠢᠶ᠋ᠳᠪᠦᠷᠢᠯᠡᠬᠦ᠌ ᠪᠥᠬᠥ᠌ ᠶᠠᠪᠤᠴᠡ ᠢ᠋ᠢᠨ ᠠᠵᠢᠯ᠎ᠢ ᠪᠥᠬᠥ᠌ ᠲᠠᠯ᠎ᠠ᠎ᠪᠠᠷ ᠵᠢᠷᠤᠮᠵᠢᠭᠤᠯᠬᠤ᠎ᠶ᠋ᠢᠨ ᠲᠦᠯᠦᠬᠡ᠂ ᠲᠦᠷᠦᠬᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠤᠯᠤᠰ᠎ᠤᠨ ᠠᠭᠤᠷᠬᠠᠶ᠎ᠶ᠋ᠢᠨ ᠠᠮᠤᠷ ᠲᠦᠪᠱᠢᠨ᠎ᠦ ᠬᠢᠨᠠᠨ ᠪᠠᠢᠴᠠᠭᠠᠬᠤ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠲᠣᠪᠴᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠵᠦ᠍ ᠱᠢᠶ᠋ᠳᠪᠦᠷᠢᠯᠡᠬᠦ᠌ ᠠᠵᠢᠯ᠎ᠤᠨ ᠬᠡᠷᠡᠭ᠌ᠵᠢᠭᠦᠯᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌)》 (ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ) ᠎ᠶ᠋ᠢ ᠳᠠᠷᠤᠮᠠᠯᠯᠠᠨ ᠲᠠᠷᠬᠠᠭᠠᠵᠤ᠂ ᠪᠥᠬᠥ᠌ ᠬᠡᠯᠬᠢᠶ᠎ᠡ᠎ᠪᠡᠷ ᠪᠢᠲᠡᠭᠦᠮᠵᠢᠯᠡᠭ᠌ᠰᠡᠨ ᠰᠡᠷᠭᠡᠢᠯᠡᠨ ᠡᠵᠡᠮᠳᠡᠬᠦ᠌ ᠱᠢᠰᠲ᠋ᠧᠮ᠎ᠢ᠋ ᠪᠠᠢᠭᠤᠯᠬᠤ᠎ᠪᠠᠷ ᠳᠠᠮᠵᠢᠭᠤᠯᠤᠨ᠂ ᠪᠥᠬᠥ᠌ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠬᠦᠯᠬᠦ ᠢ᠋ᠢ ᠴᠢᠨᠭᠭᠠᠳᠬᠠᠪᠠ᠃

《ᠠᠷᠭ᠎ᠠ》 ᠳ᠋ᠤ᠌ ᠥᠪᠥᠷ ᠮᠣᠩᠭᠣᠯ᠎ᠤᠨ ᠨᠡᠭᠦᠷᠡᠰᠦᠨ ᠠᠭᠤᠷᠬᠠᠶ᠂ ᠨᠡᠭᠦᠷᠡᠰᠦᠨ᠎ᠦ ᠪᠤᠰᠤ ᠠᠭᠤᠷᠬᠠᠶ᠎ᠶ᠋ᠢᠨ ᠠᠶᠤᠯᠬᠦᠢ ᠦᠶ᠋ᠯᠡᠳᠪᠦᠷᠢᠯᠡᠯ᠎ᠦᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠠᠭᠤᠷᠬᠠᠶ᠎ᠶ᠋ᠢᠨ ᠠᠵᠤ ᠠᠬᠤᠢᠯᠠᠯ᠎ᠢᠶᠠᠷ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠪᠣᠯᠭᠠᠬᠤ᠎ᠶ᠋ᠢ ᠲᠣᠳᠣᠷᠬᠠᠢᠯᠠᠵᠤ᠂《ᠵᠢᠵᠢᠭᠦᠷᠯᠡᠨ ᠪᠠᠢᠴᠠᠭᠠᠨ ᠦᠵᠡᠬᠦ᠌ — ᠤᠷᠢᠳᠴᠢᠯᠠᠨ ᠰᠡᠷᠡᠮᠵᠢᠯᠡᠭᠦᠯᠵᠦ᠍ ᠭᠥᠯᠢᠶᠡᠨ ᠠᠪᠬᠤ — ᠴᠤᠤᠷᠢᠶᠠᠲᠤᠨ ᠱᠢᠶ᠋ᠳᠪᠦᠷᠢᠯᠡᠬᠦ᠌ — ᠵᠠᠳᠠᠯᠤᠨ ᠰᠤᠳᠤᠯᠵᠤ ᠮᠠᠭᠠᠳᠯᠠᠬᠤ — ᠬᠠᠷᠭᠤᠭᠤᠯᠤᠨ ᠪᠠᠢᠴᠠᠭᠠᠵᠤ ᠬᠠᠷᠢᠭᠤ ᠲᠤᠰᠭᠠᠬᠤ》 ᠪᠢᠳᠡᠬᠦᠮᠵᠢᠯᠡᠭᠰᠡᠨ ᠲᠠᠷᠠᠭᠠᠯᠠᠯ ᠢ᠋ ᠪᠠᠢᠭᠤᠯᠵᠤ᠂ ᠪᠠᠷᠢᠮᠵᠢᠶ᠎ᠠ ᠶᠣᠰᠣᠭᠠᠷ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠠᠵᠢᠯ᠎ᠤᠨ ᠲᠦᠷᠢᠮ᠎ᠢ ᠪᠦᠷᠢᠨᠱᠢᠭᠦᠯᠵᠦ᠍᠂ 24 ᠴᠠᠭ ᠢ᠋ᠢᠡᠷ ᠵᠢᠵᠢᠭᠦᠷᠯᠡᠬᠦ᠌ ᠠᠵᠢᠯᠲᠠᠨ᠎ᠢ ᠭᠦᠶ᠋ᠴᠡᠳ ᠳᠣᠭᠢᠷᠠᠭᠤᠯᠤᠨ᠂ ᠱᠢᠰᠲ᠋ᠧᠮ᠎ᠢ ᠴᠠᠭ ᠲᠤᠬᠠᠢ ᠳ᠋ᠤᠨᠢ ᠠᠵᠢᠯᠯᠠᠭᠤᠯᠬᠤ᠂ ᠲᠦᠭ᠌ᠰᠢᠭᠦᠷᠢ ᠮᠡᠳᠡᠭᠦᠯᠬᠦ᠌ ᠴᠢᠳᠠᠮᠵᠢ ᠬᠡᠪ᠎ᠦᠨ ᠪᠠᠢᠬᠤ᠎ᠶ᠋ᠢ ᠦᠨᠡᠨ ᠬᠦ᠌ ᠪᠠᠲᠤᠯᠠᠨ᠎ᠠ᠃ 《ᠠᠷᠭ᠎ᠠ》 ᠳ᠋ᠤ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠤᠯᠠᠭᠠᠨ᠂ ᠤᠯᠠᠪᠤᠷ᠂ ᠱᠢᠷ᠎ᠠ᠂ ᠬᠥᠬᠡ ᠳᠥᠷᠪᠡᠨ ᠳᠡᠰ ᠬᠤᠪᠢᠶᠠᠬᠤ᠎ᠶ᠋ᠢᠨ ᠬᠠᠮᠲᠤ᠂ ᠴᠤᠤᠷᠢᠶᠠᠳᠤᠨ ᠳᠠᠭᠠᠬᠤ ᠴᠠᠭ᠎ᠤᠨ ᠬᠢᠵᠠᠭᠠᠷ᠎ᠢ ᠴᠢᠩᠭ᠎ᠠ ᠵᠢᠷᠤᠮᠵᠢᠭᠤᠯᠵᠤ᠂ ᠠᠵᠤ ᠠᠬᠤᠢᠯᠠᠯ᠎ᠢ ᠰᠡᠷᠡᠮᠵᠢᠯᠡᠭᠦᠯᠦᠭ᠌ᠰᠡᠨ᠎ᠦ ᠳᠠᠷᠠᠭ᠎ᠠ 1 ᠴᠠᠭ᠎ᠤᠨ ᠳᠣᠲᠣᠷ᠎ᠠ ᠠᠩᠬ᠎ᠠ ᠠᠯᠬᠤᠮ᠎ᠤᠨ ᠱᠢᠯᠲᠠᠭᠠᠨ ᠵᠢᠴᠢ ᠠᠷᠭ᠎ᠠ ᠬᠡᠮᠵᠢᠶ᠎ᠡ᠎ᠶ᠋ᠢ ᠬᠠᠷᠢᠭᠤ ᠲᠤᠰᠭᠠᠬᠤ᠎ᠶ᠋ᠢ ᠱᠠᠭᠠᠷᠳᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ 10 ᠠᠵᠢᠯᠯᠠᠬᠤ ᠡᠳᠦᠷ᠎ᠦᠨ ᠳᠣᠲᠣᠷ᠎ᠠ ᠬᠠᠷᠭᠤᠭᠤᠯᠤᠨ ᠪᠠᠢᠴᠠᠭᠠᠬᠤ᠎ᠶ᠋ᠢᠨ ᠬᠠᠮᠲᠤ ᠳᠡᠭᠡᠭ᠌ᠰᠢ ᠳᠠᠮᠵᠢᠭᠤᠯᠬᠤ ᠱᠢᠰᠲ᠋ᠧᠮ᠎ᠢ ᠪᠡᠶᠡᠯᠡᠭᠦᠯᠵᠦ᠍᠂ ᠴᠠᠭ ᠲᠤᠬᠠᠶ᠎ᠳᠤᠨᠢ ᠰᠡᠷᠡᠮᠵᠢ᠎ᠶ᠋ᠢᠨ ᠳᠣᠬᠢᠶ᠎ᠠ᠎ᠶ᠋ᠢ ᠭᠥᠯᠢᠶᠡᠨ ᠠᠪᠤᠭ᠍ᠰᠠᠨ ᠥᠬᠡᠶ᠂ ᠦᠨᠡᠨ ᠪᠣᠳᠠᠲᠠᠶ ᠬᠠᠷᠢᠭᠤ ᠲᠤᠰᠭᠠᠭ᠍ᠰᠠᠨ ᠥᠬᠡᠶ ᠵᠡᠷᠭᠡ ᠪᠠᠢᠳᠠᠯ᠎ᠢ ᠱᠠᠯᠠᠪᠳᠠᠨ ᠰᠢᠢᠳᠪᠤᠷᠢᠯᠡᠨ᠎ᠡ ᠬᠡᠵᠤ ᠲᠤᠭᠳᠠᠭᠠᠪᠠ᠃

ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ 《ᠠᠷᠭ᠎ᠠ》 ᠶ᠋ᠢ ᠨᠡᠢᠲᠡᠯᠡᠭ᠌ᠰᠡᠨ ᠨᠢ ᠥᠪᠥᠷ ᠮᠣᠩᠭᠣᠯ᠎ᠤᠨ ᠠᠭᠤᠷᠬᠠᠶ᠎ᠶ᠋ᠢᠨ ᠠᠮᠤᠷ ᠲᠦᠪᠱᠢᠨ᠎ᠢ᠋ ᠦᠨᠳᠦᠰᠦ᠎ᠡᠴᠡ᠎ᠨᠢ ᠵᠠᠰᠠᠬᠤ ᠱᠢᠪᠲᠤᠯᠤᠯᠲᠠ᠎ᠶ᠋ᠢ ᠭᠦᠨᠵᠡᠭᠡᠢᠷᠡᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠠᠮᠤᠷ ᠲᠦᠪᠰᠢᠨ ᠢ᠋ ᠪᠠᠳᠤᠯᠠᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ᠃ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠬᠢᠭᠡᠳ ᠰᠠᠯᠠᠭ᠎ᠠ ᠮᠥᠴᠢᠷ᠎ᠦᠨ ᠬᠢᠨᠠᠨ ᠬᠠᠮᠢᠶᠠᠷᠴᠤ᠌ ᠬᠢᠨᠠᠨ ᠪᠠᠢᠴᠠᠭᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠎ᠪᠠᠷ ᠳᠠᠮᠵᠢᠭᠤᠯᠤᠨ᠂ ᠤᠷᠢᠳᠴᠢᠯᠠᠨ ᠰᠡᠷᠡᠮᠵᠢᠯᠡᠭᠦᠯᠵᠤ ᠱᠢᠶ᠋ᠳᠪᠦᠷᠢᠯᠡᠬᠦ᠌ ᠪᠢᠳᠡᠬᠦᠮᠵᠢᠯᠡᠭᠰᠡᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠭᠠᠰ᠂ ᠤᠰᠤᠨ᠎ᠤ ᠬᠥᠨᠥᠭᠡᠯ᠂ ᠬᠠᠵᠠᠭᠤ ᠬᠥᠲᠥᠯ ᠵᠡᠷᠭᠡ ᠬᠦᠨᠳᠦ ᠶᠡᠬᠡ ᠲᠦᠭ᠌ᠰᠢᠭᠦᠷᠢ᠎ᠶ᠋ᠢ ᠣᠨᠣᠪᠴᠢᠲᠠᠶ᠎ᠪᠠᠷ ᠢᠯᠭᠠᠨ ᠲᠠᠨᠢᠬᠤ᠂ ᠲᠦᠷᠭᠡᠨ ᠴᠤᠤᠷᠢᠶᠠᠲᠤᠬᠤ᠂ ᠥᠨᠳᠥᠷ ᠪᠦᠲᠦᠮᠵᠢᠲᠡᠶ ᠱᠢᠶ᠋ᠳᠪᠦᠷᠢᠯᠡᠬᠦ᠌ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠠᠭᠤᠷᠬᠠᠶ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠲᠠᠰ ᠳᠡᠪᠱᠢᠬᠦ᠌᠎ᠳᠦ ᠬᠦᠴᠦᠨ ᠨᠡᠮᠡᠷᠢᠯᠡᠨ᠎ᠡ ᠬᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号