ᠸᠠᠩ ᠳ᠋ᠦᠩ ᠮᠢᠩ ᠥᠪᠥᠷ ᠮᠣᠩᠭᠣᠯ᠎ᠳᠤ ᠪᠠᠢᠴᠠᠭᠠᠨ ᠰᠤᠳᠤᠯᠪᠠ
2026-06-04 09:14:54
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ   ᠪᠤᠤ ᠭᠠᠩ ᠪᠠᠷᠠᠳᠠᠨ ᠠᠭᠤᠯᠵᠠᠵᠠᠢ


6 ᠰᠠᠷ᠎ᠠ᠎ᠶ᠋ᠢᠨ 2 ᠡᠴᠡ 3 ᠤ᠋ ᠡᠳᠦᠷ ᠪᠣᠯᠲᠠᠯ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠲᠡᠷᠢᠭᠦᠯᠡᠭ᠌ᠴᠢ ᠸᠠᠩ ᠳ᠋ᠦᠩ ᠮᠢᠩ ᠪᠦᠯᠬᠦᠮ ᠳᠠᠭᠠᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠢᠷᠡᠵᠤ ᠠᠵᠢᠯᠴᠢᠨ᠎ᠤ ᠡᠪᠯᠡᠯ᠎ᠦᠨ ᠠᠵᠢᠯ᠎ᠢ ᠪᠠᠢᠴᠠᠭᠠᠨ ᠰᠤᠳᠤᠯᠤᠭ᠍ᠰᠠᠨ ᠪᠥᠭᠡᠳ ᠬᠡᠰᠡᠭ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠠᠵᠢᠯᠴᠢᠨ᠎ᠤ ᠡᠪᠯᠡᠯ᠎ᠦᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠡᠯ᠎ᠡ ᠭᠠᠵᠠᠷ ᠤ᠋ᠨ ᠠᠵᠢᠯᠴᠢᠨ᠎ᠤ ᠡᠪᠯᠡᠯ᠎ᠦᠨ ᠬᠢᠨ᠎ᠤ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠵᠢᠴᠢ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠳᠠᠨ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠠᠵᠢᠯᠴᠢᠨ᠎ᠤ ᠡᠪᠯᠡᠯ᠎ᠦᠨ ᠭᠣᠣᠯᠳᠠᠯᠭ᠎ᠠ᠎ᠲᠠᠶ ᠠᠵᠢᠯ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠣᠢᠯᠠᠭᠠᠪᠠ᠃ ᠸᠠᠩ ᠳ᠋ᠦᠩ ᠮᠢᠩ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠯᠤᠭᠡ ᠤᠶᠠᠯᠳᠤᠭᠤᠯᠵᠤ᠂ ᠯᠠᠪᠳᠠᠭᠤᠨ ᠪᠠᠲᠤᠲᠠᠢ᠎ᠪᠠᠷ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠬᠦᠴᠦᠨ᠎ᠢᠶᠡᠨ ᠲᠥᠪᠯᠡᠷᠡᠭᠦᠯᠦᠨ ᠠᠵᠢᠯᠴᠢᠨ᠎ᠤ ᠡᠪᠯᠡᠯ᠎ᠦᠨ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠵᠤ ᠠᠨᠭᠬᠠᠨ ᠤ᠋ ᠠᠯᠬᠤᠭ᠎ᠠ ᠵᠢ ᠰᠠᠢᠳᠤᠷ ᠠᠯᠬᠤᠬᠤ᠎ᠳᠦ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ 6 ᠰᠠᠷ᠎ᠠ᠎ᠶ᠋ᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠸᠠᠩ ᠳ᠋ᠦᠩ ᠮᠢᠩ᠎ᠲᠡᠶ ᠪᠠᠷᠠᠳᠠᠨ ᠠᠭᠤᠯᠵᠠᠪᠠ᠃

ᠸᠠᠩ ᠳ᠋ᠦᠩ ᠮᠢᠩ᠎ᠨᠡᠷ ᠬᠥᠬᠡᠬᠣᠲᠠ᠎ᠶ᠋ᠢᠨ ᠬᠡᠰᠡᠭ ᠠᠵᠤ ᠠᠬᠤᠢᠯᠠᠯ ᠪᠣᠯᠤᠨ ᠬᠥᠳᠡᠯᠮᠦᠷᠢ᠎ᠶ᠋ᠢᠨ ᠮᠠᠷᠭᠤᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌ ᠦᠢᠯᠡᠴᠢᠯᠡᠭᠡᠨ᠎ᠦ ᠲᠥᠪ᠎ᠲᠦ ᠬᠦᠷᠴᠦ᠍᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠂ ᠠᠵᠢᠯᠳᠠᠨ ᠠᠵᠢᠯᠴᠢᠨ᠎ᠤ ᠦᠢᠯᠡᠳᠪᠦᠷᠢᠯᠡᠯ ᠠᠮᠢᠳᠤᠷᠠᠯ ᠪᠣᠯᠤᠨ ᠠᠵᠢᠯᠴᠢᠨ᠎ᠤ ᠡᠪᠯᠡᠯ᠎ᠦᠨ ᠭᠣᠣᠯᠳᠠᠯᠭ᠎ᠠ᠎ᠲᠠᠶ ᠠᠵᠢᠯ᠎ᠢ ᠠᠬᠢᠭᠤᠯᠵᠤ ᠪᠠᠢᠭ᠎ᠠ ᠪᠠᠢᠳᠠᠯ ᠵᠡᠷᠭᠡ᠎ᠶ᠋ᠢ ᠣᠢᠯᠠᠭᠠᠵᠤ᠂ ᠠᠵᠤ ᠠᠬᠤᠢᠯᠠᠯ᠎ᠤᠨ ᠬᠠᠷᠢᠭᠤᠴᠠᠯᠭᠠᠲᠠᠨ᠂ ᠡᠮᠦᠨ᠎ᠠ ᠹᠷᠣᠨᠲ᠎ᠤᠨ ᠠᠵᠢᠯᠳᠠᠨ ᠠᠵᠢᠯᠴᠢᠨ ᠪᠣᠯᠤᠨ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠺᠠᠳ᠋ᠷ᠎ᠲᠠᠶ ᠨᠢᠭᠤᠷᠳᠠᠨ ᠶᠡᠷᠢᠯᠴᠠᠵᠤ᠂ ᠤᠯᠠᠨ᠎ᠤ ᠰᠠᠨᠠᠯ ᠰᠠᠨᠠᠭᠤᠯᠭ᠎ᠠ᠎ᠶ᠋ᠢ ᠰᠣᠨᠣᠰᠪᠠ᠃ ᠸᠠᠩ ᠳ᠋ᠦᠩ ᠮᠢᠩ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠨᠤᠲᠠᠯᠠᠵᠤ᠂ ᠠᠵᠢᠯ᠎ᠢᠶᠠᠨ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠢ ᠱᠠᠭᠠᠷᠳᠠᠯᠭ᠎ᠠ ᠳᠤᠷᠠᠳᠪᠠ᠃

ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠣᠯ᠂ ᠭᠤᠸᠠᠩᠰᠢ᠂ ᠴᠦᠩᠴᠢᠩ᠂ ᠰᠸᠴᠤᠸᠠᠨ᠂ ᠭᠦᠶ᠋ᠵᠧᠸ᠋᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠨᠢᠩᠱᠢᠶᠠ᠂ ᠱᠢᠨᠵᠢᠶᠠᠩ ᠵᠡᠷᠭᠡ 12 ᠮᠤᠵᠢ (ᠦᠪᠡᠷᠳᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠶ᠋ᠢᠨ ᠠᠵᠢᠯᠴᠢᠨ᠎ᠤ ᠶᠡᠷᠦᠩᠬᠡᠶ ᠡᠪᠯᠡᠯ ᠪᠣᠯᠤᠨ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠬᠠᠷᠢᠭᠤᠴᠠᠯᠭᠠᠲᠠᠨ ᠨᠥᠬᠥᠳ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠬᠰᠡᠨ ᠪᠠ ᠠᠵᠢᠯᠴᠢᠨ᠎ᠤ ᠡᠪᠯᠡᠯ᠎ᠦᠨ ᠭᠤᠤᠯᠳᠠᠯᠭ᠎ᠠ᠎ᠲᠠᠶ ᠠᠵᠢᠯ᠎ᠢ ᠠᠬᠢᠭᠤᠯᠤᠭ᠍ᠰᠠᠨ ᠪᠠᠢᠳᠠᠯ᠎ᠢᠶᠠᠨ ᠬᠠᠷᠢᠭᠤ ᠮᠡᠳᠡᠭᠦᠯᠪᠡ᠃ ᠣᠯᠠᠨ᠎ᠤ ᠶᠡᠷᠢᠬᠤ ᠵᠢ ᠰᠣᠨᠣᠰᠤᠭ᠍ᠰᠠᠨ᠎ᠤ ᠳᠠᠷᠠᠭ᠎ᠠ ᠸᠠᠩ ᠳ᠋ᠦᠩ ᠮᠢᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠦᠨ ᠡᠷᠬᠡᠪᠰᠢ ᠤᠷᠳᠤ ᠬᠤᠭᠤᠴᠠᠭ᠎ᠠ᠎ᠪᠠᠷ ᠰᠠᠢᠲᠤᠷ ᠠᠳᠭᠤᠬᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢᠨ ᠲᠤᠬᠠᠢ ᠲᠠᠨᠢᠯᠲᠠ ᠣᠢᠯᠠᠭᠠᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠦᠨ ᠥᠷᠭᠡᠳᠭᠡᠵᠦ᠂ ᠪᠣᠳᠠᠲᠠᠢ᠎ᠲᠠᠶ ᠨᠢᠭ᠍ᠲᠠ ᠤᠶᠠᠯᠳᠤᠭᠤᠯᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠤᠯᠠᠮ ᠨᠢᠭᠡ ᠠᠯᠬᠤᠮ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠂ ᠠᠵᠢᠯᠴᠢᠨ᠎ᠤ ᠡᠪᠯᠡᠯ᠎ᠦᠨ ᠠᠵᠢᠯ᠎ᠤᠨ ᠵᠥᠪ ᠤᠯᠤᠰ ᠲᠥᠷᠥ᠎ᠶ᠋ᠢᠨ ᠴᠢᠭ᠌ᠯᠡᠯ᠎ᠢ ᠢᠮᠠᠭ᠍ᠲᠠ ᠪᠠᠲᠤ ᠡᠵᠡᠮᠳᠡᠨ᠂ ᠥᠷᠭᠡᠨ ᠣᠯᠠᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠳᠠᠭᠠᠭᠤᠯᠵᠤ ᠪᠠᠢᠭᠠᠳ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠵᠥ᠂ ᠣᠳᠣ ᠦᠶ᠎ᠡ᠎ᠶ᠋ᠢᠨ ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠦ ᠭᠤᠤᠯ ᠰᠡᠳᠦᠪ᠎ᠢ ᠪᠠᠲᠤ ᠡᠵᠡᠮᠳᠡᠵᠤ᠂ ᠡᠯ᠎ᠡ ᠵᠦᠢᠯ᠎ᠦᠨ ᠬᠡᠯᠪᠡᠷᠢ᠎ᠶ᠋ᠢᠨ ᠬᠥᠳᠡᠯᠮᠦᠷᠢ ᠪᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠠᠵᠤ ᠦᠢᠯᠡᠰ᠎ᠦᠨ ᠠᠵᠢᠯᠴᠢᠨ᠎ᠤ ᠡᠩᠨᠡᠭᠡ ᠵᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠡᠷᠬᠡ ᠠᠱᠢᠭ ᠢ᠋ ᠬᠠᠮᠠᠭᠠᠯᠠᠬᠤ ᠦᠶ᠋ᠯᠡᠴᠢᠯᠡᠭᠡᠨ᠎ᠦ ᠠᠵᠢᠯ᠎ᠢ ᠰᠡᠳᠭᠢᠯ ᠳᠠᠯᠪᠢᠨ ᠬᠠᠢᠷ᠎ᠠ ᠰᠡᠳᠭᠢᠯᠭᠡ ᠲᠠᠢ᠎ᠪᠡᠷ ᠬᠦᠴᠦ ᠤᠷᠤᠭᠤᠯᠤᠨ ᠰᠠᠢᠲᠤᠷ ᠬᠢᠵᠦ᠂ ᠠᠵᠢᠯᠴᠢᠨ᠎ᠤ ᠡᠪᠯᠡᠯ᠎ᠦᠨ ᠠᠵᠢᠯ᠎ᠤᠨ ᠬᠠᠤᠯᠢᠵᠢᠯᠳᠠ᠎ᠶ᠋ᠢ ᠶᠡᠬᠡ ᠪᠡᠷ ᠠᠬᠢᠭᠤᠯᠵᠤ᠂ ᠬᠥᠳᠡᠯᠮᠦᠷᠢ᠎ᠶ᠋ᠢᠨ ᠬᠦᠷᠢᠶᠡᠨ᠎ᠳᠡᠬᠢ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠤ᠂ ᠠᠵᠢᠯᠴᠢᠨ᠎ᠤ ᠡᠪᠯᠡᠯ᠎ᠦᠨ ᠥᠭᠡᠷᠡᠴᠢᠯᠡᠯᠲᠡ ᠪᠠ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠨᠠᠮ᠎ᠤᠨ ᠠᠵᠢᠯᠲᠠᠨ ᠠᠵᠢᠯᠴᠢᠨ ᠲᠦᠮᠡᠨ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠪᠡ᠃

ᠸᠠᠩ ᠳ᠋ᠦᠩ ᠮᠢᠩ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠣᠨᠣᠪᠴᠢᠲᠠᠶ ᠡᠵᠡᠮᠳᠡᠵᠦ᠍᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠷᠭᠦᠯᠵᠢᠯᠡᠨ ᠬᠦᠴᠦᠯᠡᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠬᠠᠮᠠᠭᠠᠯᠠᠬᠤ᠎ᠶ᠋ᠢ ᠬᠠᠮᠤᠭ᠎ᠤᠨ ᠦᠨᠳᠦᠰᠦᠨ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠴᠢᠭ᠌ᠯᠡᠯ᠂ ᠤᠯᠤᠰ ᠲᠥᠷᠥ᠎ᠶ᠋ᠢᠨ ᠵᠠᠷᠴᠢᠮ᠂ ᠤᠯᠤᠰ ᠲᠥᠷᠥ᠎ᠶ᠋ᠢᠨ ᠵᠠᠮ ᠳᠡᠭᠡᠷ᠎ᠡ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠭᠣᠣᠯ ᠠᠵᠢᠯ᠎ᠤᠨ᠎ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠡ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠭᠣᠣᠯ ᠡᠭᠦᠷᠭᠡ᠎ᠶ᠋ᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠡᠯ᠎ᠡ ᠭᠠᠵᠠᠷ᠎ᠲᠤ ᠵᠢᠭᠠᠪᠤᠷᠢᠯᠠᠬᠰᠠᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ ᠳᠤᠷᠠᠳᠤᠭ᠍ᠰᠠᠨ ᠲᠣᠳᠣᠷᠬᠠᠢ ᠱᠠᠭᠠᠷᠳᠠᠯᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠬᠤ ᠱᠢᠨ᠎ᠡ ᠪᠠᠢᠷᠢᠱᠢᠯ᠎ᠢ ᠪᠦᠷᠢᠯᠳᠦᠭᠦᠯᠬᠦ᠌ ᠲᠤᠬᠠᠢ ᠪᠠᠢᠯᠳᠤᠬᠤ ᠪᠤᠲᠤᠯᠭ᠎ᠠ᠎ᠶ᠋ᠢᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠷᠭᠡᠨ ᠤᠯᠠᠠ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠤᠨ ᠲᠠᠢ᠌ᠴᠢᠯᠠᠵᠦ᠍ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠ ᠭᠣᠣᠯ ᠬᠦᠴᠦᠨ᠎ᠦ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃ ᠠᠵᠢᠯᠳᠠᠨ ᠠᠵᠢᠯᠴᠢᠨ ᠲᠦᠮᠡᠨ᠎ᠳᠦ ᠦᠢᠯᠡᠴᠢᠯᠡᠬᠦ᠌᠎ᠪᠡᠷ ᠠᠮᠢ ᠨᠠᠰᠤᠨ᠎ᠤ ᠱᠤᠭᠤᠮ ᠪᠣᠯᠭᠠᠬᠤ᠎ᠶ᠋ᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠡᠷᠬᠡ ᠠᠱᠢᠭ᠎ᠢ ᠬᠠᠮᠠᠭᠠᠯᠠᠬᠤ ᠦᠢᠯᠡᠴᠢᠯᠡᠭᠡᠨ ᠤ᠋ ᠦᠨᠳᠦᠰᠦᠨ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠭᠡᠵᠦ᠍᠂ ᠶᠡᠬᠡ ᠶᠠᠪᠤᠳᠠᠯ ᠢ᠋ ᠪᠣᠳᠣᠯᠬᠢᠯᠠᠵᠤ᠂ ᠪᠠᠭ᠎ᠠ ᠶᠠᠪᠤᠳᠠᠯ᠎ᠡᠴᠡ ᠭᠠᠷᠳᠠᠨ ᠬᠢᠵᠤ᠂ ᠵᠢᠵᠢᠭ ᠵᠦᠢᠯ ᠡᠴᠡ ᠡᠬᠢᠯᠡᠨ ᠬᠢᠵᠦ᠍᠂ ᠡᠷᠬᠡ ᠠᠱᠢᠭ᠎ᠢ ᠬᠠᠮᠠᠭᠠᠯᠠᠬᠤ ᠯᠠᠪᠳᠠᠭᠤᠨ ᠪᠦᠲᠦᠮᠵᠢᠲᠡᠢ ᠦᠢᠯᠡᠴᠢᠯᠡᠭᠡ᠎ᠪᠡᠷ ᠬᠥᠮᠦᠰ᠎ᠦᠨ ᠰᠡᠳᠭᠢᠯ᠎ᠢ ᠬᠦᠳᠡᠯᠬᠡᠵᠤ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠵᠤ᠂ ᠬᠥᠮᠦᠰ᠎ᠦᠨ ᠰᠡᠳᠭᠢᠯ᠎ᠢ ᠬᠠᠯᠠᠮᠵᠢᠯᠠᠵᠤ᠂ ᠬᠥᠮᠦᠰ᠎ᠦᠨ ᠰᠡᠳᠭᠢᠯ᠎ᠢ ᠤᠯᠬᠤ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠭ᠎ᠠ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠱᠢᠯᠲᠠᠭᠠᠨ᠎ᠢ ᠨᠠᠷᠢᠨ ᠬᠢᠨᠠᠮᠠᠭᠠᠶ ᠵᠠᠳᠠᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠦᠨᠡᠨ ᠬᠦ᠌ ᠱᠢᠶ᠋ᠳᠪᠦᠷᠢᠯᠡᠵᠦ᠍᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠶ᠃ ᠱᠢᠰᠲ᠋ᠧᠮ᠎ᠤᠨ ᠦᠵᠡᠯᠳᠡ᠎ᠶ᠋ᠢ ᠪᠠᠷᠢᠮᠲᠠᠯᠠᠵᠤ᠂ ᠠᠵᠢᠯ᠎ᠤᠨ ᠪᠦᠬᠦᠯᠢ ᠴᠣᠭ᠍ᠴᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠭᠠᠵᠤ᠂ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠤᠤᠷ᠎ᠠ᠂ ᠨᠢᠭᠡᠳᠦᠯᠲᠡᠶ ᠲᠥᠯᠥᠪᠵᠢᠭᠦᠯᠦᠨ ᠰᠦᠪᠡᠭ᠌ᠴᠢᠯᠡᠬᠦ᠌ ᠪᠠ ᠵᠣᠬᠢᠴᠠᠭᠤᠯᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠡᠯ᠎ᠡ ᠲᠠᠯ᠎ᠠ᠎ᠶ᠋ᠢᠨ ᠳᠡᠮᠵᠢᠯᠭᠡ᠎ᠶ᠋ᠢ ᠢᠳᠡᠪᠬᠢᠲᠡᠶ ᠣᠯᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠪᠦᠬᠦᠯᠢ ᠴᠣᠭ᠍ᠴᠠ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠠᠵᠢᠯᠴᠢᠨ᠎ᠤ ᠡᠪᠯᠡᠯ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠠᠬᠢᠭᠤᠯᠬᠤ ᠬᠡᠷᠡᠭ᠌ᠲᠡᠶ᠃ ᠪᠣᠳᠠᠲᠠᠶ ᠠᠵᠢᠯᠯᠠᠬᠤ᠎ᠶ᠋ᠢ ᠡᠷᠬᠢᠮᠯᠡᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ 《ᠭᠤᠷᠪᠠᠨ ᠴᠢᠩᠭ᠎ᠠ ᠭᠤᠷᠪᠠᠨ ᠪᠣᠳᠠᠲᠠᠶ ᠪᠠᠢᠬᠤ》 ᠱᠠᠭᠠᠷᠳᠠᠯᠭ᠎ᠠ᠎ᠶ᠋ᠢ ᠦᠶ᠋ᠯᠡᠳᠦᠯᠭᠡᠵᠢᠭᠦᠯᠵᠦ᠍᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠵᠣᠷᠢᠭ᠍ᠲᠠᠶ᠎ᠪᠠᠷ ᠬᠢᠵᠦ᠍ ᠴᠢᠳᠠᠮᠠᠭᠠᠶ ᠠᠵᠢᠯᠯᠠᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠨ᠂ ᠨᠢᠬᠡ ᠬᠤᠭᠤᠴᠠᠭ᠎ᠠ ᠨᠢ ᠨᠢᠬᠡ ᠬᠤᠭᠤᠴᠠᠭ᠎ᠠ ᠪᠠᠨ ᠵᠠᠯᠭᠠᠨ ᠦᠷᠭᠦᠯᠵᠢᠯᠡᠨ ᠲᠡᠮᠡᠴᠡᠵᠤ᠂ ᠡᠯ᠎ᠡ ᠵᠦᠶ᠋ᠯ᠎ᠦᠨ ᠠᠵᠢᠯ᠎ᠤᠨ ᠱᠢᠨ᠎ᠡ ᠠᠬᠢᠴᠠ ᠲᠠᠢ ᠪᠤᠯᠵᠤ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠳᠡᠳ᠋ ᠲᠡᠷᠢᠭᠦᠯᠡᠭ᠌ᠴᠢ᠂ ᠱᠦᠵᠢ᠎ᠨᠡᠷ᠎ᠦᠨ ᠭᠠᠵᠠᠷ᠎ᠤᠨ ᠱᠦᠵᠢ ᠶᠠᠩ ᠢᠦᠢ ᠳ᠋ᠦᠩ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠬᠤᠢ ᠸᠸᠨ᠂ ᠵᠠᠩ ᠱᠤᠤ ᠴᠦᠨ᠂ ᠢᠦᠢ ᠯᠢ ᠱᠢᠨ ᠬᠣᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号