ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠄ ᠬᠤᠪᠢᠰᠬᠠᠯ᠎ᠤᠨ ᠤᠴᠢ ᠡᠨᠳᠡ ᠡᠴᠡ ᠪᠠᠳᠠᠷᠠᠪᠠ
2026-06-04 14:50:40
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠰᠦᠨ ᠱᠤᠤ ᠯᠦᠩ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ᠌ ᠦᠭᠡ

ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠦᠷ ᠳᠠᠯᠠᠢᠴᠠᠲᠠᠢ ᠠᠶᠠᠨ᠎ᠳᠤ᠂ ᠪᠢᠳᠡ ᠤᠳᠠᠯ ᠦᠭᠡᠢ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠬᠲᠠᠬᠰᠠᠨ 105 ᠵᠢᠯ᠎ᠦᠨ ᠤᠢ᠎ᠶ᠋ᠢ ᠤᠭ᠍ᠲᠤᠬᠤ ᠪᠣᠯᠤᠨ᠎ᠠ᠃

ᠱ᠌ᠢ ᠺᠦ᠋ ᠮᠸᠨ ᠡᠴᠡ ᠲᠢᠶᠠᠨ ᠠᠨ ᠮᠸᠨ ᠬᠦᠷᠲᠡᠯ᠎ᠡ᠂ ᠤᠯᠠᠭᠠᠨ ᠣᠩᠭᠣᠴᠠ᠎ᠡᠴᠡ ᠥᠨᠳᠥᠷ ᠰᠦᠷᠯᠢᠭ ᠲᠤᠮᠤ ᠬᠥᠯᠭᠡ ᠣᠩᠭᠣᠴᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠠᠭᠤᠤ ᠶᠡᠬᠡ ᠢᠯᠠᠯᠲᠠ᠎ᠶ᠋ᠢ ᠣᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠶ᠋ᠢ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭᠰᠠᠨ᠎ᠡᠴᠡ ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠨᠢ ᠬᠤᠷᠢᠭᠯᠠᠭᠳᠠᠰᠢ ᠦᠭᠡᠢ ᠲᠡᠦᠬᠡ᠎ᠶ᠋ᠢᠨ ᠤᠷᠤᠰᠬᠠᠯ  ᠪᠤᠯᠪᠠ᠃

105 ᠵᠢᠯ᠎ᠦᠨ ᠠᠭᠤᠤ ᠶᠡᠬᠡ ᠠᠶᠠᠨ ᠪᠣᠯ ᠨᠢᠭᠡ ᠭᠠᠵᠠᠷ ᠣᠷᠣᠨ᠎ᠤ ᠶᠠᠳᠠᠭᠤ ᠪᠠᠭᠤᠷᠠᠢ ᠪᠠᠢᠭ᠍ᠰᠠᠨ᠎ᠡᠴᠡ᠎ᠪᠠᠨ ᠴᠡᠴᠡᠭ᠌ᠯᠡᠨ ᠬᠥᠭ᠌ᠵᠢᠭ᠌ᠰᠡᠨ ᠯᠤᠲᠤ ᠶᠡᠬᠡ ᠬᠤᠪᠢᠷᠠᠯᠲᠠ ᠮᠥᠨ᠂ ᠨᠢᠭᠡ ᠦᠨᠳᠦᠰᠦᠲᠡᠨ᠎ᠦ ᠭᠤᠲᠤᠭᠠᠯ ᠲᠤᠷᠤᠮᠵᠢᠯᠠᠯ᠎ᠤᠨ ᠳᠤᠮᠳᠠ ᠡᠷᠡᠯᠬᠡᠭ᠌ᠯᠡᠨ ᠲᠡᠮᠡᠴᠡᠭ᠌ᠰᠡᠨ ᠰᠢᠷᠭᠠᠭᠤ ᠲᠡᠮᠡᠴᠡᠯ ᠪᠠ ᠰᠡᠷᠭᠦᠨ ᠮᠠᠨᠳᠤᠯᠲᠠ ᠮᠥᠨ᠂ ᠪᠠᠰᠠ ᠴᠤ᠌ ᠨᠢᠭᠡ ᠲᠦᠷᠦ᠍᠎ᠶ᠋ᠢᠨ ᠨᠠᠮ᠎ᠤᠨ ᠬᠡᠬᠦᠳᠡᠭ ᠴᠡᠭᠡᠵᠢᠨ᠎ᠳᠡᠭᠡᠨ ᠬᠦᠰᠡᠯᠡᠩ᠎ᠲᠡᠶ᠂ ᠯᠠᠪᠳᠠᠭᠤᠨ ᠪᠠᠲᠤᠲᠠᠢ᠎ᠪᠠᠷ ᠬᠢᠭᠰᠡᠨ ᠰᠦᠪᠡᠭ᠌ᠴᠢᠯᠡᠯᠲᠡ ᠪᠠ ᠲᠡᠮᠡᠴᠡᠯ ᠮᠥᠨ᠃

ᠲᠣᠰ ᠡᠳᠦᠷ᠎ᠡᠴᠡ ᠡᠬᠢᠯᠡᠨ᠂ ᠱᠢᠨᠬᠤᠸᠠ ᠬᠣᠷᠢᠶ᠎ᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠣᠶ᠎ᠶ᠋ᠢ ᠪᠡᠯᠭᠡᠯᠡᠬᠦ᠌ ᠪᠡᠷ 《ᠠᠭᠤᠤ ᠶᠡᠬᠡ ᠠᠶᠠᠨ》 ᠭᠡᠬᠦ ᠲᠤᠰᠭᠠᠶ ᠪᠤᠯᠤᠩ ᠭᠠᠷᠭᠠᠵᠤ᠂ ᠨᠠᠮ᠎ᠤᠨ ᠲᠡᠦᠬᠡᠨ ᠳᠡᠭᠡᠷᠡᠬᠢ ᠴᠢᠬᠤᠯᠠ ᠬᠤᠷᠠᠯ᠂ ᠴᠢᠬᠤᠯᠠ ᠶᠡᠬᠡ ᠬᠡᠷᠡᠭ ᠶᠠᠪᠤᠳᠠᠯ ᠵᠡᠷᠭᠡ᠎ᠵᠢᠨ ᠲᠤᠭᠤᠷᠢᠨ᠎ᠳᠤ᠂ ᠨᠠᠮ᠎ᠤᠨ ᠲᠡᠦᠬᠡ᠎ᠶ᠋ᠢᠨ ᠥᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢᠬᠤ ᠥᠬᠡᠶ ᠪᠠᠢᠭ᠍ᠰᠠᠨ᠎ᠡᠴᠠ᠎ᠪᠠᠨ ᠪᠠᠢᠬᠤ ᠪᠣᠯᠤᠭ᠍ᠰᠠᠨ᠂ ᠪᠠᠭ᠎ᠠ ᠪᠠᠢᠭ᠍ᠰᠠᠨ᠎ᠡᠴᠡ᠎ᠪᠠᠨ ᠲᠤᠮᠤ ᠪᠣᠯᠤᠭ᠍ᠰᠠᠨ᠂ ᠪᠠᠭᠤᠷᠠᠶ ᠪᠠᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠥᠨ ᠤᠷᠤᠭᠰᠢᠯᠠᠵᠤ᠂ ᠡᠷᠡᠯᠬᠡᠭᠯᠡᠨ ᠤᠷᠤᠭ᠍ᠰᠢᠯᠠᠭ᠍ᠰᠠᠨ ᠬᠡᠷᠡᠯ ᠰᠠᠴᠤᠷᠠᠩᠭᠤᠶ ᠲᠡᠦᠬᠡ᠎ᠶ᠋ᠢ ᠳᠠᠬᠢᠨ ᠢᠯᠡᠷᠡᠭᠦᠯᠦᠨ᠎ᠡ᠃


2026 ᠣᠨ᠎ᠤ 《6·1》 ᠤ᠋ ᠳᠡᠯᠡᠬᠡᠶ᠎ᠶ᠋ᠢᠨ ᠬᠡᠦᠬᠡᠳ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠂ ᠨᠠᠨ ᠬᠣ᠌ ᠨᠠᠭᠤᠷ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠤᠯᠠᠭᠠᠨ ᠪᠦᠴᠡᠲᠡᠨ ᠲᠠᠢᠯᠪᠤᠷᠢᠯᠠᠭ᠍ᠴᠢ᠎ᠳᠤ ᠬᠠᠷᠢᠭᠤ ᠵᠠᠬᠢᠳᠠᠯ ᠢᠯᠡᠭᠡᠵᠦ᠍᠂ ᠲᠡᠳᠡᠨ᠎ᠢ ᠳᠣᠲᠣᠨᠣ᠎ᠪᠠᠷ ᠵᠣᠷᠢᠭ᠍ᠵᠢᠭᠤᠯᠪᠠ᠃

ᠶᠡᠷᠦᠩᠬᠡᠢ ᠱᠦᠵᠢ ᠰᠢ ᠵᠢᠨ ᠫᠢᠩ᠎ᠳᠤ ᠵᠠᠬᠢᠳᠠᠯ ᠪᠢᠴᠢᠭᠰᠡᠨ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠤᠯᠠᠭᠠᠨ ᠪᠦᠴᠡᠲᠡᠨ ᠲᠠᠢᠯᠪᠤᠷᠢᠯᠠᠭ᠍ᠴᠢ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠡᠨᠳᠦᠯᠡᠭ᠌ᠰᠡᠨ ᠭᠠᠵᠠᠷ — ᠱᠠᠩᠬᠠᠢ ᠪᠣᠯᠤᠨ ᠵᠧᠵᠢᠶᠠᠩ᠎ᠤᠨ ᠵᠢᠶᠠᠱᠢᠩ ᠡᠴᠡ ᠢᠷᠡᠯᠲᠡᠢ᠃ 105 ᠵᠢᠯ᠎ᠦᠨ ᠤᠷᠪᠠᠭᠠᠨ ᠬᠥᠷᠪᠡᠭᠡᠨ ᠲᠠᠢ ᠪᠠᠢᠳᠠᠯ᠎ᠢ ᠦᠩᠭᠡᠷᠡᠭᠡᠵᠦ᠂ ᠲᠡᠦᠬᠡ ᠪᠣᠯᠤᠨ ᠢᠷᠡᠭᠡᠳᠦᠢ ᠡᠨᠳᠡ ᠰᠣᠯᠪᠢᠴᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠡᠨᠳᠡ ᠦᠷᠭᠦᠯᠵᠢᠯᠡᠨ᠎ᠡ᠃

ᠴᠠᠭᠠᠭ᠍ᠴᠢᠨ ᠭᠠᠬᠠᠶ ᠵᠢᠯ᠎ᠦᠨ ᠬᠤᠪᠢᠰᠭᠠᠯ ᠢᠯᠠᠭ᠍ᠳᠠᠭ᠍ᠰᠠᠨ᠎ᠤ ᠳᠠᠷᠠᠭ᠎ᠠ᠂ ᠳᠤᠮᠳᠠᠳᠤ ᠤᠯᠤᠰ ᠤᠮᠠᠷᠠᠲᠤ᠎ᠶ᠋ᠢᠨ ᠴᠡᠷᠢᠭ᠎ᠦᠨ ᠡᠷᠬᠡᠲᠡᠨ᠎ᠦ ᠡᠵᠡᠷᠬᠡᠭ ᠨᠣᠶᠠᠷᠬᠠᠯ ᠳᠣᠣᠷ᠎ᠠ ᠤᠷᠤᠰᠢᠵᠤ᠂ ᠨᠡᠢᠭᠡᠮ᠎ᠦᠨ ᠵᠥᠷᠢᠴᠡᠯ ᠤᠯᠠᠮ ᠬᠤᠷᠴᠠᠳᠪᠠ᠃ 1919 ᠣᠨ᠎ᠤ 《5·4》 ᠤ᠋ ᠬᠥᠳᠡᠯᠭᠡᠭᠡᠨ᠎ᠦ ᠳᠠᠷᠠᠭᠠᠬᠠᠨ᠂ ᠮᠠᠷᠺᠰ᠎ᠤᠨ ᠦᠵᠡᠯ ᠳᠤᠮᠳᠠᠳᠤ ᠤᠯᠤᠰ᠎ᠲᠤ ᠳᠡᠯᠭᠡᠷᠡᠭ᠌ᠰᠡᠨ ᠪᠠ ᠲᠡᠭᠦᠨ᠎ᠤ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠯᠤᠭᠡ ᠠᠩᠬ᠎ᠠ ᠠᠯᠬᠤᠮ ᠤᠶᠠᠯᠳᠤᠬᠤ᠎ᠶ᠋ᠢ ᠳᠠᠭᠠᠯᠳᠤᠨ᠂ ᠠᠵᠢᠯᠴᠢᠨ ᠠᠩᠭᠢ᠎ᠶ᠋ᠢᠨ ᠲᠥᠷᠥ᠎ᠶ᠋ᠢᠨ ᠨᠠᠮ ᠪᠠᠢᠭᠤᠯᠬᠤ ᠡᠭᠦᠷᠭᠡ᠎ᠶ᠋ᠢ ᠵᠥᠪᠯᠡᠬᠦ᠌ ᠵᠦᠢᠯ᠎ᠳᠦ ᠣᠷᠣᠭᠤᠯᠪᠠ᠃ 1920 ᠣᠨ᠎ᠤ ᠵᠤᠨ᠎ᠡᠴᠡ 1921 ᠣᠨ᠎ᠤ ᠬᠠᠪᠤᠷ ᠪᠣᠯᠲᠠᠯ᠎ᠠ᠂ ᠡᠪ ᠬᠠᠮᠲᠤ ᠨᠠᠮ᠎ᠤᠨ ᠡᠷᠲᠡ ᠦᠶ᠎ᠡ᠎ᠶ᠋ᠢᠨ ᠵᠣᠬᠢᠶᠠᠨ ᠪᠠᠢᠭᠤᠯᠤᠯᠲᠠ ᠱᠠᠩᠬᠠᠢ᠂ ᠪᠡᠭᠡᠵᠢᠩ᠂ ᠦᠬᠠᠨ᠂ ᠴᠠᠩᠱᠠ᠂ ᠵᠢᠨᠠᠨ᠂ ᠭᠤᠸᠠᠩᠵᠧᠦ ᠵᠡᠷᠭᠡ ᠭᠠᠵᠠᠷ ᠵᠢᠴᠢ ᠶᠠᠫᠣᠨ᠂ ᠹᠷᠠᠨᠼᠢ᠎ᠳᠤ ᠪᠠᠢᠭ᠎ᠠ ᠲᠤᠮᠳᠠᠳᠤᠴᠤᠳ᠎ᠤᠨ ᠳᠤᠮᠳᠠ ᠵᠠᠯᠭᠠᠭ᠎ᠠ᠎ᠪᠠᠷ ᠪᠠᠢᠭᠤᠯᠤᠭ᠍ᠳᠠᠪᠠ᠃

ᠡᠪ ᠬᠠᠮᠲᠤ ᠨᠠᠮ᠎ᠤᠨ ᠡᠷᠲᠡ ᠦᠶ᠎ᠡ᠎ᠶ᠋ᠢᠨ ᠵᠣᠬᠢᠶᠠᠨ ᠪᠠᠢᠭᠤᠯᠤᠯᠲᠠ ᠪᠠᠢᠭᠤᠯᠤᠭ᠍ᠳᠠᠭ᠍ᠰᠠᠨ᠎ᠤ ᠲᠠᠷᠠᠭ᠎ᠠ ᠬᠢᠭ᠌ᠰᠡᠨ ᠠᠵᠢᠯᠯᠠᠭ᠎ᠠ ᠨᠢ ᠮᠠᠷᠺᠰ᠎ᠤᠨ ᠦᠵᠡᠯ᠎ᠢ ᠤᠯᠠᠮ ᠨᠢᠭᠡ ᠠᠯᠬᠤᠮ ᠳᠡᠯᠭᠡᠷᠡᠭᠦᠯᠬᠦ᠌ ᠵᠢᠴᠢ ᠲᠡᠭᠦᠨ᠎ᠤ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠯᠤᠭᠡ ᠤᠯᠠᠮ ᠨᠢᠭᠡ ᠠᠯᠬᠤᠮ ᠤᠶᠠᠯᠳᠤᠬᠤ᠎ᠶ᠋ᠢ ᠬᠦᠴᠦᠲᠡᠢ ᠠᠬᠢᠭᠤᠯᠤᠭ᠍ᠰᠠᠨ ᠪᠠᠢᠨ᠎ᠠ᠂ ᠡᠨᠡ ᠶᠠᠪᠤᠴᠠ᠎ᠳᠤ ᠨᠢᠭᠡ ᠪᠦᠯᠦᠭ ᠠᠵᠢᠯᠴᠢᠨ ᠠᠩᠭᠢ᠎ᠶ᠋ᠢᠨ ᠲᠡᠷᠢᠭᠦᠨ᠎ᠦ ᠬᠥᠮᠦᠰ ᠦᠰᠦᠨ ᠪᠣᠢᠵᠢᠵᠠᠢ᠃ ᠢᠩᠭᠢᠭᠡᠳ᠂ ᠳᠤᠮᠳᠠᠳᠤ ᠤᠯᠤᠰ᠎ᠲᠤ ᠪᠦᠬᠦ᠌ ᠤᠯᠤᠰ᠎ᠤᠨ ᠨᠢᠭᠡᠳᠦᠭ᠌ᠰᠡᠨ ᠡᠪ ᠬᠠᠮᠲᠤ ᠨᠠᠮ᠎ᠢ ᠪᠠᠢᠭᠤᠯᠬᠤ ᠨᠥᠬᠥᠴᠡᠯ ᠦᠨᠳᠦᠰᠦᠨ᠎ᠳᠡᠭᠡᠨ ᠪᠦᠷᠢᠯᠳᠦᠭᠰᠡᠨ ᠪᠠᠢᠨ᠎ᠠ᠃

1921 ᠣᠨ᠎ᠤ 7 ᠰᠠᠷ᠎ᠠ᠎ᠶ᠋ᠢᠨ 23 ᠤ᠋ ᠤᠷᠤᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠱᠠᠩᠬᠠᠢ ᠳ᠋ᠡᠬᠢ ᠹᠷᠠᠨᠼᠢ᠎ᠶ᠋ᠢᠨ ᠲᠦᠷᠢᠶᠡᠰᠦᠨ ᠭᠠᠵᠠᠷ᠎ᠤᠨ ᠸᠠᠩ ᡁᠢ ᠵᠠᠮ᠎ᠤᠨ 106 ᠲᠣᠭᠠᠲᠤ (ᠤᠳᠤ᠎ᠶ᠋ᠢᠨ ᠱᠢᠩ ᠶᠧ ᠵᠠᠮ᠎ᠤᠨ 76 ᠲᠣᠭᠠᠲᠤ)᠎ᠳ᠋ᠤ᠌ ᠡᠬᠢᠯᠡᠪᠡ᠃

ᠡᠯ᠎ᠡ ᠭᠠᠵᠠᠷ᠎ᠤᠨ ᠡᠪ ᠬᠠᠮᠲᠤ ᠨᠠᠮ᠎ᠤᠨ ᠡᠷᠲᠡ ᠦᠶ᠎ᠡ᠎ᠶ᠋ᠢᠨ ᠵᠤᠬᠢᠶᠠᠨ ᠪᠠᠢᠭᠤᠯᠤᠯᠲᠠ ᠵᠢᠨ 13 ᠲᠥᠯᠥᠭᠡᠯᠡᠭ᠌ᠴᠢ ᠡᠨᠳᠡ ᠬᠤᠷᠠᠨ ᠴᠤᠭ᠍ᠯᠠᠷᠠᠵᠤ᠂ ᠪᠦᠬᠦ᠌ ᠤᠯᠤᠰ᠎ᠤᠨ 50 ᠭᠠᠷᠤᠢ ᠨᠠᠮ᠎ᠤᠨ ᠭᠡᠱᠢᠭᠦᠨ᠎ᠢ ᠲᠥᠯᠥᠭᠡᠯᠡᠪᠡ᠃ ᠲᠡᠳᠡᠨ᠎ᠦ ᠪᠡᠶ᠎ᠡ᠎ᠶ᠋ᠢᠨ ᠭᠠᠷᠤᠯ ᠨᠢ ᠠᠳᠠᠯᠢ ᠦᠭᠡᠢ᠂ ᠬᠡᠯᠡ ᠶᠠᠷᠢᠶ᠎ᠠ ᠨᠢ ᠠᠳᠠᠯᠢ ᠦᠭᠡᠢ ᠪᠠᠢᠭᠰᠠᠨ ᠴᠤ᠌ ᠨᠢᠭᠡ ᠬᠠᠮᠲᠤ᠎ᠶ᠋ᠢᠨ ᠬᠠᠷᠠᠯᠲᠠ᠎ᠶ᠋ᠢᠨ ᠲᠥᠯᠥᠭᠡ ᠨᠢᠭᠲᠠᠷᠠᠨ ᠪᠦᠯᠬᠦᠮᠳᠡᠪᠡ᠃ ᠡᠪ ᠬᠠᠮᠲᠤ᠎ᠶ᠋ᠢᠨ ᠢᠨᠲ᠋ᠧᠷᠨᠠᠼᠢᠣᠨᠠᠯ᠎ᠤᠨ ᠲᠥᠯᠥᠭᠡᠯᠡᠭ᠌ᠴᠢ ᠮᠠ ᠯᠢᠨ ᠪᠣᠯᠤᠨ ᠨᠢᠺᠸᠷᠰᠺᠢ ᠬᠤᠷᠠᠯ᠎ᠳᠤ ᠣᠷᠣᠯᠴᠠᠪᠠ᠃

7 ᠰᠠᠷ᠎ᠠ᠎ᠶᠢᠨ 30᠎ᠤ᠋ ᠣᠷᠣᠢ᠂ ᠨᠢᠭᠡᠨ ᠲᠠᠨᠢᠯ ᠪᠤᠰᠤ ᠢᠳᠡᠷ ᠨᠠᠰᠤᠨ᠎ᠤ ᠡᠷᠡᠭᠲᠡᠢ ᠭᠡᠨᠡᠳᠲᠡ ᠬᠤᠷᠠᠯ᠎ᠤᠨ ᠲᠠᠯᠠᠪᠠᠢ᠎ᠳᠤ ᠲᠠᠭᠠᠷᠢᠨ ᠣᠷᠣᠵᠤ ᠢᠷᠡᠭᠡᠳ ᠰᠡᠩᠳᠡ ᠮᠡᠩᠳᠡ ᠰᠠᠯᠵᠤ ᠣᠳᠪᠠ᠃ ᠤᠷᠳᠤ ᠬᠤᠭᠤᠴᠠᠭᠠᠨ᠎ᠤ ᠨᠢᠭᠤᠴᠠ ᠠᠵᠢᠯ᠎ᠤᠨ ᠲᠤᠷᠰᠢᠯᠭ᠎ᠠ᠎ᠲᠠᠢ ᠮᠠ ᠯᠢᠨ ᠡᠨᠡ ᠬᠥᠮᠥᠨ᠎ᠢ ᠳᠠᠢᠰᠤᠨ᠎ᠤ ᠲᠠᠩᠨᠠᠭᠤᠯ ᠮᠥᠨ ᠭᠡᠵᠦ ᠮᠠᠭᠠᠳᠯᠠᠭᠠᠳ᠂ ᠬᠤᠷᠠᠯ᠎ᠢ ᠳᠠᠷᠤᠢᠬᠠᠨ ᠵᠣᠭᠰᠤᠭᠠᠬᠤ᠎ᠶᠢ ᠰᠠᠨᠠᠭᠤᠯᠪᠠ᠃ ᠣᠯᠠᠩᠬᠢ ᠲᠥᠯᠥᠭᠡᠯᠡᠭᠴᠢᠳ ᠮᠠᠰᠢ ᠲᠦᠷᠭᠡᠨ᠎ᠢᠶᠡᠷ ᠰᠢᠯᠵᠢᠪᠡ᠃ ᠤᠳᠠᠯ ᠦᠭᠡᠢ ᠹᠷᠠᠨᠼᠢ᠎ᠶᠢᠨ ᠲᠦᠷᠢᠶᠡᠰᠦᠨ ᠭᠠᠵᠠᠷ᠎ᠤᠨ ᠴᠠᠭᠳᠠᠭ᠎ᠠ ᠬᠤᠷᠠᠯ᠎ᠤᠨ ᠭᠠᠵᠠᠷ᠎ᠢ ᠨᠡᠩᠵᠢᠪᠡ᠃ ᠡᠢᠮᠦ ᠪᠠᠢᠳᠠᠯ᠎ᠤᠨ ᠳᠣᠣᠷ᠎ᠠ᠂ ᠬᠠᠮᠤᠭ᠎ᠤᠨ ᠰᠡᠭᠦᠯᠴᠢ᠎ᠶᠢᠨ ᠡᠳᠦᠷ᠎ᠦᠨ ᠬᠤᠷᠠᠯ ᠨᠢ ᠵᠧᠵᠢᠶᠠᠩ᠎ᠤᠨ ᠵᠢᠶᠠᠰᠢᠩ᠎ᠤᠨ ᠨᠠᠨ ᠬᠤ᠌ ᠨᠠᠭᠤᠷ᠎ᠤᠨ ᠵᠢᠭᠤᠯᠴᠢᠯᠠᠯ᠎ᠤᠨ ᠣᠩᠭᠣᠴᠠᠨ ᠳᠡᠭᠡᠷ᠎ᠡ ᠰᠢᠯᠵᠢᠪᠡ᠃

ᠶᠡᠬᠡ ᠬᠤᠷᠠᠯ᠎ᠠᠴᠠ ᠨᠠᠮ᠎ᠤᠨ ᠨᠡᠷ᠎ᠡ᠎ᠶᠢ 《ᠳᠤᠮᠳᠠᠳᠤ ᠤᠯᠤᠰ᠎ᠤᠨ ᠡᠪ ᠬᠠᠮᠲᠤ ᠨᠠᠮ》 ᠭᠡᠵᠦ ᠲᠣᠭᠲᠠᠭᠠᠭᠠᠳ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠭᠡᠷ ᠬᠥᠲᠥᠯᠪᠦᠷᠢ ᠪᠠ ᠰᠢᠢᠳᠪᠦᠷᠢ᠎ᠶᠢ ᠪᠠᠲᠤᠯᠠᠵᠤ᠂ 《ᠬᠤᠪᠢᠰᠬᠠᠯᠲᠤ ᠴᠡᠷᠢᠭ ᠡᠷᠬᠡᠪᠰᠢ ᠦᠭᠡᠢᠭᠦᠦ ᠠᠩᠭᠢ᠎ᠲᠠᠢ ᠬᠠᠮᠲᠤ᠎ᠪᠠᠷ ᠬᠥᠷᠥᠩᠭᠡᠲᠡᠨ ᠠᠩᠭᠢ᠎ᠶᠢᠨ ᠲᠦᠷᠦ᠎ᠶᠢᠨ ᠡᠷᠬᠡ᠎ᠶᠢ ᠲᠦᠯᠬᠢᠨ ᠤᠨᠠᠭᠠᠬᠤ ᠬᠡᠷᠡᠭᠲᠡᠢ》᠂ 《ᠦᠭᠡᠢᠭᠦᠦ ᠠᠩᠭᠢ᠎ᠶᠢᠨ ᠳᠠᠷᠤᠩᠭᠤᠢᠯᠠᠬᠤ ᠵᠠᠰᠠᠭ᠎ᠢ ᠠᠩᠭᠢ᠎ᠶᠢᠨ ᠲᠡᠮᠡᠴᠡᠯ ᠳᠠᠭᠤᠰᠲᠠᠯ᠎ᠠ ᠵᠥᠪᠰᠢᠶᠡᠷᠡᠨ᠎ᠡ》᠂ 《ᠬᠥᠷᠥᠩᠭᠡᠲᠡᠨ᠎ᠦ ᠬᠤᠪᠢ᠎ᠶᠢᠨ ᠥᠮᠴᠢᠯᠡᠯ᠎ᠢ ᠤᠰᠠᠳᠬᠠᠬᠤ》 ᠵᠢᠴᠢ ᠭᠤᠷᠪᠠᠳᠤᠭᠠᠷ ᠢᠨᠲᠧᠷᠨᠠᠼᠢᠣᠨᠠᠯ᠎ᠲᠠᠢ ᠬᠣᠯᠪᠣᠭᠠᠯᠠᠬᠤ ᠬᠡᠷᠡᠭᠲᠡᠢ ᠭᠡᠵᠦ ᠲᠣᠳᠣᠷᠬᠠᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠮᠠᠭᠴᠠ ᠳᠠᠷᠤᠢ ᠨᠡᠢᠭᠡᠮ ᠵᠢᠷᠤᠮ ᠪᠠ ᠡᠪ ᠬᠠᠮᠲᠤ ᠶᠣᠰᠣ᠌᠎ᠶᠢ ᠥᠪᠡᠷ᠎ᠦᠨ᠎ᠢᠶᠡᠨ ᠲᠡᠮᠡᠴᠡᠯ᠎ᠦᠨ ᠬᠠᠷᠠᠯᠲᠠ ᠪᠣᠯᠭᠠᠨ ᠲᠤᠭ ᠲᠡᠮᠳᠡᠭ ᠲᠣᠳᠣᠷᠬᠠᠢ᠎ᠪᠠᠷ ᠲᠣᠭᠲᠠᠭᠠᠵᠤ᠂ ᠬᠤᠪᠢᠰᠬᠠᠯ᠎ᠤᠨ ᠠᠷᠭ᠎ᠠ᠎ᠪᠠᠷ ᠡᠨᠡ ᠬᠦ᠌ ᠬᠠᠷᠠᠯᠲᠠ᠎ᠶᠢ ᠪᠡᠶᠡᠯᠡᠭᠦᠯᠬᠦ᠎ᠶᠢ ᠪᠠᠷᠢᠮᠲᠠᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢᠭᠤᠯᠤᠭᠳᠠᠭᠰᠠᠨ ᠶᠠᠪᠤᠳᠠᠯ ᠪᠣᠯ ᠣᠷᠴᠢᠨ ᠦᠶ᠎ᠡ᠎ᠶᠢᠨ ᠳᠤᠮᠳᠠᠳᠤ ᠤᠯᠤᠰ᠎ᠤᠨ ᠲᠡᠦᠬᠡ᠎ᠶᠢᠨ ᠬᠥᠭᠵᠢᠯᠲᠡ᠎ᠶᠢᠨ ᠵᠠᠢᠯᠠᠰᠢ ᠦᠭᠡᠢ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ ᠣᠷᠣᠨ᠎ᠢᠶᠠᠨ ᠮᠥᠬᠥᠯ᠎ᠡᠴᠡ ᠠᠪᠤᠷᠠᠬᠤ ᠲᠡᠮᠡᠴᠡᠯ᠎ᠦᠨ ᠳᠤᠮᠳᠠ ᠴᠥᠬᠥᠷᠡᠰᠢ ᠦᠭᠡᠢ ᠡᠷᠢᠯᠬᠢᠯᠡᠭᠰᠡᠨ᠎ᠦ ᠵᠠᠢᠯᠠᠰᠢ ᠦᠭᠡᠢ ᠦᠷ᠎ᠡ ᠪᠦᠲᠦᠭᠡᠯ ᠮᠥᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠵᠠᠢᠯᠠᠰᠢ ᠦᠭᠡᠢ ᠦᠷ᠎ᠡ ᠪᠦᠲᠦᠭᠡᠯ ᠮᠥᠨ᠃

ᠡᠭᠦᠨ᠎ᠡᠴᠡ ᠬᠣᠢᠰᠢ ᠨᠢᠭᠡ ᠭᠠᠯ᠎ᠤᠨ ᠣᠴᠢ ᠨᠣᠴᠣᠪᠠ᠃ ᠮᠠᠤ ᠽᠧ ᠳ᠋ᠦᠩ ᠨᠥᠬᠥᠷ ᠰᠡᠭᠦᠯᠡᠷ ᠨᠢ ᠬᠡᠯᠡᠬᠦ᠎ᠳᠡᠭᠡᠨ᠄ 《ᠳᠤᠮᠳᠠᠳᠤ ᠤᠯᠤᠰ᠎ᠲᠤ ᠡᠪ ᠬᠠᠮᠲᠤ ᠨᠠᠮ ᠪᠤᠢ ᠪᠣᠯᠪᠠ᠂ ᠡᠨᠡ ᠪᠣᠯ ᠭᠠᠯᠪᠠ ᠶᠢᠷᠲᠢᠨᠴᠦ᠎ᠶᠢ ᠪᠦᠲᠦᠭᠡᠭᠰᠡᠨ ᠲᠤᠮᠤ ᠬᠡᠷᠡᠭ ᠬᠤᠪᠢᠰᠤᠯ ᠮᠥᠨ》 ᠭᠡᠵᠡᠢ᠃

ᠣᠢᠷ᠎ᠠ ᠦᠶ᠎ᠡ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠮᠡᠴᠡᠯ ᠤᠳᠠᠭ᠎ᠠ ᠳᠠᠷᠠᠭᠠᠯᠠᠨ ᠨᠤᠭᠤᠷᠠᠯ ᠪᠦᠳᠦᠷᠢᠯ ᠪᠠ ᠢᠯᠠᠭᠳᠠᠯ᠎ᠳᠤ ᠤᠴᠠᠷᠠᠭᠰᠠᠨ᠎ᠤ ᠬᠠᠮᠤᠭ᠎ᠤᠨ ᠴᠢᠬᠤᠯᠠ ᠰᠢᠯᠲᠠᠭᠠᠨ ᠪᠣᠯ ᠳᠠᠷᠤᠢ ᠥᠪᠡᠷ᠎ᠦᠨ ᠬᠦᠴᠦᠨ᠎ᠢᠶᠡᠨ ᠨᠢᠭ᠍ᠲᠠᠷᠠᠭᠤᠯᠵᠤ ᠤᠳᠤᠷᠢᠳᠬᠤ ᠭᠣᠣᠯᠯᠠᠭ᠍ᠴᠢ ᠬᠦᠴᠦᠨ ᠪᠣᠯᠤᠭᠰᠠᠨ ᠲᠡᠷᠢᠭᠦᠨ᠎ᠦ ᠡᠷᠡᠰ ᠴᠢᠩᠭ᠎ᠠ ᠲᠦᠷᠦ᠎ᠶᠢᠨ ᠨᠠᠮ ᠪᠠᠢᠭᠰᠠᠨ ᠦᠭᠡᠢ᠎ᠳᠦ ᠣᠷᠣᠰᠢᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠡᠨᠳᠦᠯᠡᠭᠰᠡᠨ ᠨᠢ ᠡᠨᠡ ᠬᠦ᠌ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠠᠢ᠃ ᠡᠭᠦᠨ᠎ᠡᠴᠡ ᠠᠪᠤᠭᠠᠳ ᠳᠤᠮᠳᠠᠳᠤ ᠤᠯᠤᠰ᠎ᠤᠨ ᠠᠷᠠᠳ ᠲᠦᠮᠡᠨ ᠲᠦᠰᠢᠭ ᠲᠤᠯᠭᠠᠭᠤᠷᠢ᠎ᠲᠠᠢ ᠪᠣᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭᠰᠠᠨ᠎ᠠᠴᠠ᠎ᠪᠠᠨ ᠰᠠᠨᠠᠭᠠᠴᠢᠯᠠᠭ᠎ᠠ᠎ᠲᠠᠢ ᠪᠣᠯᠤᠭᠰᠠᠨ ᠪᠠᠢᠨ᠎ᠠ᠃ ᠳᠤᠮᠳᠠᠳᠤ ᠤᠯᠤᠰ᠎ᠤᠨ ᠬᠤᠪᠢᠰᠬᠠᠯ᠎ᠤᠨ ᠳᠦᠷᠰᠦ ᠪᠠᠢᠳᠠᠯ ᠡᠭᠦᠨ᠎ᠡᠴᠡ ᠡᠬᠢᠯᠡᠨ ᠴᠣ ᠰᠢᠨ᠎ᠡ ᠪᠠᠢᠳᠠᠯ᠎ᠲᠠᠢ ᠪᠣᠯᠵᠠᠢ᠃

2017 ᠣᠨ᠎ᠤ 10 ᠰᠠᠷ᠎ᠠ᠎ᠶᠢᠨ 31 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠲᠡᠭᠦᠰᠦᠭᠡᠳ ᠳᠡᠮᠡᠢ ᠤᠳᠠᠭᠰᠠᠨ ᠦᠭᠡᠢ᠂  ᠶᠡᠷᠦᠩᠬᠡᠢ ᠱᠦᠵᠢ ᠰᠢ᠎ᠶᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶ᠎ᠠ ᠵᠢᠨ ᠪᠠᠢᠩᠭᠤ᠎ᠶᠢᠨ ᠭᠡᠰᠢᠭᠦᠳ᠎ᠢ ᠳᠠᠭᠠᠭᠤᠯᠤᠨ ᠱᠠᠩᠬᠠᠢ᠎ᠳᠤ ᠢᠷᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠬᠤᠷᠠᠯᠳᠤᠭᠰᠠᠨ ᠭᠠᠵᠠᠷ᠎ᠲᠤ ᠪᠠᠷᠠᠳᠠᠵᠤ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢᠶᠡᠨ ᠳᠠᠬᠢᠨᠲᠠ ᠡᠷᠭᠢᠴᠡᠭᠦᠯᠪᠡ᠃

《ᠱᠠᠩᠬᠠᠢ ᠳ᠋ᠡᠬᠢ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠬᠤᠷᠠᠯᠳᠤᠭᠰᠠᠨ ᠭᠠᠵᠠᠷ᠂ ᠵᠢᠶᠠᠰᠢᠩ᠎ᠤᠨ ᠨᠠᠨ ᠬᠤ᠌ ᠨᠠᠭᠤᠷ᠎ᠤᠨ ᠤᠯᠠᠭᠠᠨ ᠣᠩᠭᠣᠴᠠ ᠪᠣᠯ ᠮᠠᠨ᠎ᠤ ᠨᠠᠮ᠎ᠤᠨ ᠬᠦᠰᠡᠯ ᠵᠡᠭᠦᠳᠦ᠎ᠶᠢᠨ ᠠᠶᠠᠯᠠᠯ᠎ᠢᠶᠠᠨ ᠡᠬᠢᠯᠡᠭᠦᠯᠦᠭᠰᠡᠨ ᠭᠠᠵᠠᠷ ᠪᠣᠯᠣᠨ᠎ᠠ》᠃  ᠶᠡᠷᠦᠩᠬᠡᠢ ᠱᠦᠵᠢ ᠰᠢ᠎ᠶᠢᠨ ᠫᠢᠩ ᠡᠭᠦᠨ᠎ᠳᠦ ᠰᠡᠳᠬᠢᠯ ᠬᠥᠳᠡᠯᠦᠨ᠄《ᠮᠠᠨ᠎ᠤ ᠨᠠᠮ ᠡᠨᠳᠡ᠎ᠡᠴᠡ ᠮᠡᠨᠳᠦᠯᠡᠵᠦ᠂ ᠡᠨᠳᠡ᠎ᠡᠴᠡ ᠳᠠᠶ᠋ᠢᠨ᠎ᠳᠦ ᠮᠣᠷᠳᠠᠵᠤ᠂ ᠡᠨᠳᠡ᠎ᠡᠴᠡ ᠪᠦᠬᠦ ᠤᠯᠤᠰ᠎ᠲᠤ ᠲᠥᠷᠥ ᠪᠠᠷᠢᠬᠤ ᠵᠦᠭ ᠤᠷᠤᠭᠰᠢᠯᠠᠬᠰᠠᠨ ᠪᠠᠢᠨ᠎ᠠ᠂ ᠡᠨᠡ ᠪᠣᠯ ᠮᠠᠨ᠎ᠤ ᠨᠠᠮ᠎ᠤᠨ ᠦᠨᠳᠦᠰᠦ ᠰᠤᠷᠪᠤᠯᠵᠢ ᠮᠥᠨ》 ᠭᠡᠵᠦ ᠬᠡᠯᠡᠵᠡᠢ᠃

ᠴᠠᠭ ᠦᠶ᠎ᠡ ᠬᠡᠷᠬᠢᠨ ᠬᠤᠪᠢᠷᠠᠬᠰᠠᠨ ᠴᠤ᠌ ᠢᠲᠡᠭᠡᠯ ᠪᠢᠰᠢᠷᠡᠯ ᠶᠡᠷᠤ ᠬᠤᠪᠢᠷᠠᠭ᠎ᠠ ᠦᠭᠡᠢ᠂ ᠵᠣᠷᠢᠭ᠋ ᠰᠠᠨᠠᠭ᠎ᠠ ᠮᠦᠩᠬᠡ ᠤᠯᠠᠮᠵᠢᠯᠠᠭᠳᠠᠨ᠎ᠠ᠃

ᠶᠡᠷᠦᠩᠬᠡᠢ ᠱᠦᠵᠢ ᠰᠢ ᠵᠢᠨ ᠫᠢᠩ ᠪᠠᠭᠠᠴᠤᠳ᠎ᠤᠨ ᠬᠣᠰᠢᠭᠤᠴᠢ ᠠᠩᠭᠢ᠎ᠶᠢᠨ ᠤᠯᠠᠭᠠᠨ ᠪᠦᠴᠡᠲᠡᠨ ᠲᠠᠢᠯᠪᠤᠷᠢᠯᠠᠭ᠍ᠴᠢ᠎ᠳᠤ ᠥᠭᠭᠦᠭᠰᠡᠨ ᠬᠠᠷᠢᠭᠤ ᠵᠠᠬᠢᠳᠠᠯ᠎ᠳᠠᠭᠠᠨ᠄《ᠨᠠᠮ᠎ᠤᠨ ᠦᠢᠯᠡᠰ᠎ᠲᠦ ᠦᠶ᠎ᠡ ᠦᠶ᠎ᠡ᠎ᠶᠢᠨ ᠬᠥᠮᠥᠰ ᠦᠷᠭᠦᠯᠵᠢᠯᠡᠨ ᠲᠡᠮᠡᠴᠡᠬᠦ ᠴᠢᠬᠤᠯᠠᠲᠠᠢ ᠶᠤᠮ》 ᠭᠡᠵᠦ ᠬᠡᠯᠡᠭᠰᠡᠨ ᠶᠤᠮ᠃ ᠮᠠᠨ᠎ᠤ ᠨᠠᠮ ᠪᠠᠢᠭᠤᠯᠤᠭᠳᠠᠬᠤ ᠦᠶ᠎ᠡ᠎ᠶᠢᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ᠎ᠶᠢ ᠠᠴᠢᠶᠠᠯᠠᠵᠤ᠂ ᠵᠠᠭᠤ ᠭᠠᠷᠤᠢ ᠵᠢᠯ᠎ᠦᠨ ᠡᠮᠦᠨᠡᠬᠢ ᠣᠴᠢ ᠤᠳᠤ  ᠭᠡᠷᠡᠯ ᠭᠢᠯᠪᠠᠭ᠎ᠠ ᠰᠠᠴᠤᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠢᠨ᠎ᠡ ᠠᠭᠤᠤ ᠶᠡᠬᠡ ᠠᠶᠠᠨ᠎ᠢ ᠬᠡᠷᠡᠯᠳᠤᠬᠦᠯᠵᠤ ᠪᠠᠢᠨ᠎ᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 1᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号