​ᠤᠷᠠᠳ᠎ᠤᠨ ᠳᠤᠮᠳᠠᠳᠤ ᠬᠣᠱᠢᠭᠤᠨ᠎ᠤ ᠵᠢᠨᠴᠢᠤᠸᠠᠨ ᠡᠮᠦᠨ᠎ᠠ ᠦᠷᠳᠡᠭᠡ ᠵᠢᠨ ᠨᠡᠭᠦᠷᠡᠰᠦᠨ ᠤ᠋ ᠲᠡᠮᠦᠷ ᠵᠠᠮ᠎ᠤᠨ ᠲᠤᠰᠭᠠᠶ ᠱᠤᠭᠤᠮ ᠠᠱᠢᠭ᠍ᠯᠠᠯᠲᠠ᠎ᠳᠤ ᠣᠷᠣᠪᠠ
2026-06-04 09:51:16
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ截图20260604095051.png


5 ᠰᠠᠷ᠎ᠠ᠎ᠶ᠋ᠢᠨ 30 ᠤ᠋ ᠡᠳᠦᠷ᠂ ᠭᠠᠭ᠍ᠴᠠᠮᠣᠳᠣ ᠬᠢᠯᠢ ᠵᠢᠨ ᠪᠣᠭᠣᠮᠲᠠ᠎ᠶ᠋ᠢᠨ ᠡᠳ᠋ᠱᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠣᠷᠢᠭ᠎ᠤᠨ ᠣᠲᠣ ᠦᠶ᠎ᠡ᠎ᠶ᠋ᠢᠨ ᠪᠠᠷᠠᠭᠠᠨ᠎ᠤ ᠭᠦᠶ᠋ᠯᠭᠡᠭᠡ ᠵᠢᠨ ᠬᠦᠷᠢᠶᠡᠯᠡᠩ᠎ᠳᠦ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠵᠢᠨᠴᠢᠤᠸᠠᠨ ᠡᠮᠦᠨ᠎ᠠ ᠦᠷᠳᠡᠭᠡ ᠵᠢᠨ ᠨᠡᠭᠦᠷᠡᠰᠦᠨ ᠤ᠋ ᠲᠡᠮᠦᠷ ᠵᠠᠮ᠎ᠤᠨ ᠲᠤᠰᠭᠠᠶ ᠱᠤᠭᠤᠮ ᠵᠢᠩᠬᠢᠨᠢ᠎ᠪᠡᠷ ᠠᠱᠢᠭ᠍ᠯᠠᠯᠲᠠ᠎ᠳᠤ ᠣᠷᠣᠪᠠ᠃ ᠲᠣᠰ ᠲᠥᠷᠥᠯ ᠵᠦᠶ᠋ᠯ᠎ᠨᠢ ᠭᠤᠤᠯᠳᠠᠭᠤ ᠤᠷᠠᠳ᠎ᠤᠨ ᠳᠤᠮᠳᠠᠳᠤ ᠬᠣᠱᠢᠭᠤᠨ᠎ᠤ ᠡᠷᠬᠢᠨ ᠲᠣᠭᠣᠷᠢᠨ ᠎ᠳᠡᠬᠢ ᠭᠠᠳᠠᠭᠠᠳᠤ ᠡᠴᠡ ᠨᠡᠭᠦᠷᠡᠰᠦ ᠣᠷᠣᠭᠤᠯᠬᠤ ᠠᠵᠤ ᠠᠬᠤᠢᠯᠠᠯ᠂ ᠨᠡᠭᠦᠷᠡᠰᠦ ᠤᠬᠢᠶᠠᠬᠤ ᠠᠵᠤ ᠠᠬᠤᠢᠯᠠᠯ᠎ᠤᠨ ᠪᠠᠷᠠᠭ᠎ᠠ ᠲᠡᠭᠡᠭᠡᠪᠦᠷᠢᠯᠡᠬᠦ᠌ ᠦᠶ᠋ᠯᠡᠴᠢᠯᠡᠭᠡᠨ᠎ᠦ ᠡᠭᠦᠷᠭᠡ᠎ᠶ᠋ᠢ ᠡᠭᠦᠷᠭᠡᠯᠡᠵᠦ᠍᠂ ᠵᠠᠮ ᠱᠤᠭᠤᠮ ᠨᠢ ᠪᠠᠷᠠᠭᠤᠨ ᠪᠠᠭ᠎ᠠ ᠵᠤᠤ ᠡᠴᠡ ᠵᠢᠨᠴᠢᠤᠸᠠᠨ ᠬᠦᠷᠬᠦ ᠲᠡᠮᠦᠷ ᠵᠠᠮ᠎ᠤᠨ᠎ᠶ᠋ᠢᠨᠴᠢᠤᠸᠠᠨ ᠡᠮᠦᠨ᠎ᠡ ᠥᠷᠲᠡᠭᠡ᠎ᠶ᠋ᠢᠨ ᠪᠠᠷᠠᠭᠤᠨ ᠲᠠᠯ᠎ᠠ ᠡᠴᠡ ᠡᠬᠢᠯᠡᠵᠤ᠂ ᠪᠠᠷᠠᠭᠤᠨ ᠡᠮᠦᠨᠡᠰᠢ ᠹᠸᠩ ᠠᠨ ᠪᠠᠷᠠᠭᠠᠨ᠎ᠤ ᠭᠦᠶ᠋ᠯᠭᠡᠭᠡ ᠵᠢᠨ ᠬᠦᠷᠢᠶᠡᠯᠡᠩ᠎ᠳᠦ ᠬᠦᠷᠦᠨ᠎ᠠ᠃ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠨᠢ 1.05 ᠳ᠋ᠦᠩᠱᠢᠭᠤᠷ ᠲᠥᠭᠥᠷᠢᠭ ᠲᠤ᠌ ᠬᠦᠷᠴᠤ᠂ ᠲᠠᠯᠠᠪᠠᠶ᠎ᠨᠢ 150 ᠮᠥ᠍ ᠪᠠᠢᠵᠥ᠂ ᠵᠠᠮ ᠱᠤᠭᠤᠮ ᠤ᠋ᠨ ᠶᠡᠷᠦᠩᠬᠡᠢ ᠤᠷᠳᠤ ᠨᠢ 1.16 ᠺᠢᠯᠤᠮᠸᠲᠷ ᠪᠤᠯᠤᠨ᠎ᠠ᠃  

ᠰᠤᠷᠪᠤᠯᠵᠢᠯᠠᠭ᠍ᠴᠢ  ᠱᠢᠤᠸᠠᠢ ᠯᠠᠶ  ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号