ᠤᠢᠷ᠎ᠠ ᠳ᠋ᠸ᠋᠂ ᠬᠦᠬᠡᠬᠤᠳᠠ ᠵᠢᠨ ᠰᠢᠨ᠎ᠡ ᠬᠤᠳᠠ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ᠂ ᠠᠢ ᠶᠸᠦ ᠨᠢᠬᠦᠯᠡᠰᠦᠩᠬᠦᠢ ᠵᠢᠨ ᠦᠢᠯᠡᠰ ᠤ᠋ᠨ ᠰᠠᠭᠤᠷᠢ ᠮᠦᠩᠬᠦᠨ ᠤ᠋ ᠨᠡᠢᠬᠡᠮᠯᠢᠭ᠂ ᠰᠢᠨ᠎ᠡ ᠬᠤᠳᠠ ᠲᠤᠭᠤᠷᠢᠬ ᠤ᠋ᠨ ᠨᠢᠬᠦᠯᠡᠰᠦᠩᠬᠦᠢ ᠵᠢᠨ ᠦᠢᠯᠡᠰ ᠤ᠋ᠨ ᠶᠡᠷᠦᠩᠬᠡᠢ ᠨᠡᠢᠬᠡᠮᠯᠢᠭ ᠡᠴᠨ 《ᠰᠠᠢᠨ ᠠᠨᠢᠶ᠎ᠠ ᠪᠦᠯᠬᠦᠮ ᠤ᠋ᠨ ᠨᠢᠬᠦᠯᠡᠰᠦᠩᠬᠦᠢ ᠵᠢᠨ ᠦᠢᠯᠡᠰ ᠤ᠋ᠨ ᠠᠵᠢᠯᠯᠠᠬᠤ ᠦᠷᠦᠬᠡ》 ᠵᠢ ᠴᠤᠬᠴᠠᠯᠠᠨ ᠪᠠᠢᠭᠤᠯᠪᠠ᠃ ᠲᠤᠰ ᠠᠵᠢᠯᠯᠠᠬᠤ ᠦᠷᠦᠬᠡ ᠨᠢ ᠠᠢ ᠶᠸᠦ ᠨᠢᠬᠦᠯᠡᠰᠦᠩᠬᠦᠢ ᠵᠢᠨ ᠦᠢᠯᠡᠰ ᠤ᠋ᠨ ᠰᠠᠭᠤᠷᠢ ᠮᠦᠩᠬᠦᠨ ᠤ᠋ ᠨᠡᠢᠬᠡᠮᠯᠢᠭ ᠤ᠋ᠨ 《ᠠᠢ ᠶᠸᠦ ᠠᠨ ᠱᠸᠩ》 ᠲᠦᠷᠦᠯ ᠵᠦᠢᠯ ᠳ᠋ᠸ᠋ ᠲᠦᠰᠢᠭᠯᠡᠨ᠂ ᠲᠤᠰᠬᠠᠢᠯᠠᠨ ᠬᠤᠤᠷᠯᠠᠯ ᠠᠮᠰᠠᠬᠰᠠᠨ ᠬᠡᠦᠬᠡᠳ ᠪᠠᠭᠠᠴᠤᠳ ᠵᠢᠴᠢ ᠲᠡᠬᠦᠨ ᠤ᠋ ᠬᠡᠷ ᠪᠦᠯᠢ ᠵᠢᠨ ᠬᠢᠨ ᠳ᠋ᠸ᠋ ᠬᠠᠨᠳᠤᠭᠤᠯᠤᠨ ᠲᠤᠰᠬᠠᠢ ᠮᠡᠷᠬᠡᠵᠢᠯ ᠤ᠋ᠨ ᠦᠢᠯᠡᠴᠢᠯᠡᠬᠡ ᠬᠠᠩᠭᠠᠵᠤ᠂ ᠲᠡᠳᠡᠨᠢ ᠬᠠᠯᠳᠠᠯᠭ᠎ᠠ ᠵᠢᠨ ᠮᠠᠭᠤ ᠨᠦᠯᠦᠬᠡᠨ ᠡᠴᠨ ᠭᠠᠷᠭᠠᠬᠤ ᠵᠢ ᠵᠤᠷᠢᠵᠠᠢ᠃
ᠬᠡᠦᠬᠡᠳ ᠪᠠᠭᠠᠴᠤᠳ ᠲᠦ᠍ ᠬᠠᠯᠳᠠᠬᠰᠠᠨ ᠶᠠᠯᠠᠳᠤ ᠠᠵᠢᠯᠯᠠᠭ᠎ᠠ ᠨᠢ ᠬᠡᠦᠬᠡᠳ ᠪᠠᠭᠠᠴᠤᠳ ᠲᠦ᠍ ᠬᠤᠤᠷ ᠬᠦᠨᠦᠬᠡᠯ ᠤᠴᠠᠷᠠᠭᠤᠯᠵᠤ᠂ ᠲᠡᠳᠡᠨ ᠤ᠋ ᠪᠡᠶ᠎ᠡ ᠰᠡᠳᠬᠢᠯ ᠤ᠋ᠨ ᠡᠷᠡᠬᠦᠯ ᠴᠢᠬᠢᠷᠠᠬ᠂ ᠰᠤᠷᠤᠯᠭ᠎ᠠ ᠠᠮᠢᠳᠤᠷᠠᠯᠢ ᠨᠢ ᠬᠦᠨᠳᠦ ᠨᠤᠴᠢᠳᠠᠢ ᠨᠦᠯᠦᠬᠡᠯᠡᠳᠡᠭ᠃ ᠤᠳᠤᠬᠢ ᠪᠠᠢᠭ᠎ᠠ ᠬᠠᠤᠯᠢ ᠴᠠᠭᠠᠵᠠ ᠪᠠ ᠬᠡᠷᠡᠭ ᠰᠢᠢᠳᠪᠦᠷᠢᠯᠡᠬᠦ ᠪᠠᠢᠭᠤᠯᠤᠮᠵᠢ ᠵᠢᠨ ᠬᠦᠷᠦᠯᠴᠡᠬᠦ ᠦᠬᠡᠢ ᠲᠠᠯ᠎ᠠ ᠵᠢ ᠨᠦᠬᠦᠪᠦᠷᠢᠯᠡᠬᠦ ᠵᠢᠨ ᠲᠤᠯᠠᠳᠠ᠂ ᠰᠢᠨ᠎ᠡ ᠬᠤᠳᠠ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠨᠢ ᠰᠠᠨᠠᠭᠠᠴᠢᠯᠠᠭ᠎ᠠ ᠲᠠᠢ ᠪᠡᠷ ᠨᠡᠢᠬᠡᠮ ᠤ᠋ᠨ ᠨᠢᠬᠦᠯᠡᠰᠦᠩᠬᠦᠢ ᠵᠢᠨ ᠦᠢᠯᠡᠰ ᠤ᠋ᠨ ᠪᠠᠢᠭᠤᠯᠤᠮᠵᠢ ᠲᠠᠢ ᠬᠠᠮᠳᠤᠷᠠᠯᠴᠠᠨ ᠬᠤᠯᠪᠤᠭᠠᠯᠠᠵᠦ᠂ ᠰᠠᠭᠤᠷᠢ ᠮᠦᠩᠬᠦᠨ ᠤ᠋ ᠨᠡᠢᠬᠡᠮᠯᠢᠭ ᠡᠴᠨ ᠲᠤᠰᠬᠠᠢ ᠪᠡᠯᠡ ᠮᠦᠩᠬᠦ ᠭᠠᠷᠭᠠᠨ ᠬᠡᠦᠬᠡᠳ ᠪᠠᠭᠠᠴᠤᠳ ᠵᠢᠴᠢ ᠬᠡᠷ ᠪᠦᠯᠢ ᠵᠢᠨ ᠬᠢᠨ ᠳ᠋ᠸ᠋ ᠰᠡᠳᠬᠢᠴᠡ ᠵᠢᠨ ᠵᠢᠯᠤᠭᠤᠳᠤᠯᠭ᠎ᠠ ᠪᠠ ᠬᠠᠤᠯᠢ ᠴᠠᠭᠠᠵᠠ ᠵᠢᠨ ᠬᠠᠪᠰᠤᠷᠤᠯᠭ᠎ᠠ ᠵᠡᠷᠬᠡ ᠤᠯᠠᠨ ᠵᠦᠢᠯ ᠤ᠋ᠨ ᠬᠠᠪᠰᠤᠷᠤᠯᠭ᠎ᠠ ᠦᠵᠡᠬᠦᠯᠵᠦ᠂ ᠬᠡᠷᠡᠭᠤᠨ ᠲᠠᠷᠠᠭᠠᠬᠢ ᠤᠷᠳᠤ ᠬᠤᠭᠤᠴᠠᠭᠠᠨ ᠤ᠋ ᠲᠤᠰᠬᠠᠢ ᠮᠡᠷᠬᠡᠵᠢᠯ ᠤ᠋ᠨ ᠰᠡᠳᠬᠢᠴᠡ ᠵᠢᠨ ᠲᠠᠢᠳᠬᠤᠷᠠᠯ ᠬᠠᠩᠭᠠᠵᠦ᠂ ᠠᠮᠢᠳᠤᠷᠠᠯ ᠤ᠋ᠨ ᠲᠡᠮᠵᠢᠯᠬᠡ ᠦᠵᠡᠬᠦᠯᠬᠦ ᠪᠡᠷ ᠲᠠᠮᠵᠢᠨ ᠬᠤᠤᠷᠯᠠᠯ ᠠᠮᠰᠠᠬᠰᠠᠨ ᠬᠡᠦᠬᠡᠳ ᠪᠠᠭᠠᠴᠤᠳ ᠲᠦ᠍ ᠰᠠᠢᠨ ᠰᠠᠢᠬᠠᠨ ᠤᠷᠴᠢᠨ ᠨᠦᠬᠦᠴᠡᠯᠢ ᠪᠤᠢ ᠪᠤᠯᠭᠠᠵᠤ ᠥᠭᠭᠦᠨ᠎ᠡ᠃
ᠠᠵᠢᠯ ᠢ ᠪᠦᠳᠦᠮᠵᠢᠳᠡᠢ ᠶᠠᠪᠤᠬᠳᠠᠭᠤᠯᠬᠤ ᠵᠢᠨ ᠲᠤᠯᠠᠳᠠ᠂ ᠰᠢᠨ᠎ᠡ ᠬᠤᠳᠠ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠲᠤᠰᠬᠠᠢ ᠠᠯᠪᠠᠯᠠᠬᠤ ᠭᠠᠵᠠᠷ ᠲᠤᠬᠢᠷᠠᠭᠤᠯᠵᠦ᠂ ᠠᠵᠢᠯ ᠤ᠋ᠨ ᠠᠭᠤᠯᠭ᠎ᠠ ᠪᠠ ᠶᠠᠪᠤᠴᠠ ᠵᠢ ᠲᠤᠳᠤᠷᠬᠠᠢᠯᠠᠵᠦ᠂ ᠬᠠᠪᠰᠤᠷᠤᠯᠭ᠎ᠠ ᠬᠦᠷᠳᠡᠬᠦ ᠴᠢᠬᠤᠯᠠᠳᠠᠢ ᠵᠠᠯᠠᠭᠤᠴᠤᠳ ᠪᠠᠭᠠᠴᠤᠳ ᠪᠠ ᠦᠢᠯᠡᠴᠢᠯᠡᠬᠦ ᠨᠠᠷᠢᠨ ᠠᠭᠤᠯᠭ᠎ᠠ ᠵᠢ ᠲᠤᠬᠳᠠᠭᠠᠵᠤ᠂ ᠠᠢ ᠶᠸᠦ ᠨᠢᠬᠦᠯᠡᠰᠦᠩᠬᠦᠢ ᠵᠢᠨ ᠦᠢᠯᠡᠰ ᠤ᠋ᠨ ᠰᠠᠭᠤᠷᠢ ᠮᠦᠩᠬᠦᠨ ᠤ᠋ ᠨᠡᠢᠬᠡᠮᠯᠢᠭ ᠡᠴᠨ ᠬᠢᠨᠠᠨ ᠬᠠᠷᠭᠤᠭᠤᠯᠵᠤ ᠵᠤᠭᠤᠰ ᠮᠦᠩᠬᠦ ᠦᠭᠴᠦ ᠠᠪᠤᠷᠠᠨ ᠲᠤᠰᠠᠯᠠᠬᠤ ᠪᠤᠯᠤᠨ᠎ᠠ᠃