ᠣᠢᠷ᠎ᠠ᠎ᠳᠤ᠂ 《ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ᠎ᠵᠢ ᠰᠤᠷᠤᠯᠴᠠᠵᠦ᠂ ᠵᠡᠮᠳᠡᠭᠴᠤᠳ᠎ᠤᠨ ᠢᠲᠡᠭᠡᠮᠵᠢ ᠲᠠᠢ᠂ ᠨᠠᠢᠳᠠᠪᠤᠷᠢ ᠲᠠᠢ ᠲᠤᠲᠤᠨᠤ ᠬᠦᠮᠦᠨ ᠪᠤᠯᠤᠶ᠎ᠠ》 ᠭᠡᠬᠦ ᠭᠤᠤᠯ ᠰᠡᠳᠦᠪᠲᠦ ᠪᠥᠬᠥ᠌ ᠣᠷᠣᠨ᠎ᠤ ᠥᠪᠡᠷ᠎ᠢ᠎ᠪᠡᠨ ᠬᠦᠴᠦᠷᠬᠡᠭ᠌ᠵᠢᠭᠦᠯᠦᠭ᠌ᠰᠡᠨ ᠵᠢᠱ᠌ᠢᠶᠡᠴᠢ ᠵᠢᠴᠢ ᠵᠡᠮᠳᠡᠭ᠌ᠴᠦᠳ᠎ᠢ ᠲᠤᠰᠠᠯᠠᠭ᠍ᠰᠠᠨ ᠲᠡᠷᠢᠭᠦᠨ᠎ᠦ ᠲᠣᠭᠣᠷᠢᠨ ᠤᠬᠠᠭᠤᠯᠤᠨ ᠲᠠᠢᠯᠪᠤᠷᠢᠯᠠᠬᠤ ᠠᠩᠬᠠᠨ᠎ᠤ ᠥᠷᠲᠡᠭᠡ᠎ᠶ᠋ᠢᠨ ᠠᠵᠢᠯᠯᠠᠭ᠎ᠠ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠶᠠᠪᠤᠬᠳᠠᠵᠦ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠵᠢᠴᠢ ᠶᠡᠬᠡ ᠲᠡᠭᠡᠳᠦ ᠰᠤᠷᠭᠠᠭᠤᠯᠢ᠎ᠵᠢᠨ 300 ᠭᠠᠷᠤᠶ ᠬᠥᠮᠦᠨ ᠣᠷᠣᠯᠴᠠᠵᠠᠶ᠃
ᠤᠬᠠᠭᠤᠯᠤᠨ ᠲᠠᠢᠯᠪᠤᠷᠢᠯᠠᠬᠤ ᠲᠠᠪᠴᠠᠩ ᠳᠡᠭᠡᠷ᠎ᠡ᠂ ᠨᠡᠢᠲᠡᠯᠢᠭ ᠦᠢᠯᠡ ᠶᠠᠪᠤᠳᠠᠯ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠨ᠎ᠠ᠃ ᠨᠢᠭᠡᠳᠦᠭᠡᠷ ᠳᠡᠰ᠎ᠤᠨ ᠭᠠᠪᠢᠶᠠᠲᠠᠨ᠂ ᠪᠦᠬᠦ ᠤᠷᠤᠨ᠎ᠤ ᠥᠪᠡᠷ᠎ᠢ᠎ᠪᠡᠨ ᠬᠦᠴᠦᠷᠬᠡᠭ᠌ᠵᠢᠭᠦᠯᠦᠭ᠌ᠰᠡᠨ ᠵᠢᠱ᠌ᠢᠶᠡᠴᠢ ᠬᠤᠸᠠᠩ ᠭᠦᠸᠧ ᠼᠠᠢ ᠭᠠᠯ᠎ᠤᠨ ᠭᠠᠮᠰᠢᠭ ᠡᠴᠡ ᠬᠥᠮᠦᠨ ᠠᠪᠤᠷᠠᠬᠤ᠎ᠠᠴᠠ ᠨᠡᠢᠲᠡ᠎ᠶ᠋ᠢᠨ ᠠᠰᠠᠷᠠᠮᠵᠢ᠎ᠳᠤ ᠣᠷᠣᠯᠴᠠᠬᠤ ᠬᠦᠷᠲᠡᠯᠡᠬᠢ ᠬᠠᠷᠠᠮᠰᠠᠯ ᠦᠭᠡᠢ ᠵᠠᠯᠠᠭᠤ ᠨᠠᠰᠤᠨ᠎ᠤ ᠦᠯᠢᠭᠡᠷ ᠤᠴᠠᠷᠠᠯ ᠵᠢᠡᠨ ᠶᠠᠷᠢᠵᠤ᠂ 《ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠨ ᠴᠤ᠌ ᠵᠣᠷᠢᠭ ᠮᠣᠬᠣᠬᠤ ᠦᠭᠡᠢ》 ᠡᠭᠦᠷᠭᠡᠲᠦ ᠪᠤᠳᠤᠯ᠎ᠢᠶᠠᠨ ᠲᠠᠢᠯᠪᠤᠷᠢᠯᠠᠪᠠ; ᠪᠥᠬᠥ᠌ ᠤᠯᠤᠰ᠎ᠤᠨ ᠵᠡᠮᠳᠡᠭ᠌ᠴᠦᠳ᠎ᠦᠨ ᠠᠵᠢᠯ᠎ᠤᠨ ᠲᠡᠷᠢᠭᠦᠨ᠎ᠦ ᠬᠠᠮᠲᠤ ᠪᠤᠭᠤᠲᠤ ᠬᠣᠲᠠ᠎ᠶ᠋ᠢᠨ ᠵᠡᠮᠳᠡᠭ᠌ᠴᠦᠳ᠎ᠦᠨ ᠡᠷᠡᠭᠦᠯᠵᠢᠯ᠎ᠦᠨ ᠲᠥᠪ᠎ᠤᠨ ᠲᠦᠯᠦᠭᠡᠯᠡᠬᠴᠢ ᠡᠴᠡ ᠦᠨᠳᠦᠰᠦᠨ ᠱᠠᠲᠦᠨ᠎ᠤ ᠡᠮᠦᠨ᠎ᠡ ᠹᠷᠣᠨᠲ ᠲᠦ᠍ ᠬᠦᠨᠵᠡᠬᠡᠢᠷᠡᠭᠰᠡᠨ ᠦᠩᠭᠡᠷᠡᠯᠲᠡ ᠪᠠᠨ ᠶᠠᠷᠢᠵᠦ᠂ 《ᠡᠷᠡᠭᠦᠯ ᠮᠡᠨᠳᠦ ᠰᠤᠷᠭᠠᠨ ᠬᠥᠮᠦᠵᠢᠯ ᠡᠮ ᠡᠮᠨᠡᠯᠭᠡ᠎ᠶ᠋ᠢ ᠤᠶᠠᠯᠳᠤᠭᠤᠯᠬᠤ》 ᠪᠠᠷ ᠳᠠᠮᠵᠢᠨ 2000 ᠭᠠᠷᠤᠶ ᠵᠡᠮᠳᠡᠭ ᠬᠡᠦᠬᠡᠳ᠎ᠲᠤ ᠡᠷᠡᠬᠦᠯᠵᠢᠬᠦᠯᠬᠦ ᠦᠢᠯᠡᠴᠢᠯᠡᠭᠡ ᠬᠠᠩᠭᠠᠬᠰᠠᠨ ᠦᠯᠢᠭᠡᠷ ᠵᠢᠡᠨ ᠬᠤᠪᠢᠶᠠᠯᠴᠠᠪᠠ; ᠵᠡᠮᠳᠡᠭ᠌ᠴᠦᠳ᠎ᠢ ᠲᠤᠰᠠᠯᠠᠭ᠍ᠰᠠᠨ ᠲᠡᠷᠢᠭᠦᠨ᠎ᠦ ᠬᠤᠪᠢ ᠬᠥᠮᠦᠨ ᠵᠧᠦ ᠨᠠ ᠤᠯᠠᠨ ᠵᠢᠯ ᠰᠦᠢᠳᠭᠡᠯ ᠬᠤᠷᠢᠶᠠᠬᠤ ᠦᠭᠡᠢ᠎ᠪᠡᠷ ᠳ᠋ᠤᠨᠤ ᠬᠤᠷᠠᠮᠠᠯ ᠰᠢᠨᠵᠢ ᠲᠠᠢ ᠬᠡᠦᠬᠡᠳ᠎ᠲᠦ ᠬᠢᠴᠢᠶᠡᠯ ᠣᠷᠣᠵᠤ᠂ ᠤᠷᠠᠯᠢᠭ᠎ᠢᠶᠠᠷ ᠬᠡᠤᠬᠡᠳ᠎ᠤᠨ ᠬᠦᠰᠡᠯ᠎ᠢ ᠲᠡᠷᠭᠡᠯᠰᠢᠭᠦᠯᠦᠭᠰᠡᠨ ᠰᠡᠳᠭᠢᠯ ᠬᠥᠳᠡᠯᠭᠡᠮ᠎ᠡ ᠦᠯᠢᠭᠡᠷ ᠵᠢᠡᠨ ᠶᠠᠷᠢᠪᠠ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠨᠢ ᠦᠨᠡᠨ ᠬᠥᠮᠦᠨ ᠦᠨᠡᠨ ᠶᠠᠪᠤᠳᠠᠯ᠎ᠢᠶᠠᠷ ᠢᠳᠡᠪᠬᠢ ᠬᠦᠴᠦᠨ᠎ᠢ ᠳᠠᠮᠵᠢᠭᠤᠯᠵᠤ᠂ ᠦᠢᠯᠡ ᠶᠠᠪᠤᠳᠠᠯ᠎ᠤᠨ ᠮᠡᠳᠡᠭᠦᠯᠦᠯᠲᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ ᠪᠣᠯᠤᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠲᠣᠭᠣᠷᠢᠨ ᠤᠬᠠᠭᠤᠯᠤᠨ ᠲᠠᠢᠯᠪᠤᠷᠢᠯᠠᠬᠤ᠎ᠶ᠋ᠢ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠥᠯᠢᠭᠡᠷ ᠳᠠᠭᠤᠷᠢᠶᠠᠯ᠎ᠤᠨ ᠬᠦᠴᠦᠨ᠎ᠢᠶᠡᠷ ᠨᠡᠢᠭᠡᠮ᠎ᠦᠨ ᠬᠡᠪ ᠰᠤᠷᠲᠠᠯ᠎ᠢ ᠬᠥᠲᠥᠯᠥᠨ ᠳᠠᠭᠠᠭᠤᠯᠵᠤ᠂ ᠬᠠᠢᠷ᠎ᠠ ᠬᠠᠯᠠᠮᠵᠢ᠎ᠶ᠋ᠢᠨ ᠬᠦᠴᠦᠨ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃