ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠶ ᠥᠷᠲᠡᠭᠡ ᠬᠢᠯᠢ ᠵᠢᠨ ᠴᠠᠬᠳᠠᠭ᠎ᠠ ᠳ᠋ᠤ ᠦᠢᠯᠡᠴᠢᠯᠡᠬᠦ ᠡᠮᠴᠢᠯᠡᠭᠡᠨ ᠤ᠋ ᠲᠦᠪᠰᠢᠨ᠎ᠵᠢᠡᠨ ᠲᠡᠭᠡᠭᠰᠢᠯᠡᠬᠦᠯᠵᠦ ᠪᠤᠢ
2026-06-04 10:23:21
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠶ ᠥᠷᠲᠡᠭᠡ ᠬᠢᠭᠡᠳ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠡᠮᠴᠢᠯᠡᠭᠡᠨ ᠤ᠋ ᠡᠮᠨᠡᠨ ᠠᠪᠤᠷᠠᠬᠤ ᠪᠠᠳᠤᠯᠠᠭ᠎ᠠ ᠵᠢᠨ ᠬᠠᠮᠳᠤᠷᠠᠯᠴᠠᠭᠠᠨ ᠤ᠋ ᠵᠥᠪᠯᠡᠯᠴᠡᠭᠡᠷ᠎ᠲᠦ ᠭᠠᠷ᠎ᠤᠨ ᠥᠰᠥᠭ ᠵᠢᠷᠤᠵᠠᠢ᠃

ᠠᠵᠢᠯᠯᠠᠭ᠎ᠠ ᠳ᠋ᠤ᠂ ᠶᠡᠷᠦᠩᠬᠡᠶ ᠥᠷᠲᠡᠭᠡ᠎ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠨ ᠪᠠᠢᠭᠤᠯᠭ᠎ᠠ ᠵᠢᠨ ᠪᠠᠢᠳᠠᠯ᠂ ᠡᠩᠨᠡᠭᠡᠨ᠎ᠦ ᠴᠤᠬᠴᠠᠯᠠᠯᠳᠠ᠎ᠶ᠋ᠢᠨ ᠪᠠᠢᠳᠠᠯ ᠵᠢᠴᠢ ᠠᠷᠠᠳ᠎ᠤᠨ ᠴᠠᠭ᠍ᠳᠠᠭ᠎ᠠ᠎ᠶ᠋ᠢᠨ ᠵᠢᠵᠢᠭᠦᠷᠯᠡᠵᠦ᠍ ᠪᠠᠢᠭ᠎ᠠ ᠪᠠᠢᠳᠠᠯ᠎ᠢ ᠲᠠᠨᠢᠯᠴᠠᠭᠤᠯᠵᠤ᠂ ᠬᠢᠯᠢ ᠬᠢᠵᠠᠭᠠᠷ ᠤᠷᠤᠨ ᠤ᠋ ᠡᠪᠡᠳᠴᠢᠨ ᠦᠵᠡᠭᠦᠯᠬᠦ᠌ ᠎ᠳᠤ ᠲᠤᠯᠭᠠᠷᠠᠵᠤ ᠪᠠᠢᠭ᠎ᠠ ᠬᠦᠴᠢᠷ ᠠᠰᠠᠭᠤᠳᠠᠯ᠎ᠢ ᠶᠠᠷᠢᠵᠤ᠂ ᠲᠣᠰ ᠤᠳᠠᠭ᠎ᠠ᠎ᠶ᠋ᠢᠨ ᠵᠥᠪᠯᠡᠯᠴᠡᠭᠡᠷ ᠲᠣᠭ᠍ᠲᠠᠭ᠍ᠰᠠᠨ᠎ᠢᠶᠠᠷ ᠬᠢᠯᠢ ᠬᠢᠵᠠᠭᠠᠷ᠎ᠤᠨ ᠡᠮᠴᠢᠯᠡᠭᠡᠨ᠎ᠦ ᠬᠦᠴᠢᠷᠳᠡᠯ᠎ᠢ ᠱᠢᠶ᠋ᠳᠪᠦᠷᠢᠯᠡᠵᠦ᠍᠂ ᠠᠷᠠᠳ᠎ᠤᠨ ᠴᠠᠭ᠍ᠳᠠᠭ᠎ᠠ᠎ᠶ᠋ᠢᠨ ᠪᠡᠶ᠎ᠡ ᠰᠡᠳᠭᠢᠯ᠎ᠦᠨ ᠡᠷᠡᠭᠦᠯ ᠮᠡᠨᠳᠦ᠍ ᠳ᠋ᠤ ᠪᠠᠳᠤᠯᠠᠭ᠎ᠠ ᠬᠠᠡᠭᠭᠠᠬᠤ ᠵᠢ ᠬᠦᠰᠡᠵᠦ᠍ ᠪᠠᠢᠨ᠎ᠠ ᠭᠡᠵᠡᠢ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠵᠤ ᠪᠠᠢᠭ᠎ᠠ ᠪᠥᠬᠥ᠌ ᠴᠠᠭ᠍ᠳᠠᠭ᠎ᠠ᠎ᠳᠤ ᠬᠦᠨᠳᠦᠳᠭᠡᠯ ᠳᠡᠪᠱᠢᠭᠦᠯᠵᠦ᠂ ᠬᠠᠮᠵᠢᠯᠴᠠᠨ ᠦᠶ᠋ᠯᠡᠴᠢᠯᠡᠬᠦ᠌ ᠵᠠᠭ᠍ᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠯᠤᠰ ᠡᠵᠡᠮᠱᠢᠯᠲᠦ ᠣᠶᠤᠨᠴᠢ ᠣᠨᠣᠱᠢᠯᠠᠨ ᠡᠮᠨᠡᠬᠦ᠌ ᠮᠡᠷᠭᠡᠵᠢᠯ᠎ᠢᠶᠡᠷ ᠦᠨᠳᠦᠰᠦᠨ ᠱᠠᠲᠤᠨ᠎ᠤ ᠡᠮᠴᠢᠯᠡᠭᠡᠨ᠎ᠦ ᠥᠷᠲᠡᠭᠡ ᠴᠡᠭ᠎ᠲᠠᠢ ᠬᠣᠯᠪᠣᠭᠠᠯᠠᠨ ᠬᠥᠳᠡᠯᠦᠯᠴᠡᠬᠦ ᠮᠡᠷᠭᠡᠵᠢᠯ ᠳ᠋ᠤ ᠲᠦᠰᠢᠭᠯᠡᠨ᠂ ᠠᠷᠠᠳ᠎ᠤᠨ ᠴᠠᠭ᠍ᠳᠠᠭ᠎ᠠ ᠵᠢᠴᠢ ᠬᠡᠷ ᠪᠦᠯᠢ᠎ᠶ᠋ᠢᠨ᠎ᠬᠢᠨ᠎ᠦ ᠡᠪᠡᠳᠴᠢᠨ ᠦᠵᠡᠭᠦᠯᠬᠦ᠌ ᠬᠦᠴᠢᠷᠳᠡᠯ᠎ᠢ ᠱᠢᠶ᠋ᠳᠪᠦᠷᠢᠯᠡᠨ᠂ ᠬᠢᠯᠢ ᠬᠢᠵᠠᠭᠠᠷ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ᠎ᠶ᠋ᠢ ᠪᠡᠬᠢᠵᠢᠭᠦᠯᠦᠨ᠎ᠡ ᠭᠡᠵᠦ ᠢᠯᠡᠳᠭᠡᠪᠡ᠃

ᠲᠦᠷᠦᠭᠦᠦ ᠬᠣᠶᠠᠷ ᠵᠢᠯ᠎ᠳᠦ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠡᠮᠴᠢᠯᠡᠭᠡᠨ᠎ᠦ ᠪᠦᠯᠬᠦᠮ ᠲᠣᠮᠢᠯᠠᠨ᠂ ᠤᠷᠢᠳ ᠬᠤᠵᠢᠳ ᠦᠨᠳᠦᠰᠦᠨ ᠱᠠᠲᠤᠨ᠎ᠤ 60 ᠭᠠᠷᠤᠶ ᠡᠭᠦᠷᠭᠡ ᠭᠦᠶ᠋ᠴᠡᠳᠭᠡᠬᠦ᠌ ᠨᠢᠭᠡᠴᠢ᠎ᠳᠦ ᠬᠦᠷᠴᠦ᠍᠂ 2900 ᠭᠠᠷᠤᠶ ᠠᠷᠠᠳ᠎ᠤᠨ ᠴᠠᠭ᠍ᠳᠠᠭ᠎ᠠ᠂ ᠬᠢᠯᠢ ᠬᠠᠮᠠᠭᠠᠯᠠᠭ᠍ᠴᠢ ᠵᠢᠴᠢ ᠰᠠᠭᠤᠭ᠎ᠠ ᠭᠠᠵᠠᠷ᠎ᠤᠨ ᠣᠯᠠᠨ ᠲᠦᠮᠡᠨ᠎ᠳᠦ ᠡᠮᠴᠢᠯᠡᠭᠡᠨ ᠤ᠋ ᠦᠶ᠋ᠯᠡᠴᠢᠯᠡᠭᠡ ᠬᠠᠩᠭᠠᠵᠠᠢ᠃

ᠲᠤᠰ ᠤᠳᠠᠭᠠᠨ ᠤ᠋ ᠵᠥᠪᠯᠡᠯᠴᠡᠭᠡᠷ ᠲᠤᠬᠳᠠᠭᠰᠠᠨ᠎ᠨᠢ ᠶᠡᠷᠦᠩᠬᠡᠶ ᠥᠷᠲᠡᠭᠡ᠎ᠶ᠋ᠢᠨ ᠠᠷᠠᠳ ᠤ᠋ᠨ ᠴᠠᠭ᠍ᠳᠠᠭ᠎ᠠ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠬᠰᠠᠨ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠶᠡᠷᠦᠩᠬᠡᠢ ᠦᠷᠳᠡᠭᠡ ᠡᠮᠨᠡᠯᠭᠡ ᠵᠢᠨ ᠬᠤᠷᠢᠶ᠎ᠠ ᠬᠠᠮᠲᠤ᠎ᠪᠠᠷ ᠪᠠᠢᠭᠤᠯᠬᠤ ᠠᠵᠢᠯ ᠵᠢᠷᠤᠮᠵᠢᠭ᠍ᠰᠠᠨ᠂ ᠣᠷᠳᠣ ᠬᠤᠭᠤᠴᠠᠭᠠᠨ᠎ᠤ ᠪᠦᠲᠦᠮᠵᠢᠲᠡᠶ ᠱᠢᠨ᠎ᠡ ᠱᠠᠲᠤᠨ᠎ᠳᠤ ᠣᠷᠣᠵᠤ᠂ ᠦᠨᠳᠦᠰᠦᠨ ᠱᠠᠲᠤᠨ᠎ᠤ ᠡᠪᠡᠳᠴᠢᠨ ᠦᠵᠡᠭᠦᠯᠬᠦ᠌ ᠬᠦᠰᠡᠯ ᠱᠠᠭᠠᠷᠳᠠᠯᠭ᠎ᠠ᠎ᠳᠤ ᠬᠠᠷᠢᠭᠤᠯᠲᠠ ᠥᠭ᠌ᠴᠦ᠂ ᠤᠮᠠᠷᠠᠲᠤ ᠬᠢᠯᠢ᠎ᠶ᠋ᠢᠨ ᠠᠮᠤᠷ ᠲᠦᠪᠰᠢᠨ ᠲᠤᠬᠳᠠᠭᠤᠨ᠎ᠢ ᠬᠠᠮᠠᠭᠠᠯᠠᠬᠤ᠎ᠳᠤ ᠡᠷᠡᠭᠦᠯ ᠮᠡᠨᠳᠦ᠍᠎ᠶ᠋ᠢᠨ ᠪᠠᠳᠤᠯᠠᠭ᠎ᠠ ᠬᠠᠡᠭᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号