ᠰᠤᠷᠪᠤᠯᠵᠢᠯᠠᠭ᠍ᠴᠢ 6 ᠰᠠᠷ᠎ᠠ
ᠵᠢᠨ
2᠎ᠤᠨ ᠡᠳᠦᠷ ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠤᠯᠤᠰ᠎ᠤᠨ ᠬᠡᠪᠯᠡᠯ᠎ᠦᠨ
ᠡᠷᠬᠡ᠎ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ
ᠶᠠᠮᠤᠨ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠣᠢᠷ᠎ᠠ᠎ᠳᠤ ᠰᠦᠯᠵᠢᠶᠡᠨ᠎ᠦ ᠬᠡᠪᠯᠡᠯ᠎ᠤᠨ
ᠡᠷᠬᠡ᠎ᠳᠦ ᠬᠠᠯᠳᠠᠬᠤ ᠠᠵᠢᠯᠯᠠᠭ᠎ᠠ᠎ᠳᠤ ᠴᠣᠬᠢᠯᠲᠠ ᠥᠭᠬᠦ《ᠰᠦᠯᠵᠢᠶᠡᠨ᠎ᠤ ᠰᠡᠯᠡᠮ᠎ᠡ 2026》 ᠲᠤᠰᠬᠠᠢ ᠠᠵᠢᠯᠯᠠᠭ᠎ᠠ᠎ᠶᠢ ᠬᠠᠮᠲᠤᠷᠠᠨ ᠡᠬᠢᠯᠡᠭᠦᠯᠪᠡ᠂ ᠡᠨᠡ ᠪᠣᠯ ᠳᠥᠷᠪᠡᠨ ᠰᠠᠯᠠᠭ᠎ᠠ ᠮᠥᠴᠢᠷ᠎ᠦᠨ
22 ᠳ᠋ᠡᠬᠢ ᠤᠳᠠᠭ᠎ᠠ ᠭᠣᠣᠯᠳᠠᠯᠭ᠎ᠠ᠎ᠲᠠᠢ ᠪᠦᠲᠦᠭᠡᠯ᠎ᠦᠨ ᠬᠦᠷᠢᠶ᠎ᠡ ᠵᠢᠴᠢ ᠭᠣᠣᠯᠳᠠᠯᠭ᠎ᠠ᠎ᠲᠠᠢ ᠰᠦᠯᠵᠢᠶᠡᠨ᠎ᠦ
ᠲᠠᠪᠴᠠᠩ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠵᠠᠰᠠᠯᠲᠠ᠎ᠶᠢᠨ ᠠᠵᠢᠯ ᠥᠷᠨᠢᠭᠦᠯᠵᠦ ᠪᠠᠢᠭ᠎ᠠ ᠶᠠᠪᠤᠳᠠᠯ
ᠪᠣᠯᠣᠨ᠎ᠠ᠃
ᠲᠣᠰ ᠤᠳᠠᠭᠠᠨ᠎ᠤ ᠲᠤᠰᠬᠠᠢ ᠠᠵᠢᠯᠯᠠᠭ᠎ᠠ᠎ᠶᠢ
6 ᠰᠠᠷ᠎ᠠ᠎ᠠᠴᠠ 11 ᠰᠠᠷ᠎ᠠ ᠪᠣᠯᠲᠠᠯ᠎ᠠ ᠥᠷᠨᠢᠭᠦᠯᠵᠦ᠂ 4 ᠭᠣᠣᠯᠳᠠᠯᠭ᠎ᠠ᠎ᠲᠠᠢ ᠬᠦᠷᠢᠶ᠎ᠡ᠎ᠳᠦ ᠠᠩᠬᠠᠷᠤᠯ ᠲᠥᠪᠯᠡᠷᠡᠭᠦᠯᠪᠡ᠄
ᠨᠢᠭᠡᠳ᠋ᠤ᠂ ᠺᠢᠨᠣ᠋ ᠲᠧᠯᠸᠢᠰ ᠵᠦᠴᠦᠭᠡ᠎ᠶᠢᠨ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠪᠠᠷ ᠭᠣᠣᠯᠳᠠᠯᠭ᠎ᠠ
ᠪᠣᠯᠭᠠᠵᠤ᠂ ᠰᠦᠯᠵᠢᠶᠡᠨ᠎ᠦ ᠲᠠᠪᠠᠭ᠂ ᠬᠠᠢᠭᠤᠷ᠂ ᠬᠠᠢᠯᠲᠠ᠎ᠶᠢᠨ ᠬᠥᠳᠡᠯᠭᠡᠭᠦᠷ ᠵᠡᠷᠭᠡ ᠰᠦᠯᠵᠢᠶᠡᠨ᠎ᠦ ᠦᠢᠯᠡᠴᠢᠯᠡᠭᠡᠨ᠎ᠦ
ᠲᠠᠪᠴᠠᠩ᠎ᠤᠨ ᠰᠠᠨᠠᠭᠠᠴᠢᠯᠠᠭ᠎ᠠ᠎ᠠᠴᠠ᠎ᠪᠠᠨ ᠬᠡᠪᠯᠡᠯ ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠤᠨ
ᠬᠤᠯᠪᠤᠭᠠᠰᠤ ᠬᠠᠩᠭᠠᠬᠤ ᠵᠢᠴᠢ ᠬᠠᠮᠢᠶ᠎ᠠ ᠪᠦᠬᠦᠢ ᠦᠢᠯᠡᠴᠢᠯᠡᠭᠡ ᠬᠠᠩᠭᠠᠬᠤ᠎ᠶᠢ ᠬᠦᠴᠦᠯᠡᠨ ᠴᠡᠭᠴᠡᠯᠡᠨ ᠵᠠᠰᠠᠵᠤ᠂
ᠰᠢᠭᠤᠳ ᠨᠡᠪᠲᠡᠷᠡᠭᠦᠯᠭᠡ᠂ ᠤᠷᠤᠯᠠᠨ ᠬᠠᠢᠬᠤ᠂ ᠤᠷᠤᠰᠴᠠ ᠤᠳᠤᠷᠢᠳᠬᠤ ᠵᠡᠷᠭᠡ ᠠᠷᠭ᠎ᠠ ᠮᠠᠶᠢᠭ᠋᠎ᠢᠶᠠᠷ ᠬᠡᠪᠯᠡᠯ
ᠬᠤᠯᠠᠭᠠᠢᠯᠠᠭᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠢ ᠤᠯᠠᠮᠵᠢᠯᠠᠨ ᠲᠠᠷᠬᠠᠭᠠᠬᠤ ᠪᠤᠶᠤ ᠬᠤᠳᠠᠯᠳᠤᠬᠤ
ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠦᠴᠦᠯᠡᠨ ᠴᠡᠭᠴᠡᠯᠡᠨ ᠵᠠᠰᠠᠨ᠎ᠠ᠃ ᠬᠣᠶᠠᠷ᠎ᠲᠤ᠂
ᠰᠣᠶᠣᠯ᠎ᠤᠨ ᠡᠭᠦᠳᠦᠯᠲᠡ᠎ᠶᠢᠨ ᠬᠡᠪᠯᠡᠯ᠎ᠦᠨ ᠡᠷᠬᠡ᠎ᠶᠢ ᠬᠠᠮᠠᠭᠠᠯᠠᠬᠤ᠎ᠪᠠᠷ ᠭᠣᠣᠯᠳᠠᠯᠭ᠎ᠠ ᠪᠣᠯᠭᠠᠵᠤ᠂ ᠰᠣᠶᠣᠯ᠎ᠤᠨ
ᠡᠭᠦᠳᠦᠯᠲᠡ᠎ᠶᠢᠨ ᠬᠦᠷᠢᠶᠡᠨ᠎ᠳᠡᠬᠢ ᠠᠳᠠᠯᠢ ᠴᠢᠨᠠᠷᠰᠢᠭᠤᠯᠤᠨ ᠬᠤᠯᠠᠭᠠᠢᠯᠠᠬᠤ᠂ ᠤᠷᠤᠰᠬᠠᠯ ᠳᠠᠭᠠᠬᠤ
ᠬᠡᠯᠪᠡᠷᠢ ᠪᠡᠷ ᠬᠠᠭᠤᠯᠪᠤᠷᠢᠯᠠᠬᠤ᠂ ᠬᠤᠳᠠᠯ ᠬᠠᠭᠤᠷᠮᠠᠭ ᠬᠡᠪᠯᠡᠯ᠎ᠦᠨ ᠡᠷᠬᠡ᠎ᠶᠢᠨ ᠳᠠᠩᠰᠠᠯᠠᠯᠲᠠ ᠬᠢᠬᠦ᠂ ᠨᠠᠷᠠᠲᠤ
IP᠎ᠶᠢ ᠳᠠᠭᠤᠷᠢᠶᠠᠨ ᠨᠡᠷ᠎ᠡ ᠬᠣᠯᠪᠣᠬᠤ᠂
ᠡᠷᠬᠡ ᠣᠯᠭᠣᠯᠲᠠ ᠵᠢ ᠬᠠᠭᠤᠷᠮᠠᠭ ᠵᠤᠬᠢᠶᠠᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠦᠢᠯᠡᠳᠪᠦᠷᠢᠯᠡᠬᠦ᠎ᠶᠢᠨ
ᠬᠠᠮᠲᠤ ᠰᠦᠯᠵᠢᠶ᠎ᠡ ᠪᠤᠶᠤ ᠪᠤᠳᠠᠳᠤ ᠤᠷᠴᠢᠨ᠎ᠳᠤ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ
ᠠᠵᠢᠯᠯᠠᠭ᠎ᠠ᠎ᠶᠢ ᠬᠦᠴᠦᠯᠡᠨ ᠴᠡᠭᠴᠡᠯᠡᠨ ᠵᠠᠰᠠᠨ᠎ᠠ᠃ ᠭᠤᠷᠪᠠ᠎ᠳᠤ᠂ ᠨᠣᠮ ᠪᠢᠴᠢᠭ᠎ᠦᠨ ᠬᠡᠪᠯᠡᠯ᠎ᠦᠨ ᠡᠷᠬᠡ᠎ᠶᠢᠨ
ᠬᠠᠮᠠᠭᠠᠯᠠᠯᠲᠠ᠎ᠪᠠᠷ ᠭᠣᠣᠯᠳᠠᠯᠭ᠎ᠠ ᠪᠣᠯᠭᠠᠵᠤ᠂ 《ᠬᠡᠷᠡᠭᠴᠡᠭᠡ᠎ᠵᠢ ᠦᠨᠳᠦᠰᠦᠯᠡᠨ ᠬᠤᠯᠠᠭᠠᠢᠯᠠᠨ ᠳᠠᠷᠤᠮᠠᠯᠯᠠᠬᠤ》᠂ ᠵᠢᠩᠬᠢᠨᠢ ᠪᠠ ᠬᠠᠭᠤᠷᠮᠠᠭ
ᠬᠡᠪᠯᠡᠯ᠎ᠤᠨ ᠨᠤᠮ᠎ᠢ ᠬᠤᠳᠬᠤᠯᠳᠤᠭᠤᠯᠤᠨ ᠬᠤᠳᠠᠯᠳᠤᠬᠤ᠂ ᠵᠤᠷᠢᠭᠤᠳᠠ᠎ᠪᠠᠷ ᠪᠠᠷᠠᠭ᠎ᠠ ᠳᠠᠮᠵᠢᠭᠤᠯᠤᠨ
ᠪᠤᠷᠤᠯᠠᠭᠤᠯᠬᠤ᠂ ᠰᠦᠯᠵᠢᠶ᠎ᠡ ᠪᠡᠷ ᠤᠷᠤᠰᠴᠠ ᠵᠢ
ᠠᠰᠢᠬᠯᠠᠨ ᠬᠤᠯᠠᠭᠠᠢᠯᠠᠨ ᠬᠡᠪᠯᠡᠭᠰᠡᠨ ᠨᠣᠮ ᠪᠢᠴᠢᠭ ᠵᠢᠴᠢ ᠡᠯᠧᠺᠲᠷᠣᠨ ᠨᠣᠮ᠎ᠤᠨ ᠡᠬᠢ ᠪᠠᠶᠠᠯᠢᠭ᠋᠎ᠢ ᠪᠣᠷᠣᠯᠠᠭᠤᠯᠬᠤ
ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠪᠠᠢᠴᠠᠭᠠᠨ ᠰᠢᠢᠳᠪᠦᠷᠢᠯᠡᠨ᠎ᠠ᠃
ᠳᠥᠷᠪᠡ᠎ᠳᠦ᠂ ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢ ᠴᠡᠭᠴᠡᠯᠡᠨ ᠵᠠᠰᠠᠬᠤ᠎ᠪᠠᠷ
ᠭᠣᠣᠯᠳᠠᠯᠭ᠎ᠠ ᠪᠣᠯᠭᠠᠵᠤ᠂ ᠲᠣᠮᠣ᠌ ᠵᠠᠭᠪᠤᠷ᠎ᠤᠨ ᠪᠣᠯᠪᠠᠰᠤᠷᠠᠭᠤᠯᠤᠯ᠎ᠤᠨ ᠬᠡᠯᠡᠨ᠎ᠦ ᠮᠠᠲᠧᠷᠢᠶᠠᠯ᠎ᠤᠨ ᠬᠡᠪᠯᠡᠯ᠎ᠦᠨ
ᠡᠷᠬᠡ᠎ᠶᠢᠨ ᠲᠣᠭᠲᠠᠭᠠᠯ᠎ᠳᠤ ᠨᠡᠢᠴᠡᠬᠦ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠎ᠠ᠃
ᠤᠯᠤᠰ᠎ᠤᠨ ᠬᠡᠪᠯᠡᠯ᠎ᠦᠨ ᠡᠷᠬᠡ᠎ᠶᠢᠨ ᠲᠣᠪᠴᠢᠶ᠎ᠠ᠎ᠶᠢᠨ
ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠲᠣᠰ ᠤᠳᠠᠭᠠᠨ᠎ᠤ ᠲᠤᠰᠬᠠᠢ ᠠᠵᠢᠯᠯᠠᠭ᠎ᠠ
ᠨᠢ ᠭᠣᠣᠯᠳᠠᠯᠭ᠎ᠠ᠎ᠲᠠᠢ ᠬᠦᠷᠢᠶᠡᠨ᠎ᠳᠡᠬᠢ ᠲᠤᠰᠬᠠᠢ ᠵᠠᠰᠠᠯᠲᠠ᠎ᠪᠠᠷ ᠳᠠᠮᠵᠢᠭᠤᠯᠤᠨ᠂ ᠸᠢᠳᠢᠤ᠋ ᠠᠤᠳᠢᠤ᠋᠂ ᠰᠣᠶᠣᠯ᠎ᠤᠨ
ᠡᠭᠦᠳᠦᠯᠲᠡ᠂ ᠨᠣᠮ ᠪᠢᠴᠢᠭ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠬᠡᠪᠯᠡᠯ᠎ᠦᠨ ᠡᠷᠬᠡ᠎ᠶᠢᠨ ᠡᠮᠬᠢ ᠵᠢᠷᠤᠮ᠎ᠢ
ᠲᠠᠰᠤᠷᠠᠯᠲᠠ ᠦᠭᠡᠢ ᠵᠢᠷᠤᠮᠵᠢᠭᠤᠯᠵᠤ᠂ ᠰᠣᠶᠣᠯ᠎ᠤᠨ ᠠᠵᠤ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ᠎ᠳᠦ ᠦᠢᠯᠡᠴᠢᠯᠡᠵᠦ᠂
ᠪᠢᠴᠢᠭ᠎ᠦᠨ ᠰᠤᠷᠪᠤᠯᠵᠢᠲᠤ ᠨᠡᠢᠭᠡᠮ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠰᠢᠨ᠎ᠡ᠎ᠪᠡᠷ ᠬᠥᠭᠵᠢᠭᠰᠡᠨ
ᠬᠦᠷᠢᠶᠡᠨ᠎ᠳᠡᠬᠢ ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠳᠦᠷᠢᠮ᠎ᠢ ᠲᠡᠭᠦᠯᠳᠡᠷᠵᠢᠭᠦᠯᠦᠨ᠂ ᠪᠥᠬᠥ ᠨᠡᠢᠭᠡᠮ᠎ᠦᠨ
ᠰᠢᠨ᠎ᠡ᠎ᠶᠢ ᠡᠭᠦᠳᠴᠦ ᠡᠭᠦᠳᠦᠨ ᠪᠦᠲᠦᠭᠡᠬᠦ ᠠᠮᠢᠳᠤᠯᠢᠭ᠋ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ ᠭᠡᠵᠡᠢ᠃
ᠲᠤᠰᠬᠠᠢ ᠠᠵᠢᠯᠯᠠᠭ᠎ᠠ ᠨᠢ ᠬᠡᠷᠡᠭ᠎ᠢ ᠪᠠᠢᠴᠠᠭᠠᠨ ᠰᠢᠢᠳᠪᠦᠷᠢᠯᠡᠬᠦ᠎ᠶᠢ ᠳᠣᠪᠣᠶ᠋ᠢᠯᠭᠠᠵᠤ᠂ ᠤᠯᠠᠨ ᠳᠦᠮᠡᠨ ᠢᠳᠡᠪᠬᠢᠲᠡᠢ᠎ᠪᠡᠷ
ᠢᠯᠡᠴᠢᠯᠡᠨ ᠮᠡᠳᠡᠭᠦᠯᠵᠦ᠂ ᠡᠷᠬᠡ᠎ᠳᠦ ᠬᠠᠯᠳᠠᠨ ᠬᠡᠪᠯᠡᠯ ᠬᠤᠯᠠᠭᠠᠢᠯᠠᠭᠰᠠᠨ ᠬᠡᠷᠡᠭ᠎ᠦᠨ ᠰᠦᠪᠡᠭᠴᠢ ᠬᠠᠩᠭᠠᠬᠤ᠎ᠶᠢ
ᠬᠦᠰᠡᠵᠦ ᠪᠠᠢᠨ᠎ᠠ᠃
(ᠢᠷᠡᠯᠲᠡ᠄ ᠰᠢᠨᠬᠤᠸᠠ ᠬᠤᠷᠢᠶ᠎ᠠ)