ᠣᠢᠷ᠎ᠠ᠎ᠳᠤ᠂ ᠤᠯᠠᠭᠠᠨᠬᠠᠳᠠ ᠬᠣᠲᠠ᠎ᠶᠢᠨ
ᠬᠤᠩᠱᠠᠨ ᠲᠣᠭᠣᠷᠢᠭ᠋᠎ᠤᠨ ᠬᠣᠩ ᠮᠢᠶᠣᠣ ᠽᠢ ᠲᠤᠷᠰᠢᠯᠲᠠ᠎ᠶᠢᠨ ᠰᠠᠭᠤᠷᠢᠨ᠎ᠳᠤ᠂ ᠥᠪᠥᠷ ᠮᠣᠩᠭᠣᠯ᠎ᠤᠨ ᠪᠠ ᠵᠤᠸᠠ
ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠥᠨᠳᠥᠷ ᠴᠢᠳᠠᠪᠬᠢᠲᠤ
ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠣᠭᠣᠴᠢ ᠦᠭᠡᠢ ᠮᠠᠰᠢᠨ ᠬᠥᠮᠥᠨ᠎ᠦ ᠰᠦᠷᠦᠭᠵᠢᠯ᠎ᠦᠨ ᠠᠵᠢᠯ᠎ᠤᠨ
ᠦᠵᠡᠭᠦᠯᠭᠡ ᠵᠢᠴᠢ ᠪᠠᠶᠠᠨᠨᠠᠭᠤᠷ ᠬᠣᠲᠠ᠎ᠳᠤ ᠮᠣᠷᠳᠠᠬᠤ ᠶᠣᠰᠣᠯᠠᠯ ᠶᠠᠪᠤᠭᠳᠠᠪᠠ᠃ ᠡᠨᠡ ᠪᠣᠯ ᠯᠠᠢᠰᠧᠷ
ᠭᠡᠷᠡᠯ ᠵᠢᠡᠷ ᠡᠪᠡᠰᠦ ᠠᠷᠢᠯᠭᠠᠬᠤ ᠵᠢᠯᠣᠭᠣᠴᠢ ᠦᠭᠡᠢ ᠮᠠᠰᠢᠨ ᠬᠥᠮᠥᠨ ᠠᠩᠬ᠎ᠠ ᠤᠳᠠᠭ᠎ᠠ ᠥᠪᠥᠷ ᠮᠣᠩᠭᠣᠯ᠎ᠳᠤ
ᠰᠦᠷᠦᠭᠯᠡᠨ ᠠᠵᠢᠯᠯᠠᠵᠤ ᠪᠠᠢᠭ᠎ᠠ ᠶᠠᠪᠤᠳᠠᠯ ᠪᠣᠯᠣᠨ᠎ᠠ᠃
ᠲᠤᠷᠰᠢᠯᠲᠠ᠎ᠶᠢᠨ ᠰᠠᠭᠤᠷᠢᠨ᠎ᠤ ᠲᠤᠬᠠᠢ᠎ᠶᠢᠨ
ᠲᠠᠯᠠᠪᠠᠶ᠎ᠳᠤ᠂ 6 ᠰᠠᠤᠷᠢ ᠯᠠᠢᠰᠧᠷ ᠭᠡᠷᠡᠯ ᠵᠢᠡᠷ ᠡᠪᠡᠰᠦ ᠠᠷᠢᠯᠭᠠᠬᠤ ᠵᠢᠯᠤᠭᠤᠴᠢ ᠦᠭᠡᠢ ᠮᠠᠰᠢᠨ ᠬᠥᠮᠥᠨ᠎ᠢ
ᠵᠡᠷᠭᠡ᠎ᠪᠡᠷ ᠠᠵᠢᠯᠯᠠᠭᠤᠯᠵᠤ᠂ ᠲᠠᠷᠢᠶᠠᠨ ᠭᠠᠵᠠᠷ᠎ᠲᠤ ᠪᠦᠬᠦᠢᠯᠡ ᠠᠯᠬᠤᠮ ᠳᠠᠷᠠᠭᠠᠯᠠᠯ᠎ᠢ ᠲᠤᠷᠰᠢᠬᠤ᠎ᠶᠢ ᠤᠷᠤᠭᠰᠢᠲᠠᠢ
ᠪᠡᠶᠡᠯᠡᠭᠦᠯᠵᠦ᠂ ᠡᠯ᠎ᠡ ᠵᠦᠢᠯ᠎ᠦᠨ ᠴᠢᠳᠠᠮᠵᠢ᠎ᠶᠢᠨ ᠭᠦᠢᠴᠡᠳᠬᠡᠯ ᠲᠣᠭ᠎ᠠ᠎ᠨᠢ ᠴᠥᠮ ᠪᠠᠷᠢᠮᠵᠢᠶ᠎ᠠ᠎ᠳᠤ ᠬᠦᠷᠪᠡ᠃
ᠮᠠᠰᠢᠨ ᠬᠥᠮᠥᠨ ᠨᠢ ᠳᠡᠭᠡᠳᠦ ᠨᠠᠷᠢᠯᠢᠭ᠋ ᠵᠠᠮᠴᠢᠯᠠᠭᠤᠷ᠎ᠤᠨ ᠵᠢᠯᠣᠭᠣᠴᠢ ᠦᠭᠡᠢ ᠵᠢᠯᠤᠭᠣᠳᠤᠯᠭ᠎ᠠ ᠬᠢᠭᠡᠳ ᠣᠯᠠᠨ
ᠨᠢᠰᠬᠡᠯ ᠬᠠᠮᠵᠢᠯᠴᠠᠨ ᠠᠵᠢᠯᠯᠠᠬᠤ ᠮᠡᠷᠭᠡᠵᠢᠯ᠎ᠳᠦ ᠲᠦᠰᠢᠭᠯᠡᠨ᠂ ᠮᠡᠳᠡᠷᠡᠭᠴᠢ ᠪᠡᠷ ᠳᠠᠮᠵᠢᠭᠤᠯᠤᠨ ᠲᠠᠷᠢᠶᠠᠨ
ᠭᠠᠵᠠᠷ᠎ᠤᠨ ᠣᠷᠴᠢᠨ ᠲᠣᠭᠣᠷᠢᠨ᠎ᠢ ᠴᠠᠭ ᠲᠤᠬᠠᠢ ᠳ᠋ᠤᠨᠢ ᠮᠡᠳᠡᠷᠡᠨ ᠮᠡᠳᠡᠵᠦ᠂ ᠠᠵᠢᠯᠯᠠᠬᠤ ᠵᠠᠮ᠎ᠢᠶᠠᠨ ᠦᠪᠡᠷᠲᠡᠭᠡᠨ
ᠲᠥᠯᠥᠪᠵᠢᠭᠦᠯᠵᠦ᠂ ᠵᠢᠯᠣᠭᠣᠴᠢ ᠦᠭᠡᠢ᠎ᠪᠡᠷ ᠨᠠᠷᠢᠯᠢᠭ᠋ ᠣᠨᠣᠴᠠᠲᠠᠢ ᠠᠶᠠᠯᠠᠬᠤ᠎ᠶᠢ ᠪᠡᠶᠡᠯᠡᠭᠦᠯᠪᠡ︔ ᠡᠭᠦᠨ᠎ᠦ
ᠬᠠᠮᠲᠤ ᠮᠠᠰᠢᠨ ᠬᠠᠷᠠᠭᠠᠨ ᠰᠡᠷᠡᠯ ᠪᠠ ᠲᠠᠷᠢᠶᠠᠯᠠᠩ᠎ᠤᠨ ᠲᠣᠮᠣ᠌ ᠵᠠᠭᠪᠤᠷ᠎ᠤᠨ ᠢᠯᠭᠠᠨ ᠲᠠᠨᠢᠬᠤ ᠮᠡᠷᠭᠡᠵᠢᠯ᠎ᠢ
ᠤᠶᠠᠯᠳᠤᠭᠤᠯᠤᠨ᠂ ᠲᠠᠷᠢᠮᠠᠯ ᠪᠠ ᠪᠤᠵᠠᠷ ᠡᠪᠡᠰᠦ᠎ᠶᠢ ᠣᠨᠣᠪᠴᠢᠲᠠᠶ ᠢᠯᠭᠠᠨ᠂ ᠪᠤᠵᠠᠷ ᠡᠪᠡᠰᠦ᠎ᠶᠢᠨ ᠪᠠᠢᠷᠢ᠎ᠶᠢ
ᠲᠦᠷᠭᠡᠨ ᠲᠣᠭᠲᠠᠭᠠᠬᠤ᠎ᠶᠢᠨ ᠬᠠᠮᠲᠤ 100 ᠮᠢᠯᠢᠰᠸᠺᠦ᠋ᠨ᠋ᠲᠤᠨ ᠳᠣᠲᠣᠷ᠎ᠠ ᠪᠤᠵᠠᠷ ᠡᠪᠡᠰᠦ᠎ᠶᠢ ᠨᠠᠷᠢᠯᠢᠭ᠋ ᠣᠨᠣᠴᠠᠲᠠᠢ᠎ᠪᠠᠷ
ᠴᠡᠪᠡᠷᠯᠡᠨ ᠠᠷᠢᠯᠭᠠᠵᠤ᠂ ᠡᠷᠬᠢᠨ ᠲᠣᠭᠣᠷᠢᠨ᠎ᠤ ᠲᠠᠷᠢᠮᠠᠯ᠎ᠢ ᠭᠡᠮᠲᠦᠭᠡᠬᠦ ᠦᠭᠡᠢ ᠪᠠᠢᠳᠠᠭ᠃ ᠣᠯᠠᠨ ᠭᠠᠵᠠᠷ᠎ᠤᠨ
ᠲᠠᠷᠢᠶᠠᠨ ᠳᠤᠮᠳᠠ ᠲᠤᠷᠰᠢᠭᠰᠠᠨ ᠪᠠᠢᠴᠠᠭᠠᠯᠲᠠ᠎ᠪᠠᠷ᠂ ᠪᠤᠵᠠᠷ ᠡᠪᠡᠰᠦ᠎ᠶᠢ ᠠᠷᠢᠯᠭᠠᠬᠤ ᠨᠣᠷᠮ᠎ᠠ ᠨᠢ 95%᠎ᠠᠴᠠ
ᠳᠡᠭᠡᠭᠰᠢ ᠪᠠᠢᠵᠤ᠂ ᠠᠵᠢᠯ᠎ᠤᠨ ᠦᠷ᠎ᠡ ᠪᠦᠲᠦᠮᠵᠢ ᠨᠢ ᠬᠥᠮᠥᠨ᠎ᠦ ᠬᠦᠴᠦ᠎ᠪᠡᠷ ᠡᠪᠡᠰᠦ ᠠᠷᠢᠯᠭᠠᠬᠤ᠎ᠶᠢᠨ 40 ᠳᠠᠬᠢᠨ
ᠪᠠᠢᠳᠠᠭ᠃ ᠪᠦᠬᠦ ᠶᠠᠪᠤᠴᠠ᠎ᠳᠤ ᠯᠠᠢᠰᠧᠷ ᠭᠡᠷᠡᠯ᠎ᠢᠶᠡᠷ ᠡᠪᠡᠰᠦ ᠠᠷᠢᠯᠭᠠᠬᠤ ᠹᠢᠽᠢᠺ᠎ᠤᠨ ᠠᠷᠭ᠎ᠠ ᠵᠢ
ᠠᠰᠢᠭᠯᠠᠵᠤ᠂ ᠲᠠᠷᠢᠶᠠᠨ ᠡᠮ᠎ᠦᠨ ᠪᠤᠬᠢᠷᠳᠤᠯ ᠦᠯᠡᠳᠡᠭᠡᠬᠦ ᠦᠭᠡᠢ᠂ ᠬᠥᠷᠥᠰᠥ ᠰᠢᠷᠣᠢ ᠵᠢ ᠥᠴᠥᠬᠡᠨ ᠴᠦ᠍ ᠬᠦᠳᠡᠯᠭᠡᠬᠦ
ᠦᠭᠡᠢ᠂ ᠪᠣᠬᠢᠷᠲᠤᠯ ᠦᠭᠡᠢ᠎ᠪᠠᠷ ᠡᠪᠡᠰᠦ ᠠᠷᠢᠯᠭᠠᠬᠤ᠎ᠶᠢ ᠦᠨᠡᠨ ᠬᠦ᠌ ᠪᠡᠶᠡᠯᠡᠭᠦᠯᠵᠡᠢ᠃
ᠯᠠᠢᠰᠧᠷ ᠭᠡᠷᠡᠯ ᠵᠢᠡᠷ ᠡᠪᠡᠰᠦ ᠠᠷᠢᠯᠭᠠᠬᠤ
ᠵᠢᠯᠣᠭᠣᠴᠢ ᠦᠭᠡᠢ ᠮᠠᠰᠢᠨ ᠬᠥᠮᠥᠨ ᠪᠣᠯ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ
ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ
ᠪᠣᠯᠣᠨ᠎ᠠ᠂ ᠬᠣᠶᠠᠷ ᠡᠭᠡᠯᠵᠢ᠎ᠶᠢᠨ ᠰᠢᠨᠡᠴᠢᠯᠡᠯᠲᠡ᠎ᠪᠠᠷ ᠳᠡᠮᠵᠢᠨ᠂ ᠬᠣᠶᠠᠳᠤᠭᠠᠷ ᠦᠶ᠎ᠡ᠎ᠶᠢᠨ ᠮᠠᠰᠢᠨ
ᠬᠦᠮᠦᠨ ᠨᠢ ᠪᠥᠬᠥ ᠲᠠᠯ᠎ᠠ᠎ᠪᠠᠷ ᠲᠠᠰ ᠳᠡᠪᠰᠢᠪᠡ᠄ ᠬᠥᠳᠡᠯᠭᠡᠬᠦ ᠬᠦᠴᠦᠨ᠎ᠦ ᠰᠢᠰᠲᠧᠮ ᠨᠢ ᠴᠡᠪᠡᠷ ᠴᠠᠬᠢᠯᠭᠠᠨ
ᠪᠠᠢᠭᠰᠠᠨ᠎ᠠᠴᠠ᠎ᠪᠠᠨ ᠴᠠᠢᠶᠢᠦ ᠲᠣᠰᠣ᠌ ᠪᠣᠯᠵᠤ᠂ ᠦᠷᠭᠦᠯᠵᠢᠯᠡᠨ ᠠᠵᠢᠯᠯᠠᠬᠤ ᠴᠠᠭ 3 ᠳᠠᠬᠢᠨ ᠳᠡᠭᠡᠭᠰᠢᠯᠡᠵᠦ᠂
ᠣᠷᠳᠣ᠌ ᠬᠤᠭᠤᠴᠠᠭ᠎ᠠ᠎ᠪᠠᠷ ᠦᠷᠭᠦᠯᠵᠢᠯᠡᠨ ᠠᠵᠢᠯᠯᠠᠬᠤ ᠱᠠᠭᠠᠷᠳᠠᠯᠭ᠎ᠠ᠎ᠶᠢ ᠬᠠᠩᠭᠠᠵᠤ ᠴᠢᠳᠠᠬᠤ ᠪᠤᠯᠵᠠᠢ︔ ᠯᠠᠢᠰᠧᠷ
ᠡᠭᠦᠰᠬᠡᠭᠴᠢ᠎ᠶᠢᠨ ᠲᠣᠭ᠎ᠠ ᠵᠢ 8 ᠪᠤᠯᠭᠠᠨ ᠨᠡᠮᠡᠭᠳᠡᠭᠦᠯᠵᠦ᠂ ᠭᠠᠭᠴᠠ ᠤᠳᠠᠭᠠᠨ᠎ᠤ ᠰᠢᠷᠪᠢᠯᠲᠡ᠎ᠶᠢᠨ ᠪᠦᠷᠬᠦᠴᠡ᠎ᠶᠢᠨ
ᠥᠷᠭᠡᠴᠡ ᠨᠢ 1.8 ᠮᠧᠲᠷ᠎ᠲᠦ ᠬᠦᠷᠴᠦ᠂ ᠨᠢᠭᠡ ᠡᠳᠦᠷ᠎ᠦᠨ ᠬᠠᠮᠤᠭ ᠶᠡᠬᠡ ᠠᠵᠢᠯᠯᠠᠬᠤ ᠬᠡᠮᠵᠢᠶ᠎ᠡ ᠨᠢ 50 ᠮᠤ᠌᠎ᠳᠦ
ᠬᠦᠷᠪᠡ︔ᠣᠷᠣᠨ ᠪᠦᠰᠡ ᠠᠯᠤᠰᠯᠠᠨ ᠠᠯᠤᠰ᠎ᠠᠴᠠ ᠡᠵᠡᠮᠳᠡᠬᠦ᠎ᠶᠢ ᠳᠡᠮᠵᠢᠵᠦ᠂ ᠪᠡᠶ᠎ᠡ᠎ᠪᠡᠷ᠎ᠢᠶᠡᠨ ᠲᠤᠬᠠᠢ᠎ᠶᠢᠨ ᠲᠠᠯᠠᠪᠤᠷ᠎ᠲᠤ
ᠣᠴᠢᠬᠤ ᠦᠭᠡᠢ᠎ᠪᠡᠷ ᠪᠥᠬᠥ ᠶᠠᠪᠤᠴᠠ᠎ᠶᠢᠨ ᠠᠵᠢᠯ᠎ᠤᠨ ᠬᠠᠮᠢᠶᠠᠷᠤᠯᠲᠠ ᠡᠵᠡᠮᠳᠡᠯ᠎ᠢ ᠪᠡᠶᠡᠯᠡᠭᠦᠯᠵᠦ ᠪᠣᠯᠣᠨ᠎ᠠ᠃ 《ᠣᠶᠤᠨᠴᠢ ᠵᠢᠯᠤᠭᠣᠳᠬᠤ ᠮᠡᠷᠭᠡᠵᠢᠯ᠎ᠳᠦ
ᠲᠦᠰᠢᠭᠯᠡᠨ᠂ ᠪᠢᠳᠡ ᠮᠢᠩᠭᠠᠨ ᠭᠠᠵᠠᠷ᠎ᠤᠨ ᠠᠯᠤᠰ᠎ᠠᠴᠠ ᠮᠠᠰᠢᠨ ᠬᠥᠮᠥᠨ ᠵᠢᠡᠷ ᠡᠪᠡᠰᠦ ᠠᠷᠢᠯᠭᠠᠬᠤ ᠠᠵᠢᠯ᠎ᠢ ᠪᠡᠶᠡᠯᠡᠭᠦᠯᠵᠦ
ᠪᠣᠯᠣᠨ᠎ᠠ᠃ ᠣᠳᠣᠬᠠᠨ᠎ᠳᠤ᠂ ᠦᠢᠯᠡᠳᠬᠦᠨ ᠨᠢᠭᠡᠨᠲᠡ ᠰᠤᠳᠤᠯᠤᠨ ᠨᠡᠭᠡᠭᠡᠵᠦ ᠦᠢᠯᠡᠳᠬᠦ᠎ᠡᠴᠡ ᠲᠠᠷᠢᠶᠠᠨ ᠭᠠᠵᠠᠷ᠎ᠲᠤ
ᠰᠢᠯᠭᠠᠨ ᠪᠠᠲᠤᠯᠠᠬᠤ ᠬᠦᠷᠲᠡᠯᠡᠬᠢ ᠪᠦᠷᠢᠨ ᠪᠦᠲᠦᠨ ᠪᠢᠲᠡᠭᠦᠦ ᠬᠡᠯᠬᠢᠶ᠎ᠡ ᠵᠢ ᠪᠦᠷᠢᠯᠳᠦᠭᠦᠯᠵᠦ᠂ ᠳᠠᠷᠠᠭᠠᠴᠢ᠎ᠪᠠᠷ
ᠴᠢᠳᠠᠪᠬᠢ᠎ᠶᠢ ᠨᠢ ᠦᠷᠭᠦᠯᠵᠢᠯᠡᠨ ᠰᠢᠯᠢᠳᠡᠭᠵᠢᠭᠦᠯᠦᠨ᠎ᠡ》ᠭᠡᠵᠦ ᠥᠪᠥᠷ ᠮᠣᠩᠭᠣᠯ᠎ᠤᠨ ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ
ᠬᠢᠵᠠᠭᠠᠷᠲᠤ ᠺᠣᠮᠫᠠᠨᠢ᠎ᠶᠢᠨ ᠮᠠᠰᠢᠨ ᠬᠥᠮᠥᠨ᠎ᠦ ᠪᠦᠬᠦᠯᠢ ᠴᠣᠭᠴᠠ᠎ᠶᠢᠨ ᠬᠡᠯᠲᠡᠰ᠎ᠦᠨ ᠶᠡᠷᠦᠩᠬᠡᠢ ᠢᠨᠵᠧᠨᠧᠷ
ᠯᠢᠦ ᠵᠢᠶᠦ᠋ᠨ ᠲᠠᠨᠢᠯᠴᠠᠭᠤᠯᠤᠨ᠎ᠠ᠃
ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ
ᠪᠠ ᠵᠤᠸᠠ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠨᠢᠭᠡᠨᠲᠡ ᠨᠡᠶ᠋ᠢᠲᠡ
35 ᠵᠦᠢᠯ᠎ᠦᠨ ᠮᠡᠳᠡᠯᠭᠡ᠎ᠶᠢᠨ ᠦᠮᠴᠢ ᠵᠢᠨ ᠡᠷᠬᠡ᠎ᠶᠢ ᠭᠤᠶᠤᠴᠢᠯᠠᠵᠤ᠂ ᠦᠢᠯᠡᠳᠬᠦᠨ ᠨᠢ ᠬᠥᠳᠡᠭᠡ ᠠᠵᠤ ᠠᠬᠤᠢ
ᠬᠥᠳᠡᠭᠡ ᠲᠣᠰᠬᠣᠨ᠎ᠤ ᠶᠠᠮᠤᠨ᠎ᠤ 《ᠣᠴᠢ ᠮᠡᠷᠭᠡᠵᠢᠯ》᠎ᠤᠨ ᠦᠷ᠎ᠡ ᠪᠦᠲᠦᠭᠡᠯ᠎ᠦᠨ ᠬᠥᠮᠥᠷᠭᠡ᠎ᠳᠦ ᠠᠮᠵᠢᠯᠲᠠ᠎ᠲᠠᠢ ᠰᠣᠩᠭᠣᠭᠳᠠᠪᠠ᠃ ᠲᠤᠬᠠᠢ᠎ᠶᠢᠨ ᠲᠠᠯᠠᠪᠠᠶ᠎ᠳᠤ
ᠲᠤᠷᠰᠢᠨ ᠦᠵᠡᠭᠦᠯᠵᠦ ᠰᠢᠯᠭᠠᠨ ᠠᠪᠬᠤ ᠠᠵᠢᠯ᠎ᠢ ᠪᠡᠶᠡᠯᠡᠭᠦᠯᠦᠭᠰᠡᠨ ᠲᠦᠷᠦᠭᠦᠸ᠋ ᠪᠦᠯᠦᠭ ᠮᠠᠰᠢᠨ ᠬᠥᠮᠥᠨ᠎ᠦ ᠰᠦᠷᠦᠭᠵᠢᠯ
ᠨᠢ ᠪᠠᠶᠠᠨᠨᠠᠭᠤᠷ ᠬᠣᠲᠠ᠎ᠶᠢᠨ ᠭᠠᠵᠠᠷ᠎ᠤᠨ 19 ᠲᠦᠮᠡᠨ ᠮᠦ᠍ ᠬᠥᠬᠡ ᠳᠠᠷᠤᠰᠢ᠎ᠶᠢᠨ ᠡᠷᠳᠡᠨᠢ ᠰᠢᠰᠢ᠎ᠳᠦ ᠲᠤᠰᠬᠠᠢᠵᠢᠭ᠍ᠰᠠᠨ
ᠡᠪᠡᠰᠦ ᠠᠷᠢᠯᠭᠠᠬᠤ ᠦᠢᠯᠡᠴᠢᠯᠡᠭᠡ ᠬᠠᠩᠭᠠᠬᠤ ᠪᠡᠷ ᠨᠢᠭᠡᠨᠲᠡ ᠮᠤᠷᠳᠠᠵᠠᠢ᠃ ᠲᠣᠰ ᠤᠳᠠᠭᠠᠨ᠎ᠤ ᠰᠦᠷᠦᠭᠵᠢᠯ᠎ᠦᠨ
ᠠᠵᠢᠯ ᠨᠢ ᠪᠠᠶᠠᠨᠨᠠᠭᠤᠷ ᠬᠣᠲᠠ᠎ᠶᠢᠨ ᠬᠥᠬᠡ ᠳᠠᠷᠤᠰᠢ᠎ᠶᠢᠨ ᠡᠷᠳᠡᠨᠢ ᠰᠢᠰᠢ ᠳᠠᠷᠢᠬᠤ᠎ᠳᠤ ᠪᠣᠬᠢᠷᠲᠤᠯ ᠦᠭᠡᠢ
ᠪᠥᠭᠡᠳ ᠥᠨᠳᠥᠷ ᠪᠦᠲᠦᠮᠵᠢᠲᠡᠶ ᠡᠪᠡᠰᠦ ᠠᠷᠢᠯᠭᠠᠬᠤ ᠲᠤᠯᠭᠠᠭᠤᠷᠢᠯᠠᠯ ᠬᠠᠩᠭᠠᠭᠰᠠᠨ᠎ᠢᠶᠠᠷ ᠪᠠᠷᠠᠬᠤ ᠦᠭᠡᠢ᠂ ᠪᠠᠰᠠ
ᠪᠥᠬᠥ ᠤᠯᠤᠰ᠎ᠤᠨ ᠣᠶᠤᠨᠴᠢ ᠲᠠᠷᠢᠶᠠᠯᠠᠩ᠎ᠤᠨ ᠡᠪᠡᠰᠦ ᠠᠷᠢᠯᠭᠠᠬᠤ ᠮᠡᠷᠭᠡᠵᠢᠯ᠎ᠢ ᠳᠡᠯᠭᠡᠷᠡᠭᠦᠯᠬᠦ᠂ ᠵᠠᠭᠪᠤᠷ᠎ᠢ
ᠬᠠᠭᠤᠯᠪᠤᠷᠢᠯᠠᠬᠤ᠎ᠳᠤ ᠡᠷᠬᠢᠮ ᠨᠠᠨᠳᠢᠨ ᠦᠢᠯᠡᠳᠦᠯᠭᠡ᠎ᠶᠢᠨ ᠲᠤᠷᠰᠢᠯᠭ᠎ᠠ᠎ᠶᠢ ᠬᠤᠷᠠᠮᠳᠤᠭᠤᠯᠵᠤ᠂ ᠣᠲᠣ᠌ ᠦᠶ᠎ᠡ᠎ᠶᠢᠨ
ᠲᠠᠷᠢᠶᠠᠯᠠᠩ᠎ᠤᠨ ᠣᠶᠤᠨᠴᠢᠯᠠᠭᠰᠠᠨ᠂ ᠪᠣᠬᠢᠷᠲᠤᠯ ᠦᠭᠡᠢ᠂ ᠥᠨᠳᠥᠷ ᠪᠦᠲᠦᠮᠵᠢᠲᠡᠶ ᠳᠠᠢᠰᠢ ᠬᠡᠯᠪᠡᠷᠢ᠎ᠪᠡᠨ ᠬᠤᠪᠢᠷᠠᠭᠤᠯᠤᠨ
ᠲᠠᠰ ᠳᠡᠪᠰᠢᠬᠦ᠎ᠳᠦ ᠬᠦᠴᠦᠨ ᠨᠡᠮᠡᠷᠢᠯᠡᠪᠡ᠃