ᠸᠠᠩ ᠯᠢ ᠰᠢᠶᠠ ᠵᠢ ᠪᠠᠷᠢᠪᠴᠢᠯᠠᠵᠤ ᠠᠯᠪᠠᠨ ᠵᠠᠭᠠᠯᠳᠤᠯᠭ᠎ᠠ ᠬᠢᠵᠡᠢ
2026-06-04 16:35:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 6 ᠰᠠᠷ᠎ᠠ᠎ᠶᠢᠨ 3᠎ᠤ ᠡᠳᠦᠷ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠠᠴᠠ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠤᠯ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠤᠤᠯ᠎ᠤᠨ ᠲᠡᠷᠢᠭᠦᠯᠡᠭᠴᠢ ᠸᠠᠩ ᠯᠢ ᠰᠢᠶᠠ᠎ᠶᠢᠨ ᠬᠡᠭᠡᠯᠢ ᠢᠳᠡᠭᠰᠡᠨ ᠬᠡᠷᠡᠭ᠎ᠢ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠡᠴᠡ ᠪᠠᠢᠴᠠᠭᠠᠨ ᠳᠠᠭᠤᠰᠬᠠᠵᠤ᠂ ᠪᠠᠢᠴᠠᠭᠠᠬᠤ ᠪᠠᠢᠭᠤᠯᠭ᠎ᠠ᠎ᠳᠤ ᠬᠢᠨᠠᠨ ᠪᠠᠢᠴᠠᠭᠠᠯᠭᠠᠵᠤ ᠵᠠᠭᠠᠯᠳᠤᠭᠤᠯᠬᠤ᠎ᠪᠠᠷ ᠰᠢᠯᠵᠢᠭᠦᠯᠦᠨ ᠬᠦᠷᠭᠡᠪᠡ᠃ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠬᠠᠤᠯᠢ ᠶᠣᠰᠣᠭᠠᠷ ᠸᠠᠩ ᠯᠢ ᠰᠢᠶᠠ᠎ᠶᠢ ᠬᠡᠭᠡᠯᠢ ᠢᠳᠡᠭᠰᠡᠨ ᠶᠠᠯ᠎ᠠ᠎ᠪᠠᠷ ᠪᠠᠷᠢᠪᠴᠢᠯᠠᠬᠤ ᠰᠢᠢᠳᠪᠦᠷᠢ ᠭᠠᠷᠭᠠᠭᠰᠠᠨ ᠪᠥᠭᠡᠳ ᠬᠠᠷᠠᠮᠥ᠋ᠷᠡᠨ ᠮᠤᠵᠢ᠎ᠶᠢᠨ ᠳ᠋ᠠᠴᠢᠩ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠪᠠᠷ ᠬᠢᠨᠠᠨ ᠪᠠᠢᠴᠠᠭᠠᠯᠭᠠᠵᠤ ᠵᠠᠭᠠᠯᠳᠤᠭᠤᠯᠬᠤ᠎ᠪᠠᠷ ᠲᠣᠭᠲᠠᠪᠠ᠃ ᠣᠢᠷ᠎ᠠ᠎ᠳᠤ᠂ ᠳ᠋ᠠᠴᠢᠩ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠳ᠋ᠠᠴᠢᠩ ᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶᠠᠨ᠎ᠳᠤ ᠠᠯᠪᠠᠨ ᠵᠠᠭᠠᠯᠳᠤᠯᠭ᠎ᠠ ᠬᠢᠵᠡᠢ᠃

ᠪᠠᠢᠴᠠᠭᠠᠬᠤ ᠪᠠᠢᠭᠤᠯᠭ᠎ᠠ ᠬᠢᠨᠠᠨ ᠪᠠᠢᠴᠠᠭᠠᠵᠤ ᠵᠠᠭᠠᠯᠳᠤᠬᠤ ᠱᠠᠲᠤᠨ᠎ᠳᠤ᠂ ᠵᠠᠭᠠᠯᠳᠤᠭᠳᠠᠭ᠍ᠴᠢ ᠸᠠᠩ ᠯᠢ ᠰᠢᠶᠠ᠎ᠳᠤ ᠡᠳ᠋ᠯᠡᠬᠦ ᠶᠤᠰᠤᠲᠠᠢ ᠵᠠᠷᠭᠤᠯᠳᠤᠬᠤ ᠡᠷᠬᠡ᠎ᠶᠢ ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭ᠍ᠴᠢ᠎ᠵᠢ ᠰᠢᠭᠦᠨ ᠠᠰᠠᠭᠤᠵᠤ᠂ ᠥᠮᠥᠭᠯᠡᠭᠴᠢ᠎ᠶᠢᠨ ᠰᠠᠨᠠᠯ᠎ᠢ ᠰᠣᠨᠣᠰᠪᠠ᠃ ᠪᠠᠢᠴᠠᠭᠠᠬᠤ ᠪᠠᠢᠭᠤᠯᠭ᠎ᠠ ᠵᠢᠨ ᠭᠠᠷᠭᠠᠭᠰᠠᠨ ᠵᠠᠭᠠᠯᠳᠤᠯᠭ᠎ᠠ᠎ᠳᠤ᠄ ᠵᠠᠭᠠᠯᠳᠤᠭᠳᠠᠭ᠍ᠴᠢ ᠸᠠᠩ ᠯᠢ ᠰᠢᠶᠠ ᠱᠠᠨᠰᠢ ᠮᠤᠵᠢ᠎ᠶᠢᠨ ᠲᠦᠩᠴᠤᠸᠠᠨ ᠬᠣᠲᠠ᠎ᠶᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶᠢᠨ ᠳᠠᠷᠤᠭ᠎ᠠ᠂ ᠱᠠᠨᠰᠢ ᠮᠤᠵᠢ᠎ᠶᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠮᠤᠵᠢ᠎ᠶᠢᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ᠎ᠶᠢᠨ ᠲᠤᠰᠢᠶᠠᠯ᠎ᠤᠨ ᠲᠥᠬᠥᠮ ᠨᠦᠬᠦᠴᠡᠯ ᠵᠢᠴᠢ ᠡᠷᠬᠡ ᠲᠤᠰᠢᠶᠠᠯ ᠪᠤᠶᠤ ᠪᠠᠢᠷᠢ ᠰᠠᠭᠤᠷᠢ᠎ᠠᠴᠠ ᠪᠣᠯᠤᠭᠰᠠᠨ ᠲᠥᠬᠥᠮ ᠨᠥᠬᠥᠴᠡᠯ᠎ᠢᠶᠡᠨ ᠠᠰᠢᠭ᠍ᠯᠠᠨ᠂ ᠪᠤᠰᠤᠳ᠎ᠲᠤ ᠠᠰᠢᠭ᠋ ᠣᠯᠭᠣᠵᠤ᠂ ᠪᠤᠰᠤᠳ᠎ᠤᠨ ᠵᠣᠭᠣᠰ ᠮᠥᠩᠭᠥ ᠡᠳ᠋ ᠪᠣᠳᠠᠰ᠎ᠢ ᠬᠠᠤᠯᠢ ᠪᠤᠰᠤ᠎ᠪᠠᠷ ᠭᠥᠯᠢᠶᠡᠨ ᠠᠪᠴᠤ᠂ ᠲᠣᠭ᠎ᠠ ᠬᠡᠮᠵᠢᠶ᠎ᠡ ᠨᠢ ᠣᠨᠴᠠᠭᠠᠶ ᠶᠡᠬᠡ ᠪᠣᠯᠬᠣᠷ ᠬᠡᠭᠡᠯᠢ ᠢᠳᠡᠭᠰᠡᠨ ᠶᠠᠯ᠎ᠠ᠎ᠪᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃

  (ᠢᠷᠡᠯᠲᠡ᠄ ᠰᠢᠨᠬᠤᠸᠠ ᠬᠤᠷᠢᠶ᠎ᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号