ᠥᠪᠥᠷ ᠮᠣᠩᠭᠣᠯ ᠤᠯᠤᠰ᠎ᠤᠨ ᠨᠢᠬᠡᠳᠦᠯᠳᠡᠢ ᠰᠢᠯᠭᠠᠯᠲᠠ ᠡᠴᠡ ᠡᠮᠦᠨᠡᠬᠢ ᠰᠠᠨᠠᠭᠤᠯᠤᠮᠵᠢ ᠨᠡᠢᠲᠡᠯᠡᠪᠡ
2026-06-04 16:42:00
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ 2026 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ 6 ᠰᠠᠷ᠎ᠠ᠎ᠶᠢᠨ 7᠎ᠤ᠋ ᠡᠳᠦᠷ᠎ᠡᠴᠡ ᠡᠬᠢᠯᠡᠨ᠎ᠡ᠂ ᠥᠷᠭᠡᠨ ᠣᠯᠠᠨ ᠰᠢᠯᠭᠠᠭᠤᠯᠤᠭ᠍ᠴᠢ᠎ᠶᠢᠨ ᠰᠢᠯᠭᠠᠯᠲᠠ᠎ᠳᠤ ᠤᠷᠤᠭᠰᠢᠲᠠᠢ ᠤᠷᠤᠯᠴᠠᠬᠤ ᠳ᠋ᠤ ᠲᠥᠬᠥᠮ ᠦᠵᠡᠭᠦᠯᠬᠦ᠎ᠶᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠡᠳᠡᠬᠡᠷ ᠰᠠᠨᠠᠭᠤᠯᠤᠮᠵᠢ ᠵᠢ ᠨᠡᠢᠳᠡᠯᠡᠪᠡ᠄

1. ᠰᠢᠯᠭᠠᠭᠤᠯᠬᠤ ᠦᠨᠡᠮᠯᠡᠯ᠎ᠵᠢᠡᠨ ᠡᠷᠲᠡᠬᠡᠨ ᠳᠠᠷᠤᠮᠠᠯᠯᠠᠭᠠᠷᠠᠢ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠰᠢᠯᠭᠠᠭᠤᠯᠤᠭ᠍ᠴᠢ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ(https://www4.nm.zsks.cn/BaseStudent/)ᠳ᠋ᠤ ᠭᠠᠷᠴᠤ ᠳᠠᠷᠤᠮᠠᠯᠯᠠᠭᠠᠷᠠᠢ᠃ ᠰᠢᠯᠭᠠᠭᠤᠯᠤᠭ᠍ᠴᠢ ᠰᠢᠯᠭᠠᠭᠤᠯᠬᠤ  ᠦᠨᠡᠮᠯᠡᠯ ᠵᠢᠡᠨ ᠳᠠᠷᠤᠮᠠᠯᠯᠠᠭᠰᠠᠨ᠎ᠤ ᠳᠠᠷᠠᠭ᠎ᠠ᠂ ᠮᠡᠳᠡᠭᠡ ᠵᠠᠩᠭᠢ᠎ᠴᠢᠨᠢ ᠵᠥᠪ ᠡᠰᠡᠬᠦ᠎ᠪᠠᠨ ᠨᠠᠷᠢᠨ ᠬᠢᠨᠠᠮᠠᠭᠠᠢ ᠪᠠᠢᠴᠠᠭᠠᠵᠤ ᠦᠵᠡᠭᠡᠷᠡᠢ᠂ ᠬᠡᠷᠪᠡ ᠠᠰᠠᠭᠤᠳᠠᠯ᠎ᠲᠠᠢ ᠪᠣᠯ ᠳᠠᠷᠤᠢ ᠲᠦᠷᠭᠡᠨ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ(ᠬᠣᠲᠠ ᠂ ᠲᠣᠭᠣᠷᠢᠭ᠋)ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠲᠠᠢ ᠬᠠᠷᠢᠯᠴᠠᠵᠤ ᠬᠢᠨᠠᠨ ᠬᠠᠷᠭᠤᠭᠤᠯᠵᠤ ᠵᠠᠯᠠᠷᠠᠭᠤᠯᠬᠤ ᠬᠡᠷᠡᠭᠲᠡᠢ᠃

2. ᠬᠤᠪᠢ ᠬᠥᠮᠥᠨ᠎ᠦ ᠭᠡᠷᠡᠴᠢ ᠦᠨᠡᠮᠯᠡᠯ᠎ᠢᠶᠡᠨ ᠤᠷᠢᠳᠴᠢᠯᠠᠨ ᠪᠡᠯᠡᠳᠬᠡᠬᠦ ᠬᠡᠷᠡᠭᠲᠡᠢ᠃ ᠰᠢᠯᠭᠠᠯᠳᠠ ᠵᠢᠨ ᠳᠠᠯᠠᠪᠠᠢ ᠳ᠋ᠤ ᠤᠷᠤᠬᠤ ᠳ᠋ᠤ ᠰᠠᠭᠤᠭᠠᠯᠢ ᠠᠷᠠᠳ᠎ᠤᠨ ᠪᠡᠶ᠎ᠠ ᠵᠢᠨ ᠦᠨᠡᠮᠯᠡᠯ ᠬᠡᠷᠡᠭᠯᠡᠨ᠎ᠡ᠃ ᠬᠡᠷᠪᠡ ᠰᠠᠭᠤᠭᠠᠯᠢ ᠠᠷᠠᠳ᠎ᠤᠨ ᠪᠡᠶ᠎ᠠ ᠵᠢᠨ ᠦᠨᠡᠮᠯᠡᠯ ᠵᠢᠡᠨ ᠬᠡᠬᠡᠪᠡᠯ ᠪᠠᠴᠢᠮᠳᠠᠵᠤ ᠰᠠᠨᠳᠤᠷᠤᠭᠰᠠᠨ᠎ᠤ ᠬᠡᠷᠡᠭ ᠦᠬᠡᠢ᠂ ᠵᠢᠰᠦ᠎ᠶᠢ ᠢᠯᠭᠠᠨ ᠲᠠᠨᠢᠬᠤ᠎ᠰᠢᠰᠲᠧᠮ ᠵᠢᠡᠷ ᠲᠠᠮᠵᠢᠨ ᠪᠡᠶ᠎ᠡ᠎ᠶᠢᠨ ᠬᠢᠷᠢ ᠬᠡᠮ᠎ᠢᠶᠡᠨ ᠰᠢᠯᠭᠠᠨ ᠪᠠᠲᠤᠯᠠᠭᠤᠯᠵᠤ ᠰᠢᠯᠭᠠᠯᠳᠠ ᠵᠢᠨ ᠲᠠᠯᠠᠪᠤᠷ᠎ᠲᠤ ᠤᠷᠤᠵᠤ ᠪᠤᠯᠤᠨ᠎ᠠ᠃ ᠰᠢᠯᠭᠠᠭᠤᠯᠬᠤ ᠦᠨᠡᠮᠯᠡᠯ᠎ᠢᠶᠡᠨ ᠭᠡᠭᠡᠪᠡᠯ᠂ ᠰᠢᠯᠭᠠᠯᠲᠠ᠎ᠶᠢᠨ ᠴᠡᠭ᠎ᠦᠨ ᠠᠵᠢᠯᠲᠠᠨ ᠬᠠᠪᠰᠤᠷᠤᠨ ᠳᠠᠷᠤᠮᠠᠯᠯᠠᠵᠤ ᠦᠭᠬᠦᠨ᠎ᠡ᠃ ᠰᠢᠯᠭᠠᠯᠳᠠ ᠵᠢᠨ ᠳᠠᠯᠠᠪᠠᠢ ᠳ᠋ᠤ ᠬᠡᠷᠡᠭᠯᠡᠬᠦ ᠪᠢᠴᠢᠭ᠎ᠤᠨ ᠬᠡᠷᠡᠭᠰᠡᠯ ᠵᠢᠡᠨ ᠰᠠᠢᠳᠤᠷ ᠪᠡᠯᠡᠳᠬᠡᠬᠡᠷᠡᠢ᠃ ᠬᠡᠷᠪᠡ ᠲᠡᠮᠦᠷᠯᠢᠭ ᠮᠠᠲᠧᠷᠢᠶᠠᠯ᠎ᠤᠨ ᠪᠢᠴᠢᠭ᠎ᠦᠨ ᠬᠡᠷᠡᠭᠰᠡᠯ᠎ᠢ ᠬᠡᠷᠡᠭᠯᠡᠪᠡᠯ ᠲᠣᠰ ᠬᠥᠮᠥᠨ᠎ᠦ ᠰᠢᠯᠭᠠᠯᠳᠠ ᠵᠢᠨ ᠲᠠᠯᠠᠪᠤᠷ᠎ᠲᠤ ᠣᠷᠣᠬᠤ ᠪᠠᠢᠴᠠᠭᠠᠯᠲᠠ᠎ᠶᠢ ᠨᠥᠯᠥᠭᠡᠯᠡᠨ᠎ᠡ᠂ ᠡᠭᠦᠨ᠎ᠦ ᠬᠠᠷᠢᠭᠤᠴᠠᠯᠭ᠎ᠠ᠎ᠶᠢ ᠰᠢᠯᠭᠠᠭᠤᠯᠤᠭ᠍ᠴᠢ ᠡᠭᠦᠷᠭᠡᠯᠡᠨ᠎ᠡ᠃

3. ᠰᠢᠯᠭᠠᠭᠤᠯᠤᠭ᠍ᠴᠢ ᠰᠢᠯᠭᠠᠯᠲᠠ᠎ᠶᠢᠨ ᠴᠡᠭ᠎ᠢᠶᠡᠨ ᠤᠷᠢᠳᠴᠢᠯᠠᠨ ᠣᠢᠯᠠᠭᠠᠵᠤ᠂ ᠵᠠᠮ ᠬᠠᠷᠢᠯᠴᠠᠭᠠᠨ᠎ᠤ ᠱᠤᠭᠤᠮ᠎ᠢᠶᠠᠨ ᠰᠠᠢᠳᠤᠷ ᠲᠦᠯᠦᠪᠵᠢᠬᠦᠯᠦᠬᠡᠷᠡᠢ᠂ 6 ᠰᠠᠷ᠎ᠠ᠎ᠶᠢᠨ 6 ᠎ᠤ᠋ ᠦᠳᠡ᠎ᠶᠢᠨ ᠬᠣᠢᠨᠠᠬᠢ 16 ᠄ 00 ︱ 17 ᠄ 30 ᠪᠣᠯᠲᠠᠯ᠎ᠠ᠂ ᠰᠢᠯᠭᠠᠯᠲᠠ᠎ᠶᠢᠨ ᠦᠶ᠎ᠡ᠎ᠶᠢᠨ ᠬᠤᠪᠴᠠᠰᠤ ᠱᠠᠬᠠᠢ ᠪᠠᠨ ᠡᠮᠦᠰᠴᠦ᠂ ᠰᠢᠯᠭᠠᠯᠲᠠ᠎ᠶᠢᠨ ᠪᠢᠴᠢᠭ᠎ᠦᠨ ᠬᠡᠷᠡᠭᠰᠡᠯ᠎ᠢᠶᠡᠨ ᠠᠪᠴᠤ ᠰᠢᠯᠭᠠᠯᠲᠠ᠎ᠶᠢᠨ ᠴᠡᠭ᠎ᠦᠨ ᠡᠭᠦᠳᠡᠨ᠎ᠳᠦ ᠬᠦᠷᠴᠦ᠂ ᠰᠢᠯᠭᠠᠯᠳᠠ ᠵᠢᠨ ᠳᠠᠯᠠᠪᠠᠢ ᠳ᠋ᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢᠨ ᠰᠣᠷᠢᠯᠲᠠ ᠬᠢᠵᠦ ᠪᠤᠯᠤᠨ᠎ᠠ᠂ ᠰᠣᠷᠢᠯᠲᠠ᠎ᠬᠢᠬᠦ ᠳᠤᠮᠳᠠ ᠰᠡᠷᠡᠮᠵᠢᠯᠡᠬᠦᠯᠦᠭᠰᠡᠨ ᠬᠤᠪᠴᠠᠰᠤ ᠵᠢ ᠰᠢᠯᠭᠠᠯᠳᠠ ᠵᠢᠨ ᠦᠶ᠎ᠡ ᠳ᠋ᠤ ᠡᠮᠦᠰᠴᠤ ᠪᠤᠯᠬᠤ ᠦᠬᠡᠢ᠃

4. ᠰᠢᠯᠭᠠᠯᠲᠠ᠎ᠶᠢᠨ ᠲᠠᠯᠠᠪᠤᠷ᠎ᠲᠤ ᠣᠷᠣᠬᠤ᠎ᠳᠤ《2+1》ᠠᠮᠤᠷ ᠲᠦᠪᠰᠢᠨ᠎ᠦ ᠪᠠᠢᠴᠠᠭᠠᠯᠲᠠ᠎ᠶᠢᠨ ᠵᠠᠭᠪᠤᠷ᠎ᠢ ᠦᠷᠭᠦᠯᠵᠢᠯᠡᠨ ᠬᠡᠷᠡᠭᠵᠢᠭᠦᠯᠦᠨ᠎ᠡ᠂ ᠲᠤᠬᠠᠢᠯᠠᠪᠠᠯ ᠬᠣᠶᠠᠷ ᠵᠦᠢᠯ᠎ᠦᠨ ᠬᠥᠮᠥᠨ᠎ᠦ ᠬᠦᠴᠦᠨ᠎ᠦ ᠠᠮᠤᠷ ᠲᠦᠪᠰᠢᠨ᠎ᠦ ᠪᠠᠢᠴᠠᠭᠠᠯᠲᠠ ᠪᠠ ᠨᠢᠭᠡ ᠣᠶᠤᠨᠴᠢ ᠠᠮᠤᠷ ᠲᠦᠪᠰᠢᠨ᠎ᠦ ᠪᠠᠢᠴᠠᠭᠠᠯᠲᠠ᠎ᠶᠢᠨ ᠡᠭᠦᠳᠡᠨ᠎ᠤ ᠪᠠᠢᠴᠠᠭᠠᠯᠲᠠ ᠪᠣᠯᠣᠨ᠎ᠠ᠃ ᠰᠢᠯᠭᠠᠭᠤᠯᠤᠭ᠍ᠴᠢ ᠭᠠᠷ ᠤᠲᠠᠰᠤ᠂ ᠭᠠᠷ ᠴᠠᠭ (ᠪᠠᠭᠤᠪᠴᠢ)᠂ ᠣᠶᠤᠨᠲᠤ ᠨᠢᠳᠦᠨ ᠰᠢᠯ᠂ ᠪᠣᠳᠣᠭᠤᠷ ᠵᠡᠷᠭᠡ ᠡᠯᠧᠺᠲᠷᠣᠨ ᠲᠥᠬᠦᠭᠡᠷᠦᠮᠵᠢ᠂ ᠲᠡᠮᠦᠷᠯᠢᠭ ᠵᠠᠰᠠᠯ ᠵᠢᠮᠰᠡᠭ᠂ ᠨᠣᠮ ᠪᠢᠴᠢᠭ ᠮᠠᠲᠧᠷᠢᠶᠠᠯ᠂ ᠡᠬᠡ ᠪᠢᠴᠢᠭ᠎ᠦᠨ ᠴᠠᠭᠠᠰᠤ᠂ ᠪᠢᠴᠢᠭ᠎ᠦᠨ ᠪᠣᠭᠴᠣ᠌᠂ ᠲᠦᠯᠬᠢᠭᠦᠷ ᠵᠡᠷᠭᠡ ᠰᠢᠯᠭᠠᠯᠲᠠ᠎ᠶᠢᠨ ᠪᠤᠰᠤ ᠡᠳ᠋ ᠪᠣᠳᠠᠰ᠎ᠢ ᠰᠢᠯᠭᠠᠯᠲᠠ᠎ᠶᠢᠨ ᠴᠡᠭ᠎ᠲᠦ ᠠᠪᠴᠤ ᠣᠷᠣᠵᠤ ᠪᠣᠯᠬᠤ ᠦᠭᠡᠢ᠂ ᠡᠰᠡ ᠲᠡᠭᠡᠪᠡᠯ ᠰᠢᠯᠭᠠᠯᠲᠠ᠎ᠶᠢᠨ ᠲᠣᠭᠲᠠᠭᠠᠯ᠎ᠢ ᠵᠥᠷᠢᠴᠡᠭᠰᠡᠨ᠎ᠳᠦ ᠲᠣᠭᠠᠴᠠᠭᠳᠠᠨ᠎ᠠ᠃ ᠰᠢᠯᠭᠠᠭᠤᠯᠤᠭ᠍ᠴᠢ ᠠᠮᠢᠳᠤᠷᠠᠯ ᠰᠤᠷᠤᠯᠴᠠᠯᠭ᠎ᠠ᠎ᠶᠢᠨ ᠳᠤᠮᠳᠠ᠎ᠪᠠᠨ ᠣᠶᠤᠨᠲᠤ ᠨᠢᠳᠦᠨ ᠰᠢᠯ ᠵᠡᠬᠦᠳᠡᠭ ᠪᠤᠯ ᠲᠣᠬᠢᠷᠠᠮᠵᠢᠲᠠᠢ ᠡᠩ᠎ᠦᠨ ᠨᠢᠳᠦᠨ ᠰᠢᠯ ᠤᠷᠢᠳᠴᠢᠯᠠᠨ ᠪᠡᠯᠡᠳᠬᠡᠬᠦ ᠬᠡᠷᠡᠭᠲᠡᠢ᠃

5. ᠠᠮᠤᠷ ᠲᠦᠪᠰᠢᠨ᠎ᠦ ᠪᠠᠢᠴᠠᠭᠠᠯᠲᠠ ᠪᠠ ᠪᠡᠶ᠎ᠡ᠎ᠶᠢᠨ ᠬᠢᠷᠢ ᠬᠡᠮ᠎ᠦᠨ ᠰᠢᠯᠭᠠᠨ ᠪᠠᠲᠤᠯᠠᠯᠲᠠ᠎ᠶᠢ ᠬᠠᠮᠵᠢᠯᠴᠠᠨ ᠰᠠᠢᠲᠤᠷ ᠬᠢᠬᠦ ᠬᠡᠷᠡᠭᠳᠡᠢ᠃

ᠰᠢᠯᠭᠠᠭᠤᠯᠤᠭ᠍ᠴᠢ ᠨᠠᠭᠠᠲᠤ ᠵᠠᠬ᠎ᠠ᠎ᠳᠠᠭᠠᠨ ᠰᠢᠯᠭᠠᠯᠲᠠ ᠡᠬᠢᠯᠡᠬᠦ᠎ᠡᠴᠡ 45 ᠮᠢᠨᠦ᠋ᠲ᠎ᠦᠨ ᠡᠮᠦᠨ᠎ᠡ ᠰᠢᠯᠭᠠᠯᠲᠠ᠎ᠶᠢᠨ ᠴᠡᠭ᠎ᠲᠡᠬᠡᠨ ᠬᠦᠷᠴᠦ᠂ ᠪᠠᠢᠴᠠᠭᠠᠯᠲᠠ᠎ᠶᠢ ᠬᠦᠯᠢᠶᠡᠵᠦ ᠰᠢᠯᠭᠠᠯᠲᠠ᠎ᠶᠢᠨ ᠲᠠᠯᠠᠪᠤᠷ᠎ᠲᠠᠭᠠᠨ ᠣᠷᠣᠵᠤ ᠪᠣᠯᠣᠨ᠎ᠠ᠂ ᠲᠣᠭᠲᠠᠭᠰᠠᠨ ᠴᠠᠭ᠎ᠲᠤ ᠰᠢᠯᠭᠠᠯᠲᠠ᠎ᠶᠢᠨ ᠴᠡᠭ᠎ᠲᠡᠬᠡᠨ ᠬᠦᠷᠴᠦ ᠳᠡᠢᠯᠦᠭᠰᠡᠨ ᠦᠭᠡᠢ᠂ ᠪᠠᠢᠴᠠᠭᠠᠯᠲᠠ᠎ᠶᠢ ᠬᠦᠯᠢᠶᠡᠭᠰᠡᠨ᠎ᠡᠴᠡ ᠪᠣᠯᠵᠤ ᠰᠢᠯᠭᠠᠯᠲᠠ᠎ᠶᠢᠨ ᠴᠠᠭ᠎ᠵᠢᠡᠨ ᠰᠠᠭᠠᠲᠠᠭᠠᠭᠰᠠᠨ ᠪᠠᠢᠪᠠᠯ᠂ ᠰᠢᠯᠭᠠᠭᠤᠯᠤᠭ᠍ᠴᠢ ᠬᠠᠷᠢᠭᠤᠴᠠᠯᠭ᠎ᠠ᠎ᠶᠢ ᠡᠭᠦᠷᠭᠡᠯᠡᠨ᠎ᠡ᠃ ᠰᠢᠯᠭᠠᠯᠳᠠ ᠵᠢᠨ ᠳᠠᠯᠠᠪᠠᠢ ᠳ᠋ᠤ ᠤᠷᠤᠬᠤ ᠪᠠᠢᠴᠠᠭᠠᠯᠲᠠ᠎ᠶᠢᠨ ᠳᠤᠮᠳᠠ ᠰᠡᠵᠢᠭᠯᠡᠯᠲᠡᠢ ᠡᠳ᠋ ᠪᠣᠳᠠᠰ ᠠᠪᠴᠤ ᠶᠠᠪᠤᠭ᠎ᠠ᠂ ᠬᠡᠪ᠎ᠦᠨ ᠪᠤᠰᠤ ᠪᠠᠢᠳᠠᠯ᠎ᠢ ᠰᠠᠨᠠᠭᠤᠯᠤᠭᠰᠠᠨ ᠵᠡᠷᠭᠡ ᠪᠠᠢᠳᠠᠯ᠎ᠳᠤᠬᠢᠶᠠᠯᠳᠤᠪᠠᠯ᠂ ᠰᠢᠯᠭᠠᠭᠤᠯᠤᠭ᠍ᠴᠢ ᠡᠷᠬᠡᠪᠰᠢ ᠡᠳ᠋ ᠪᠣᠳᠠᠰ᠎ᠢᠶᠠᠨ ᠲᠤᠰᠢᠶᠠᠭᠰᠠᠨ᠎ᠤ ᠳᠠᠷᠠᠭ᠎ᠠ᠂ ᠳᠠᠬᠢᠨ ᠨᠢᠭᠡ ᠤᠳᠠᠭ᠎ᠠ ᠪᠠᠢᠴᠠᠭᠠᠭᠠᠳ ᠬᠡᠪ᠎ᠤᠨ ᠪᠠᠢᠪᠠᠯ ᠰᠠᠶᠢ ᠰᠢᠯᠭᠠᠯᠳᠠ ᠵᠢᠨ ᠳᠠᠯᠠᠪᠠᠢ ᠳ᠋ᠤ ᠤᠷᠤᠭᠤᠯᠤᠨ᠎ᠠ᠃ ᠬᠡᠷᠪᠡ ᠪᠠᠢᠴᠠᠭᠠᠯᠳᠠ ᠳᠤᠮᠳᠠ ᠠᠮᠤᠷ ᠲᠦᠪᠰᠢᠨ᠎ᠤ ᠡᠬᠦᠳᠡ ᠳᠠᠬᠢᠨ ᠳᠠᠪᠳᠠᠨ ᠰᠡᠷᠡᠮᠵᠢᠯᠡᠬᠦᠯᠦᠬᠡᠳ ᠪᠠᠢᠪᠠᠯ ᠴᠢᠬᠤᠯᠠ᠎ᠲᠠᠢ ᠦᠶ᠎ᠠ ᠳ᠋ᠤ ᠪᠠᠢᠴᠠᠭᠠᠯᠳᠠ᠎ᠶᠢ ᠳᠠᠬᠢᠨ ᠪᠠᠢᠴᠠᠭᠠᠬᠤ ᠲᠠᠰᠤᠭ᠎ᠲᠤ ᠲᠣᠬᠢᠷᠠᠭᠤᠯᠤᠨ ᠶᠠᠪᠤᠭᠳᠠᠭᠤᠯᠵᠤ ᠪᠣᠯᠣᠨ᠎ᠠ᠃  ᠰᠠᠨᠠᠭᠤᠯᠬᠤ ᠨᠢ ᠰᠢᠯᠭᠠᠭᠤᠯᠤᠭ᠍ᠴᠢ ᠠᠯᠢ ᠴᠢᠳᠠᠬᠤ᠎ᠪᠠᠷ ᠲᠡᠮᠦᠷᠯᠢᠭ ᠵᠠᠰᠠᠯ᠎ᠤᠨ ᠡᠳ᠋᠎ᠲᠠᠢ ᠬᠤᠪᠴᠠᠰᠤ᠂ ᠱᠠᠬᠠᠢ ᠮᠠᠯᠠᠭᠠᠢ᠎ᠵᠢ ᠡᠮᠦᠰᠬᠦ ᠦᠭᠡᠢ ᠪᠠᠢᠵᠤ᠂ ᠲᠠᠯᠠᠪᠤᠷ᠎ᠲᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢ ᠨᠥᠯᠥᠭᠡᠯᠡᠬᠦ᠎ᠡᠴᠡ ᠵᠠᠢᠯᠠᠰᠬᠢᠬᠦ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号