ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠤᠷᠤᠯᠳᠤᠭᠠᠨ ᠨᠢᠭᠡᠨᠲᠡ ᠪᠦᠬᠦᠨ᠎ᠢᠶᠡᠷ᠎ᠢᠶᠡᠨ ᠳᠠᠭᠤᠰᠪᠠ᠃ ᠤᠷᠤᠯᠳᠤᠭᠠᠨ᠎ᠤ ᠬᠤᠭᠤᠴᠠᠭᠠᠨ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠲᠥᠪ ᠰᠤᠷᠭᠠᠨ ᠬᠥᠮᠦᠵᠢᠯ᠎ᠢᠶᠡᠷ ᠦᠨᠳᠦᠰᠦ ᠪᠣᠯᠭᠠᠬᠤ᠂ ᠪᠠᠷᠢᠮᠵᠢᠶᠠᠵᠢᠭᠤᠯᠤᠭ᠍ᠰᠠᠨ ᠪᠠᠢᠴᠠᠭᠠᠯᠲᠠ᠎ᠪᠠᠷ ᠭᠠᠷᠳᠠᠴᠠ ᠪᠣᠯᠭᠠᠵᠤ ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠬᠤᠷᠢᠬᠯᠠᠬᠤ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠬᠥᠭᠡᠷᠦᠭᠦᠯᠬᠦ᠌ ᠡᠮᠬᠡᠷᠡᠭᠯᠡᠬᠦ ᠵᠢ ᠬᠤᠷᠢᠬᠯᠠᠬᠤ ᠠᠵᠢᠯ᠎ᠤᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃
ᠬᠥᠮᠦᠵᠢᠯ ᠪᠣᠯᠪᠠᠰᠤᠷᠠᠯ᠎ᠤᠨ ᠲᠠᠯ᠎ᠠ᠎ᠪᠠᠷ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ᠌ ᠡᠮᠬᠡᠷᠡᠭᠯᠡᠬᠦ ᠵᠢ ᠬᠤᠷᠢᠬᠯᠠᠬᠤ ᠲᠥᠪ᠎ᠨᠢ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠤᠷᠤᠯᠳᠤᠭᠠᠨ᠎ᠤ ᠣᠨᠴᠠᠯᠢᠭᠲᠤ ᠴᠢᠭ᠌ᠯᠡᠭᠦᠯᠦᠨ᠂ ᠲᠠᠮᠢᠷᠴᠢᠳ᠎ᠤᠨ ᠰᠠᠭᠤᠭ᠎ᠠ ᠪᠠᠭᠤᠳᠠᠯ᠎ᠳᠤ ᠤᠷᠤᠯᠳᠤᠭᠠᠨ᠎ᠠᠴᠠ ᠡᠮᠦᠨᠡᠬᠢ ᠬᠥᠭᠡᠷᠦᠭᠦᠯᠬᠦ᠌ ᠡᠮᠬᠡᠷᠡᠭᠯᠡᠬᠦ ᠵᠢ ᠬᠤᠷᠢᠬᠯᠠᠬᠤ ᠲᠤᠰᠭᠠᠶ ᠰᠡᠳᠦᠪᠲᠦ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠷᠤᠯᠳᠤᠭᠠᠨ᠎ᠳᠤ ᠣᠷᠣᠯᠴᠠᠭ᠍ᠰᠠᠨ ᠪᠥᠬᠥ᠌ ᠲᠠᠮᠢᠷᠴᠢᠨ᠂ ᠲᠠᠰᠬᠠᠯᠵᠢᠭᠤᠯᠤᠭᠴᠢ ᠵᠢᠴᠢ ᠲᠤᠰᠠᠯᠠᠬᠤ ᠬᠥᠮᠦᠰ᠎ᠢ ᠬᠠᠮᠤᠷᠴᠠᠶ᠃
ᠬᠥᠭᠡᠷᠦᠭᠦᠯᠬᠦ᠌ ᠡᠮ᠎ᠦᠨ ᠪᠠᠢᠴᠠᠭᠠᠯᠲᠠ᠎ᠶ᠋ᠢᠨ ᠲᠠᠯ᠎ᠠ᠎ᠪᠠᠷ᠂ ᠬᠥᠭᠡᠷᠦᠭᠦᠯᠬᠦ᠌ ᠡᠮ᠎ᠦᠨ ᠪᠠᠢᠴᠠᠭᠠᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠲᠥᠪ᠎ᠡᠴᠡ ᠤᠷᠤᠯᠳᠤᠭᠠᠨ᠎ᠠᠴᠠ ᠡᠮᠦᠨ᠎ᠡ ᠬᠥᠭᠡᠷᠦᠭᠦᠯᠬᠦ᠌ ᠡᠮ᠎ᠦᠨ ᠪᠠᠢᠴᠠᠭᠠᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠵᠦ᠍᠂ ᠣᠨᠣᠯ᠎ᠤᠨ ᠰᠠᠭᠤᠷᠢ᠎ᠶ᠋ᠢ ᠪᠡᠬᠢᠵᠢᠭᠦᠯᠦᠨ᠂ ᠪᠣᠳᠠᠲᠠᠶ ᠠᠵᠢᠯᠯᠠᠬᠤ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ᠎ᠶ᠋ᠢᠨ ᠤᠬᠠᠮᠰᠠᠷ ᠪᠠ ᠶᠣᠰᠣ ᠲᠦᠷᠢᠮ᠎ᠦᠨ ᠤᠬᠠᠮᠰᠠᠷ᠎ᠢ ᠴᠢᠩᠭᠠᠷᠠᠭᠤᠯᠬᠤ᠎ᠪᠠᠷ ᠵᠣᠷᠢᠯᠭ᠎ᠠ ᠪᠣᠯᠭᠠᠵᠠᠶ᠃ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠤᠷᠤᠯᠳᠤᠭᠠᠨ᠎ᠤ ᠬᠥᠭᠡᠷᠦᠭᠦᠯᠬᠦ᠌ ᠡᠮ᠎ᠦᠨ ᠪᠠᠢᠴᠠᠭᠠᠯᠲᠠ᠎ᠶ᠋ᠢ ᠨᠡᠢᠲᠡ 26 ᠬᠥᠮᠦᠨ ᠤᠳᠠᠭ᠎ᠠ ᠪᠡᠶᠡᠯᠡᠭᠦᠯᠵᠦ᠍᠂ ᠪᠠᠢᠴᠠᠭᠠᠬᠤ ᠠᠵᠢᠯ᠎ᠳᠤ ᠬᠥᠭᠡᠷᠦᠭᠦᠯᠬᠦ᠌ ᠡᠮ᠎ᠦᠨ ᠪᠠᠢᠴᠠᠭᠠᠯᠲᠠ᠎ᠶ᠋ᠢᠨ ᠣᠯᠠᠨ ᠤᠯᠤᠰ᠎ᠤᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ ᠬᠡᠷᠡᠭ᠌ᠵᠢᠭᠦᠯᠵᠦ᠍᠂ ᠲᠥᠯᠥᠪᠯᠡᠭᠡ ᠲᠣᠭ᠍ᠲᠠᠭᠠᠬᠤ᠂ ᠥᠯᠢᠭᠡᠷ ᠬᠡᠪ ᠴᠤᠭ᠍ᠯᠠᠭᠤᠯᠬᠤ᠂ ᠥᠯᠢᠭᠡᠷ ᠬᠡᠪ ᠳᠠᠮᠵᠢᠭᠤᠯᠬᠤ ᠵᠡᠷᠭᠡ ᠪᠥᠬᠥ᠌ ᠶᠠᠪᠤᠴᠠ᠎ᠶ᠋ᠢᠨ ᠭᠣᠭ᠍ᠴᠣᠭ᠎ᠠ᠎ᠶ᠋ᠢ ᠬᠠᠮᠤᠷᠴᠤ᠌᠂ ᠪᠠᠷᠢᠮᠵᠢᠶᠠᠵᠢᠭᠤᠯᠬᠤ᠂ ᠨᠠᠷᠢᠯᠢᠭ᠍ᠵᠢᠭᠤᠯᠬᠤ ᠱᠠᠭᠠᠷᠳᠠᠯᠭ᠎ᠠ᠎ᠪᠠᠷ ᠡᠯ᠎ᠡ ᠵᠦᠶ᠋ᠯ᠎ᠦᠨ ᠠᠵᠢᠯ᠎ᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠪᠡ᠃
ᠬᠥᠭᠡᠷᠦᠭᠦᠯᠬᠦ᠌ ᠡᠮ᠎ᠦᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠲᠠᠯ᠎ᠠ᠎ᠪᠠᠷ᠂ ᠠᠵᠢᠯᠲᠠᠳ ᠤᠷᠤᠯᠳᠤᠭᠠᠨ᠎ᠤ ᠲᠠᠯᠠᠪᠤᠷ᠎ᠲᠤ ᠭᠦᠨᠵᠡᠭᠡᠢᠷᠡᠨ᠂ ᠡᠮᠴᠢᠯᠡᠭᠡᠨ᠎ᠦ ᠪᠠᠲᠤᠯᠠᠭ᠎ᠠ᠎ᠶ᠋ᠢᠨ ᠭᠣᠭ᠍ᠴᠣᠭᠠᠨᠳᠠᠬᠢ ᠡᠮ᠎ᠦᠨ ᠵᠦᠶ᠋ᠯᠡᠰ᠎ᠦᠨ ᠬᠠᠮᠢᠶᠠᠷᠤᠯᠲᠠ᠎ᠳᠤ ᠬᠥᠭᠡᠷᠦᠭᠦᠯᠬᠦ᠌ ᠡᠮ᠎ᠦᠨ ᠵᠦᠶ᠋ᠯᠡᠰ᠎ᠦᠨ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ᠂ ᠡᠮᠴᠢᠯᠡᠭᠡᠨ᠎ᠦ ᠪᠠᠲᠤᠯᠠᠭ᠎ᠠ᠎ᠶ᠋ᠢᠨ ᠡᠮ᠎ᠦᠨ ᠵᠦᠶ᠋ᠯᠡᠰ᠎ᠦᠨ ᠢᠷᠡᠯᠲᠡ᠂ ᠬᠠᠳᠠᠭᠠᠯᠠᠯᠲᠠ ᠵᠢᠴᠢ ᠬᠡᠷᠡᠭ᠌ᠯᠡᠭ᠌ᠰᠡᠨ ᠲᠡᠮᠳᠡᠭ᠌ᠯᠡᠯ᠎ᠢ ᠭᠤᠤᠯᠳᠠᠯᠭ᠎ᠠ᠎ᠲᠠᠶ ᠬᠠᠷᠭᠤᠭᠤᠯᠤᠨ ᠪᠠᠢᠴᠠᠭᠠᠵᠤ᠂ ᠬᠥᠭᠡᠷᠦᠭᠦᠯᠬᠦ᠌ ᠡᠮ᠎ᠦᠨ ᠵᠦᠶ᠋ᠯᠡᠰ᠎ᠦᠨ ᠲᠦᠭ᠌ᠰᠢᠭᠦᠷᠢ᠎ᠶ᠋ᠢᠨ ᠬᠡᠮ ᠰᠣᠭᠣᠭ᠎ᠢ ᠴᠢᠩᠭ᠎ᠠ ᠵᠢᠭ᠍ᠰᠠᠭᠠᠨ ᠪᠠᠢᠴᠠᠭᠠᠵᠤ᠂ ᠡᠮᠴᠢᠯᠡᠭᠡᠨ᠎ᠦ ᠠᠪᠤᠷᠠᠨ ᠵᠠᠰᠠᠬᠤ ᠡᠮ ᠬᠡᠷᠡᠭ᠌ᠯᠡᠬᠦ᠌ ᠠᠮᠤᠷ ᠲᠦᠪᠱᠢᠨ᠎ᠦ ᠵᠢᠷᠤᠮᠵᠢᠯ᠎ᠢ ᠦᠨᠡᠨ ᠬᠦ᠌ ᠪᠠᠲᠤᠯᠠᠵᠤ᠂ ᠡᠮᠴᠢᠯᠡᠭᠡᠨ᠎ᠦ ᠡᠮ ᠬᠡᠷᠡᠭ᠌ᠯᠡᠬᠦ᠌᠎ᠨᠢ ᠵᠣᠬᠢᠰ ᠥᠬᠡᠶ᠎ᠡᠴᠡ ᠪᠣᠯᠵᠣ ᠬᠥᠭᠡᠷᠦᠭᠦᠯᠬᠦ᠌ ᠡᠮ᠎ᠦᠨ ᠲᠣᠭ᠍ᠲᠠᠭᠠᠯ᠎ᠠᠴᠠ ᠵᠥᠷᠢᠴᠡᠭ᠌ᠰᠡᠨ ᠬᠡᠷᠡᠭ᠎ᠢ ᠦᠨᠡᠨ ᠬᠦ᠌ ᠰᠡᠷᠭᠡᠢᠯᠡᠵᠦ᠍᠂ ᠲᠠᠮᠢᠷᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠤᠷᠤᠯᠳᠤᠭᠠᠨ᠎ᠤ ᠶᠠᠪᠤᠳᠠᠯ᠎ᠤᠨ ᠡᠷᠬᠡ ᠲᠡᠭ᠌ᠰᠢ ᠲᠥᠪ ᠭᠤᠤᠯᠴᠢ᠎ᠳᠤ ᠬᠦᠴᠦᠲᠡᠶ ᠪᠠᠲᠤᠯᠠᠭ᠎ᠠ ᠬᠠᠩᠭᠠᠪᠠ᠃