ᠡᠨᠡ ᠵᠢᠯ᠎ᠦᠨ 6 ᠰᠠᠷ᠎ᠠ ᠪᠣᠯ ᠪᠦᠬᠦ᠌ ᠤᠯᠤᠰ᠎ᠤᠨ ᠬᠣᠷᠢᠨ ᠲᠠᠪᠤᠳᠠᠬᠢ 《ᠠᠶᠤᠯᠭᠦᠢ ᠦᠢᠯᠡᠳᠪᠦᠷᠢᠯᠡᠯ᠎ᠦᠨ ᠰᠠᠷ᠎ᠠ》 ᠪᠣᠯᠤᠨ᠎ᠠ᠃ 6 ᠰᠠᠷ᠎ᠠ᠎ᠶ᠋ᠢᠨ 3 ᠡᠴᠡ 4 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠠᠭᠤᠷᠬᠠᠶ ᠪᠠ ᠠᠭᠤᠷᠬᠠᠶ᠎ᠶ᠋ᠢᠨ ᠬᠤᠳᠳᠤᠭ᠎ᠲᠤ ᠭᠦᠨᠵᠡᠭᠡᠢᠷᠡᠨ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠢ ᠪᠠᠢᠴᠠᠭᠠᠵᠤ ᠱᠠᠯᠠᠪᠲᠠᠭᠤᠯᠤᠨ ᠵᠢᠯᠣᠭᠣᠳᠪᠠ᠃ ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠠᠶᠤᠯᠭᠦᠢ ᠦᠢᠯᠡᠳᠪᠦᠷᠢᠯᠡᠯ᠎ᠦᠨ ᠸᠢᠳᠢᠣ᠋ ᠬᠤᠷᠠᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠢ᠍ᠢᠷ᠎ᠠ᠎ᠶ᠋ᠢᠨ ᠬᠤᠭᠤᠴᠠᠭᠠᠨ᠎ᠤ ᠪᠦᠬᠦ᠌ ᠤᠯᠤᠰ᠎ᠤᠨ ᠬᠣᠯᠪᠣᠭ᠍ᠳᠠᠯ ᠪᠦᠬᠦᠢ ᠠᠶᠤᠯᠭᠦᠢ ᠦᠢᠯᠡᠳᠪᠦᠷᠢᠯᠡᠯ᠎ᠦᠨ ᠡᠨᠳᠡᠯ ᠡᠴᠡ ᠰᠤᠷᠭᠠᠮᠵᠢ ᠠᠪᠴᠤ᠌᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠭᠤᠷᠬᠠᠢ᠎ᠶ᠋ᠢᠨ ᠬᠦᠷᠢᠶᠡᠨ᠎ᠳᠡᠬᠢ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠪᠣᠳᠠᠲᠠᠢ ᠨᠠᠷᠢᠯᠢᠭ ᠠᠳᠭᠤᠵᠤ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

6 ᠰᠠᠷ᠎ᠠ᠎ᠶ᠋ᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠣᠷᠳᠣᠰᠲᠡᠬᠢ ᠤᠯᠤᠰ ᠤ᠋ᠨ ᠡᠨ᠋ᠸᠷᠭᠢ ᠵᠢᠨ ᠪᠦᠯᠦᠭᠯᠡᠯ ᠤ᠋ᠨ ᠱᠧᠨ ᠳ᠋ᠦᠩ ᠨᠡᠭᠦᠷᠡᠰᠦᠨ᠎ᠦ ᠪᠦᠯᠦᠭ᠌ᠯᠡᠯ᠎ᠦᠨ ᠪᠦᠯᠢᠶᠡᠨᠳᠡᠯᠠ ᠨᠡᠭᠦᠷᠡᠰᠦᠨ ᠠᠭᠤᠷᠬᠠᠶ᠎ᠳᠤ ᠬᠦᠷᠴᠦ᠍᠂ ᠨᠦᠭᠡᠨ ᠵᠠᠮ ᠵᠢᠡᠷ ᠬᠤᠳᠳᠤᠭ ᠳᠣᠣᠷᠠᠬᠢ ᠨᠡᠬᠦᠷᠡᠰᠦ ᠮᠠᠯᠲᠠᠬᠤ ᠠᠵᠢᠯ᠎ᠤᠨ ᠲᠠᠯᠠᠪᠠᠢ ᠳ᠋ᠤ ᠭᠦᠨᠵᠡᠭᠡᠢᠷᠡᠵᠦ᠍᠂ ᠱᠢᠰᠲᠸᠮ᠎ᠤᠨ ᠲᠤᠨᠤᠭ ᠲᠥᠬᠥᠭᠡᠷᠦᠮᠵᠢ᠎ᠶ᠋ᠢᠨ ᠠᠵᠢᠯᠯᠠᠭᠠᠨ᠂ ᠠᠮᠤᠷ ᠲᠦᠪᠱᠢᠨ᠎ᠦ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠤᠭ᠍ᠰᠠᠨ ᠵᠡᠷᠭᠡ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠪᠡ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ᠂ ᠪᠦᠦ ᠭᠠᠩ ᠤᠷᠳᠤᠰ᠎ᠤᠨ ᠱᠸᠨ ᠳ᠋ᠦᠩ ᠨᠡᠭᠦᠷᠡᠰᠦᠨ᠎ᠤ ᠪᠦᠯᠦᠭ᠌ᠯᠡᠯ᠎ᠦᠨ ᠪᠦᠯᠢᠶᠡᠨᠳᠠᠯᠠ ᠨᠡᠭᠦᠷᠡᠰᠦᠨ ᠠᠭᠤᠷᠬᠠᠢ᠎ᠳᠤ ᠬᠦᠷᠴᠦ᠍᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ ᠪᠣᠯᠤᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠠᠵᠤ ᠠᠬᠤᠢᠯᠠᠯ᠎ᠤᠨ ᠲᠦᠷᠢᠮ ᠲᠣᠭ᠍ᠲᠠᠭᠠᠯ ᠶᠣᠰᠣᠭᠠᠷ ᠠᠮᠤᠷ ᠲᠦᠪᠱᠢᠨ᠎ᠦ ᠪᠣᠯᠪᠠᠰᠤᠷᠠᠯ᠎ᠢ ᠬᠦᠷᠳᠡᠭᠰᠡᠨᠦ ᠲᠠᠷᠠᠭ᠎ᠠ᠂ ᠨᠦᠭᠡᠨ ᠵᠠᠮ ᠵᠢᠡᠷ ᠬᠤᠳᠳᠤᠭ ᠳᠣᠣᠷᠠᠬᠢ ᠨᠡᠬᠦᠷᠡᠰᠦ ᠮᠠᠯᠲᠠᠬᠤ ᠠᠵᠢᠯ᠎ᠤᠨ ᠲᠠᠯᠠᠪᠠᠢ ᠳ᠋ᠤ ᠭᠦᠨᠵᠡᠭᠡᠢᠷᠡᠵᠦ᠍᠂ ᠵᠢᠵᠢᠬᠦᠷ ᠡᠭᠡᠯᠵᠢ᠎ᠶ᠋ᠢᠨ ᠠᠵᠢᠯᠴᠢᠨ᠎ᠤ ᠳᠤᠭᠤᠢᠯᠠᠩ᠎ᠤ᠋ᠨ ᠬᠢᠨ ᠲᠠᠶ ᠶᠠᠷᠢᠯᠴᠠᠵᠤ᠂ ᠱᠢᠰᠲᠸᠮ᠎ᠤᠨ ᠲᠤᠨᠤᠭ ᠲᠥᠬᠥᠭᠡᠷᠦᠮᠵᠢ᠎ᠶ᠋ᠢᠨ ᠠᠵᠢᠯᠯᠠᠭᠠᠨ᠂ ᠠᠮᠤᠷ ᠲᠦᠪᠱᠢᠨ᠎ᠦ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠤᠭ᠍ᠰᠠᠨ ᠵᠡᠷᠭᠡ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠪᠡ᠃ ᠸᠠᠩ ᠸᠧᠢ ᠵᠦᠩ ᠠᠵᠤ ᠠᠬᠤᠢᠯᠠᠯ ᠤ᠋ᠨ ᠬᠢᠨ ᠳ᠋ᠤ᠂ ᠨᠡᠭᠦᠷᠡᠰᠦᠨ᠎ᠦ ᠵᠠᠬ᠎ᠠ ᠳᠡᠯᠭᠡᠭᠦᠷ᠎ᠦᠨ ᠦᠨ᠎ᠡ ᠬᠠᠩᠰᠢ ᠶᠠᠭᠠᠬᠢᠵᠤ ᠥᠰᠬᠦ ᠬᠠᠠᠳᠤᠰᠢ ᠲᠠᠢ ᠪᠤᠯᠤᠭᠰᠠᠨ ᠴᠦ᠍ ᠠᠶᠤᠯᠭᠦᠢ ᠦᠢᠯᠡᠳᠪᠦᠷᠢᠯᠡᠯ ᠢ᠋ ᠢᠮᠠᠭ᠍ᠲᠠ ᠲᠡᠷᠢᠭᠦᠨ᠎ᠳᠤ ᠲᠠᠯᠪᠢᠬᠤ ᠬᠡᠷᠡᠭᠳᠠᠢ᠃ ᠠᠵᠤ ᠠᠬᠤᠢᠯᠠᠯ᠎ᠤᠨ ᠬᠠᠤᠯᠢ ᠵᠢᠨ ᠡᠷᠬᠡᠳᠡᠨ ᠪᠣᠯᠤᠨ ᠬᠠᠮᠢᠶᠠᠷᠤᠯᠲᠠ᠎ᠶ᠋ᠢᠨ ᠳᠠᠪᠬᠤᠷᠭ᠎ᠠ ᠵᠢᠨ ᠬᠢᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠦᠨ ᠳᠦᠷᠢᠮ ᠲᠤᠭᠳᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠠᠵᠢᠯ᠎ᠤᠨ ᠪᠠᠢᠷᠢ᠎ᠳᠤ ᠭᠠᠷᠬᠤ ᠡᠴᠡ ᠡᠮᠦᠨᠡᠬᠢ ᠪᠣᠯᠪᠠᠰᠤᠷᠠᠯ᠂ ᠠᠭᠤᠷᠬᠠᠶ᠎ᠶ᠋ᠢᠨ ᠤᠳᠤᠷᠢᠳᠤᠯᠭ᠎ᠠ ᠳᠠᠭᠠᠭᠤᠯᠤᠨ ᠬᠤᠳᠳᠤᠭ᠎ᠲᠤ ᠪᠠᠭᠤᠬᠤ ᠵᠡᠷᠭᠡ ᠡᠯ᠎ᠡ ᠵᠦᠢᠯ᠎ᠦᠨ ᠳᠦᠷᠢᠮ᠎ᠢ ᠦᠨᠡᠨ ᠬᠦ᠌ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠶ ᠭᠡᠵᠤ ᠳᠠᠬᠢᠨ ᠳᠠᠪᠳᠠᠨ ᠵᠠᠬᠢᠪᠠ᠃ ᠲᠡᠷᠡ ᠤᠯᠤᠰ᠎ᠤᠨ ᠥᠮᠴᠢᠯᠡᠯ᠎ᠦᠨ ᠲᠤᠮᠤ ᠬᠡᠯᠪᠡᠷᠢ ᠵᠢᠨ ᠠᠭᠤᠷᠬᠠᠢ᠎ᠶ᠋ᠢᠨ ᠠᠵᠤ ᠠᠬᠤᠢᠯᠠᠯ᠎ᠢ ᠠᠶᠤᠯᠭᠦᠢ ᠦᠢᠯᠡᠳᠪᠦᠷᠢᠯᠡᠯ᠎ᠢ ᠨᠡᠩ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ᠎ᠦᠨ ᠱᠠᠭᠠᠷᠳᠠᠯᠭ᠎ᠠ᠎ᠶ᠋ᠢ ᠦᠢᠯᠡᠳᠪᠦᠷᠢᠯᠡᠯ ᠡᠵᠡᠩᠨᠡᠯᠲᠡ᠎ᠶ᠋ᠢᠨ ᠪᠦᠬᠦ᠌ ᠶᠠᠪᠤᠴᠠ ᠡᠯ᠎ᠡ ᠭᠣᠭ᠍ᠴᠣᠭ᠎ᠠ᠎ᠳᠤ ᠲᠤᠭᠤᠰᠢᠯᠠᠭᠤᠯᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃ ᠪᠤᠭᠤᠲᠤ᠎ᠶ᠋ᠢᠨ ᠱᠢᠨ ᠳ᠋ᠡ ᠱᠢᠵᠢᠷ ᠠᠯᠳᠠᠨ ᠤ᠋ ᠠᠭᠤᠷᠬᠠᠢ᠎ᠶ᠋ᠢᠨ ᠦᠢᠯᠡᠰ᠎ᠦᠨ ᠬᠢᠵᠠᠭᠠᠷᠲᠤ ᠺᠣᠮᠫᠠᠨᠢ᠎ᠳᠤ᠂ ᠸᠠᠩ ᠸᠧᠢ ᠵᠦᠩ᠂ ᠪᠦᠦ ᠭᠠᠩ ᠠᠵᠤ ᠠᠬᠤᠢᠯᠠᠯ᠎ᠤᠨ ᠲᠤᠬᠢᠷᠠᠭᠤᠯᠤᠨ ᠵᠢᠯᠣᠭᠣᠳᠭᠤ ᠲᠥᠪ᠂ ᠪᠥᠮᠪᠥᠭᠡ᠎ᠳᠤ ᠬᠡᠮᠬᠡᠯᠦᠬᠦᠷᠢᠶᠡᠷ ᠬᠡᠮᠬᠡᠯᠬᠦ ᠦᠢᠯᠡᠳᠪᠦᠷᠢ᠎ᠶ᠋ᠢᠨ ᠲᠠᠰᠤᠭ᠎ᠲᠤ ᠣᠷᠣᠵᠤ᠂ ᠠᠭᠤᠷᠬᠠᠢ᠎ᠶ᠋ᠢᠨ ᠡᠯ᠎ᠡ ᠵᠦᠢᠯ᠎ᠤᠨ ᠠᠵᠢᠯ᠎ᠤᠨ ᠪᠣᠳᠠᠲᠤ ᠪᠠᠢᠳᠠᠯ᠎ᠢ ᠪᠠᠢᠴᠠᠭᠠᠨ ᠦᠵᠡᠵᠦ᠍᠂ ᠦᠢᠯᠡᠳᠪᠦᠷᠢᠯᠡᠯ ᠠᠵᠢᠯᠯᠠᠭᠠᠨ᠂ ᠠᠮᠤᠷ ᠲᠦᠪᠱᠢᠨ᠎ᠦ ᠬᠠᠮᠢᠶᠠᠷᠤᠯᠲᠠ᠂ ᠰᠡᠷᠭᠡᠢᠯᠡᠨ ᠬᠠᠮᠠᠭᠠᠯᠠᠬᠤ ᠲᠣᠨᠣᠭ ᠲᠦᠬᠦᠭᠡᠷᠤᠮᠵᠢ ᠵᠢᠨ ᠲᠤᠬᠢᠷᠠᠭᠤᠯᠤᠯᠳᠠ᠂ ᠠᠮᠤᠷ ᠲᠦᠪᠱᠢᠨ᠎ᠦ ᠲᠦᠷᠢᠮ ᠤ᠋ᠨ ᠬᠡᠷᠡᠭ᠌ᠵᠢᠭᠦᠯᠦᠯᠳᠡ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨᠢ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠨᠢᠭᠡ᠎ᠡᠴᠡ ᠨᠦᠬᠦᠭᠡ ᠵᠢ ᠵᠦᠢᠴᠢᠯᠡᠨ ᠮᠡᠳᠡᠵᠤ ᠠᠮᠤᠷ ᠲᠦᠪᠱᠢᠨ᠎ᠦ ᠭᠡᠮ ᠰᠣᠭᠣᠭ᠎ᠢ ᠵᠢᠬᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠡᠯ᠎ᠡ ᠵᠦᠢᠯ᠎ᠦᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠲᠦᠷᠢᠮ ᠲᠣᠭ᠍ᠲᠠᠭᠠᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠸᠠᠩ ᠸᠧᠢ ᠵᠦᠩ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠮᠦᠨ᠂ ᠨᠡᠭᠦᠷᠡᠰᠦᠨ ᠠᠭᠤᠷᠬᠠᠢ ᠤᠯᠠᠨ᠂ ᠨᠡᠭᠦᠷᠡᠰᠦᠨ᠎ᠦ ᠪᠤᠰᠤ ᠠᠭᠤᠷᠬᠠᠢ ᠴᠤ᠌ ᠤᠯᠠᠨ ᠪᠠᠢᠵᠥ᠂ ᠠᠭᠤᠷᠬᠠᠢ᠎ᠶ᠋ᠢᠨ ᠠᠶᠤᠯᠭᠦᠢ ᠦᠢᠯᠡᠳᠪᠦᠷᠢᠯᠡᠯ᠎ᠦᠨ ᠪᠠᠢᠳᠠᠯ ᠨᠠᠷᠢᠨ ᠪᠤᠳᠤᠯᠢᠶᠠᠨᠲᠠᠢ ᠶᠤᠮ᠂ ᠡᠷᠬᠡᠪᠰᠢ ᠴᠠᠭ ᠢᠮᠠᠭ᠍ᠲᠠ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠵᠤ᠂ ᠥᠴᠦᠬᠡᠨ ᠴᠦ᠍ ᠠᠯᠮᠠᠢᠷᠠᠵᠤ ᠪᠣᠯᠬᠤ ᠦᠭᠡᠢ᠃ ᠠᠭᠤᠷᠬᠠᠶ᠎ᠶ᠋ᠢᠨ ᠠᠮᠤᠷ ᠲᠦᠪᠱᠢᠨ᠎ᠦ 《ᠨᠠᠶ᠋ᠮᠠᠨ ᠵᠤᠷᠪᠤᠰ ᠬᠠᠲᠠᠭᠤ ᠠᠷᠭ᠎ᠠ ᠬᠡᠮᠵᠢᠶ᠎ᠡ》 ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠲᠥᠷᠥᠯ᠎ᠦᠨ ᠠᠮᠤᠷ ᠲᠦᠪᠱᠢᠨ᠎ᠦ ᠬᠡᠮ ᠰᠣᠭᠣᠭ᠎ᠢ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠵᠤ᠂ ᠪᠥᠬᠥ᠌ ᠬᠡᠯᠬᠢᠶ᠎ᠡ᠂ ᠨᠡᠪᠲᠡᠯᠬᠦ᠌ ᠮᠠᠶᠢᠭ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ ᠪᠠ ᠵᠠᠰᠠᠯᠲᠠ᠎ᠶ᠋ᠢ ᠴᠢᠩᠭᠠᠳᠭᠠᠵᠤ᠂ ᠠᠶᠤᠯᠭᠦᠶ ᠦᠶ᠋ᠯᠡᠳᠪᠦᠷᠢᠯᠡᠯ᠎ᠦᠨ ᠲᠤᠬᠠᠢ ᠬᠠᠤᠯᠢ ᠪᠤᠰᠤ ᠪᠠ ᠬᠠᠤᠯᠢ᠎ᠡᠴᠡ ᠵᠥᠷᠢᠴᠡᠭ᠌ᠰᠡᠨ ᠵᠢᠴᠢ ᠬᠤᠳᠠᠯ ᠬᠡᠯᠡᠵᠦ᠍ ᠬᠠᠭᠤᠷᠮᠠᠭᠯᠠᠨ ᠵᠣᠬᠢᠶᠠᠬᠤ ᠵᠡᠷᠭᠡ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠶᠠᠮᠠᠷᠪᠠ ᠠᠵᠤ ᠠᠬᠤᠢᠯᠠᠯ᠎ᠤᠨ 《ᠠᠰᠠᠭᠤᠳᠠᠯ᠎ᠲᠠᠶ᠎ᠪᠠᠷ ᠠᠵᠢᠯᠯᠠᠬᠤ》 ᠶ᠋ᠢ ᠣᠭ᠍ᠲᠣ ᠵᠥᠪᠱᠢᠶᠡᠷᠡᠬᠦ᠌ ᠥᠬᠡᠶ᠃ ᠠᠭᠤᠷᠬᠠᠶ᠎ᠶ᠋ᠢᠨ ᠤᠶᠤᠨᠴᠢᠯᠠᠯᠳᠠ ᠵᠢᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ 5G᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ ᠬᠢᠬᠡᠳ ᠤᠯᠠᠮᠵᠢᠯᠠᠯᠲᠤ ᠠᠷᠭ᠎ᠠ ᠪᠡᠷ ᠠᠭᠤᠷᠬᠠᠶ᠎ᠶ᠋ᠢ ᠨᠡᠭᠡᠭᠡᠨ ᠮᠠᠯᠲᠠᠬᠤ᠎ᠶ᠋ᠢ ᠠᠭᠤᠰᠤᠯᠴᠠᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠠᠭᠤᠷᠬᠠᠶ᠎ᠶ᠋ᠢᠨ ᠣᠷᠣᠨ᠎ᠤ ᠲᠡᠭᠡᠭᠡᠪᠦᠷᠢ᠎ᠶ᠋ᠢᠨ ᠲᠤᠨᠤᠭ ᠲᠥᠬᠥᠭᠡᠷᠦᠮᠵᠢ᠎ᠶ᠋ᠢ ᠱᠢᠨ᠎ᠡ ᠡᠨᠧᠷᠭᠢ᠎ᠪᠡᠷ ᠣᠷᠣᠯᠠᠭᠤᠯᠬᠤ᠎ᠶ᠋ᠢ ᠳᠡᠮᠵᠢᠵᠦ᠍᠂ ᠠᠭᠤᠷᠬᠠᠶ᠎ᠶ᠋ᠢ ᠨᠡᠭᠡᠭᠡᠨ ᠮᠠᠯᠲᠠᠬᠤ ᠠᠵᠢᠯ ᠳ᠋ᠤ ᠠᠵᠢᠯᠴᠢᠨ ᠴᠦᠭᠡᠨ ᠭᠡᠷᠡᠭᠯᠡᠬᠦ᠂ ᠠᠵᠢᠯᠴᠢᠨ ᠦᠯᠤ ᠭᠡᠷᠡᠭᠯᠡᠬᠦ ᠵᠢ ᠠᠬᠢᠭᠤᠯᠵᠤ᠂ ᠠᠭᠤᠷᠬᠠᠶ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠦ ᠲᠦᠪᠰᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ᠂ ᠲᠤᠱᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠪᠠ 《ᠭᠤᠷᠪᠠ᠎ᠶ᠋ᠢ ᠬᠠᠮᠢᠶᠠᠷᠬᠤ ᠳ᠋ᠤ ᠭᠤᠷᠪᠠᠨ ᠡᠷᠬᠡᠪᠰᠢ》 ᠵᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠦᠨᠳᠤᠰᠤᠨ ᠱᠠᠳᠤᠨ ᠳ᠋ᠤ ᠬᠦᠨᠵᠡᠭᠡᠢᠷᠠᠨ ᠪᠤᠳᠠᠳᠠᠢ ᠪᠠᠢᠴᠠᠭᠠᠯᠳᠠ ᠬᠢᠵᠤ᠂ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠢ ᠠᠵᠢᠯ᠎ᠤᠨ ᠪᠠᠢᠷᠢ ᠨᠢᠬᠡ ᠪᠦᠷᠢ ᠬᠥᠮᠦᠨ ᠨᠢᠬᠡ ᠪᠦᠷᠢᠳᠦ ᠬᠦᠷᠲᠡᠯ᠎ᠡ ᠦᠨᠡᠨ ᠬᠦ᠌ ᠨᠠᠢᠳᠠᠪᠤᠷᠢᠵᠢᠭᠤᠯᠬᠤ ᠬᠡᠷᠡᠭ᠌ᠲᠡᠢ᠃ ᠡᠭᠦᠨ᠎ᠦ ᠳᠠᠭᠠᠤ᠂ ᠡᠯ᠎ᠡ ᠲᠥᠷᠥᠯ᠎ᠦᠨ ᠠᠭᠤᠷᠬᠠᠶ᠎ᠶ᠋ᠢᠨ ᠠᠵᠤ ᠠᠬᠤᠢᠯᠠᠯ᠎ᠤᠨ ᠬᠢᠨ ᠨᠡᠭᠦᠷᠡᠰᠦᠨ ᠳᠠᠪᠬᠤᠷᠭ᠎ᠠ᠎ᠶ᠋ᠢᠨ ᠤᠰᠤ᠎ᠶ᠋ᠢ ᠶᠡᠷᠦᠩᠬᠡᠢᠯᠡᠨ ᠠᠱᠢᠭ᠍ᠯᠠᠬᠤ ᠪᠠ ᠨᠡᠭᠦᠷᠡᠰᠦᠨ ᠴᠢᠯᠠᠭᠤᠨ᠎ᠤ ᠦᠯᠡᠳᠡᠭ᠌ᠳᠡᠯ ᠬᠦᠳᠡᠷ᠎ᠢ ᠱᠢᠶ᠋ᠳᠪᠦᠷᠢᠯᠡᠬᠦ᠌᠎ᠶ᠋ᠢ ᠰᠠᠢᠲᠤᠷ ᠠᠳᠭᠤᠵᠤ᠂ ᠠᠮᠢ ᠠᠬᠤᠶ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠬᠤᠸᠠᠩ ᡁᠢ ᠴᠢᠶᠠᠩ᠂ ᠴᠧᠨ ᡁᠢ ᠴᠠᠩ᠂ ᠢᠦᠢ ᠯᠢ ᠱᠢᠨ ᠣᠷᠣᠯᠴᠠᠵᠠᠢ᠃