ᠥᠪᠥᠷ ᠮᠣᠩᠭᠣᠯ ᠥᠨᠢ ᠤᠳᠠᠭᠠᠨ ᠲᠡᠦᠬᠡ᠎ᠲᠡᠶ᠂ ᠤᠯᠠᠨ ᠦᠨᠳᠦᠰᠦᠲᠡᠨ ᠲᠠᠢ᠂ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ ᠲᠠᠢ ᠶᠤᠮ᠃ ᠨᠠᠮ᠎ᠤᠨ ᠭᠣᠣᠯ ᠡᠭᠦᠰᠭᠡᠨ ᠪᠠᠢᠭᠤᠯᠤᠭ᠍ᠴᠢ᠎ᠶ᠋ᠢᠨ ᠨᠢᠭᠡ ᠪᠣᠯᠬᠤ ᠯᠢ ᠳ᠋ᠡ ᠵᠤᠤ ᠥᠪᠥᠷ ᠮᠣᠩᠭᠣᠯ ᠣᠷᠣᠨ᠎ᠤ ᠡᠪ ᠬᠠᠮᠲᠤᠴᠤᠳ᠎ᠢ ᠬᠥᠮᠦᠵᠢᠭᠦᠯᠬᠦ᠌᠎ᠳᠦ ᠪᠡᠶ᠎ᠡ᠎ᠪᠡᠷ᠎ᠢᠶᠡᠨ ᠣᠷᠣᠯᠴᠠᠵᠤ᠂ ᠥᠪᠥᠷ ᠮᠣᠩᠭᠣᠯ ᠣᠷᠣᠨ᠎ᠤ ᠡᠪ ᠬᠠᠮᠲᠤ ᠶᠣᠰᠣᠨ᠎ᠤ ᠭᠠᠯ ᠤ᠋ᠨ ᠤᠴᠢ᠎ᠶ᠋ᠢ ᠰᠠᠴᠤᠭᠰᠠᠨ ᠪᠠᠢᠨ᠎ᠠ ᠃
1923 ᠣᠨ᠎ᠤ 1 ᠰᠠᠷ᠎ᠠ᠎ᠳᠤ᠂ ᠯᠢ ᠳ᠋ᠡ ᠵᠤᠤ ᠪᠡᠭᠡᠵᠢᠩ ᠶᠡᠬᠡ ᠰᠤᠷᠭᠠᠭᠤᠯᠢ᠎ᠶ᠋ᠢᠨ ᠥᠪᠥᠷ ᠮᠣᠩᠭᠣᠯ ᠨᠤᠲᠤᠭ᠎ᠲᠠᠶ ᠵᠠᠯᠠᠭᠤ ᠰᠤᠷᠤᠭ᠍ᠴᠢ ᠬᠠᠨ ᠯᠢᠨ ᠹᠦ᠋᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠭᠤᠯᠤᠭᠰᠠᠨ ᠪᠦᠭᠡᠳ ᠲᠡᠭᠦᠨ᠎ᠢ ᠮᠣᠩᠭᠣᠯ ᠲᠥᠪᠡᠳ᠎ᠦᠨ ᠰᠤᠷᠭᠠᠭᠤᠯᠢ᠎ᠳᠤ ᠲᠣᠮᠢᠯᠠᠨ ᠠᠵᠢᠯ ᠥᠷᠨᠢᠭᠦᠯᠪᠡ᠃ 4 ᠰᠠᠷ᠎ᠠ᠎ᠳᠤ᠂ ᠬᠠᠨ ᠯᠢᠨ ᠹᠦ᠋ᠨᠡᠷᠦᠨ ᠲᠠᠨᠢᠯᠴᠠᠭᠤᠯᠭ᠎ᠠ᠎ᠪᠠᠷ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠮᠣᠩᠭᠣᠯ ᠦᠨᠳᠦᠰᠦᠳᠡᠨ᠎ᠤ ᠰᠤᠷᠤᠭ᠍ᠴᠢ ᠷᠦᠩ ᠶᠣᠣ ᠱᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠵᠤ᠂ ᠥᠪᠥᠷ ᠮᠣᠩᠭᠣᠯ ᠣᠷᠣᠨ᠎ᠤ ᠠᠩᠬᠠᠳᠠᠭ᠍ᠴᠢ ᠮᠣᠩᠭᠣᠯ ᠦᠨᠳᠦᠰᠦᠳᠡᠨ᠎ᠤ ᠡᠪ ᠬᠠᠮᠲᠤ ᠨᠠᠮ᠎ᠤᠨ ᠭᠡᠱᠢᠭᠦᠨ ᠪᠣᠯᠵᠠᠶ᠃ ᠲᠤᠰ ᠵᠢᠯ᠎ᠦᠨ ᠵᠤᠨ᠂ ᠷᠦᠩ ᠶᠣᠣ ᠱᠢᠶᠠᠨ ᠮᠣᠩᠭᠣᠯ ᠲᠥᠪᠡᠳ᠎ᠦᠨ ᠰᠤᠷᠭᠠᠭᠤᠯᠢ᠎ᠶ᠋ᠢ ᠲᠥᠯᠥᠭᠡᠯᠡᠨ ᠰᠦᠢᠶᠤᠸᠠᠨ᠎ᠤ ᠲᠦᠮᠡᠳ ᠬᠣᠱᠢᠭᠤᠨᠳ᠋ᠠᠭᠠᠨ ᠪᠤᠴᠠᠵᠤ ᠰᠤᠷᠤᠭ᠍ᠴᠢ ᠡᠯᠰᠡᠪᠡ᠃ ᠲᠡᠷᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠣᠮᠢᠯᠠᠯᠲᠠ᠎ᠪᠠᠷ ᠭᠦᠢᠰᠦᠢ ᠳᠤᠮᠳᠠᠳᠤ ᠰᠤᠷᠭᠠᠭᠤᠯᠢ ᠪᠣᠯᠤᠨ ᠲᠦᠮᠡᠳ᠎ᠦᠨ ᠳᠡᠭᠡᠳᠦ ᠵᠡᠷᠭᠡ᠎ᠶ᠋ᠢᠨ ᠪᠠᠭ᠎ᠠ ᠰᠤᠷᠭᠠᠭᠤᠯᠢ᠎ᠳᠤ ᠪᠢᠴᠢᠭ ᠦᠵᠡᠵᠦ᠍ ᠪᠠᠢᠭᠰᠠᠨ ᠪᠠ ᠲᠤᠱᠢᠶᠠᠯ ᠬᠦᠯᠢᠶᠡᠵᠦ ᠪᠠᠢᠭᠰᠠᠨ ᠵᠠᠶᠠᠭ᠎ᠠ᠎ᠲᠠᠢ᠂ ᠯᠢ ᠢᠦᠢ ᡁᠢ᠂ ᠮᠧᠩ ᠴᠦᠨ᠂ ᠳ᠋ᠥᠸᠧ ᠰᠦᠩ ᠨᠢᠶᠠᠨ᠂ ᠤᠯᠠᠭᠠᠨᠬᠦᠦ᠂ ᠺᠦᠢ ᠪᠢ᠂ ᠶᠦᠨ ᠷᠦᠨ᠂ ᠹᠦᠸᠧ ᠳ᠋ᠢᠩ᠂ ᠵᠣᠣ ᠴᠧᠩ᠂ ᠭᠣᠮᠪᠣᠵᠠᠪ᠂ ᠵᠦ᠍ ᠱ᠌ᠢ ᠹᠦ᠋ ᠵᠡᠷᠭᠡ 30 ᠭᠠᠷᠤᠢ ᠳᠠᠪᠱᠢᠩᠭᠤᠢ ᠵᠠᠯᠠᠭᠤᠴᠤᠳ᠎ᠢ ᠳᠠᠢ᠌ᠴᠢᠯᠠᠨ 1923 ᠣᠨ᠎ᠤ ᠨᠠᠮᠤᠷ ᠮᠣᠩᠭᠣᠯ ᠲᠥᠪᠡᠳ᠎ᠦᠨ ᠰᠤᠷᠭᠠᠭᠤᠯᠢ᠎ᠳᠤ ᠱᠢᠯᠭᠠᠭᠤᠯᠤᠨ ᠡᠯᠰᠡᠭᠳᠡᠵᠡᠢ᠃ ᠲᠤᠰ ᠬᠤᠭᠤᠴᠠᠭᠠᠨ᠎ᠳᠤ ᠥᠪᠥᠷ ᠮᠣᠩᠭᠣᠯ᠎ᠤᠨ ᠵᠡᠭᠦᠨ ᠬᠡᠰᠡᠭ᠎ᠦᠨ ᠦᠯᠵᠡᠢᠸᠴᠢᠷ᠂ ᠲᠡᠮᠦᠷᠪᠠᠭᠠᠨ᠎ᠠ᠂ ᠸᠠᠩ ᠷᠦᠢ ᠹᠦ ᠵᠡᠷᠭᠡ ᠨᠢᠭᠡ ᠪᠦᠯᠦᠭ ᠮᠣᠩᠭᠣᠯ ᠦᠨᠳᠦᠰᠦᠳᠡᠨ᠎ᠤ ᠵᠠᠯᠠᠭᠤᠴᠤᠳ ᠪᠠᠰᠠ ᠮᠣᠩᠭᠣᠯ ᠲᠥᠪᠡᠳ᠎ᠦᠨ ᠰᠤᠷᠭᠠᠭᠤᠯᠢ᠎ᠳᠤ ᠣᠷᠣᠵᠤ ᠰᠤᠷᠤᠯᠴᠠᠪᠠ᠃ ᠰᠡᠭᠦᠯᠡᠷ ᠨᠢ ᠵᠢᠷᠭᠠᠯ ᠵᠡᠷᠭᠡ ᠮᠣᠩᠭᠣᠯ ᠦᠨᠳᠦᠰᠦᠳᠡᠨ᠎ᠤ ᠵᠠᠯᠠᠭᠤᠴᠤᠳ ᠵᠠᠯᠭᠠᠭ᠎ᠠ᠎ᠪᠠᠷ ᠮᠣᠩᠭᠣᠯ ᠲᠥᠪᠡᠳ᠎ᠦᠨ ᠰᠤᠷᠭᠠᠭᠤᠯᠢ᠎ᠳᠤ ᠣᠴᠢᠵᠤ ᠰᠤᠷᠤᠯᠴᠠᠪᠠ᠃
ᠯᠢ ᠳ᠋ᠡ ᠵᠤᠤ ᠤᠯᠠᠨ ᠤᠳᠠᠭ᠎ᠠ ᠮᠣᠩᠭᠣᠯ ᠲᠥᠪᠡᠳ᠎ᠦᠨ ᠰᠤᠷᠭᠠᠭᠤᠯᠢ᠎ᠳᠤ ᠬᠦᠷᠴᠦ᠍ ᠠᠵᠢᠯ ᠥᠷᠨᠢᠭᠦᠯᠦᠨ᠂ ᠥᠪᠥᠷ ᠮᠣᠩᠭᠣᠯ ᠣᠷᠣᠨ᠎ᠡᠴᠡ ᠢᠷᠡᠭ᠌ᠰᠡᠨ ᠵᠠᠯᠠᠭᠤ ᠰᠤᠷᠤᠭ᠍ᠴᠢᠳ᠎ᠲᠠᠶ ᠰᠡᠳᠭᠢᠯ᠎ᠦᠨ ᠦᠭᠡ᠎ᠪᠡᠨ ᠶᠠᠷᠢᠯᠴᠠᠨ᠂ ᠦᠵᠡᠯ ᠰᠠᠨᠠᠭ᠎ᠠ᠎ᠪᠠᠨ ᠰᠣᠯᠢᠯᠴᠠᠵᠤ᠂ ᠳᠡᠳᠡᠨ᠎ᠳᠦ ᠮᠠᠷᠺᠰ᠎ᠤᠨ ᠦᠵᠡᠯ᠎ᠢ ᠲᠠᠨᠢᠯᠴᠠᠭᠤᠯᠵᠤ᠂ ᠣᠨᠴᠠᠭᠠᠢᠯᠠᠨ ᠮᠠᠷᠺᠰ᠎ᠤᠨ ᠦᠵᠡᠯ᠎ᠦᠨ ᠠᠩᠬᠢ᠎ᠶ᠋ᠢᠨ ᠲᠡᠮᠡᠴᠡᠯ᠎ᠦᠨ ᠰᠤᠷᠭᠠᠯ᠎ᠢᠶᠠᠷ ᠳᠡᠳᠡᠨ᠎ᠳᠦ ᠦᠨᠳᠦᠰᠦᠲᠡᠨ᠎ᠦ ᠳᠠᠷᠤᠯᠠᠯ ᠪᠠ ᠠᠩᠬᠢ᠎ᠶ᠋ᠢᠨ ᠳᠠᠷᠤᠯᠠᠯ᠎ᠤᠨ ᠬᠠᠷᠢᠴᠠᠭ᠎ᠠ᠎ᠶ᠋ᠢ ᠵᠠᠳᠠᠯᠤᠨ ᠦᠭᠴᠦ᠂ ᠤᠮᠠᠷᠠᠲᠤ᠎ᠶ᠋ᠢᠨ ᠴᠡᠷᠢᠭ᠎ᠦᠨ ᠡᠷᠬᠡᠲᠡᠨ᠎ᠦ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠷᠤᠯᠠᠨ ᠳᠤᠷᠤᠮᠵᠢᠯᠠᠭ᠍ᠰᠠᠨ ᠬᠠᠷᠭᠢᠰ ᠬᠡᠷᠴᠡᠭᠡᠢ ᠪᠣᠳᠠᠲᠤ ᠬᠡᠷᠡᠭ᠎ᠢ ᠶᠠᠷᠢᠵᠤ᠂ ᠡᠵᠡᠷᠬᠡᠭ ᠲᠦᠷᠢᠮᠡᠬᠡᠢ᠌ᠳᠡᠨᠦ ᠥᠪᠥᠷ ᠮᠣᠩᠭᠣᠯ ᠣᠷᠣᠨ᠎ᠢ ᠲᠦᠷᠢᠮᠡᠬᠡᠢᠯᠡᠨ ᠳᠡᠭᠡᠷᠡᠮᠳᠡᠭ᠌ᠰᠡᠨ ᠶᠠᠯᠠᠲᠤ ᠠᠵᠢᠯᠯᠠᠭ᠎ᠠ᠎ᠶ᠋ᠢ ᠢᠯᠡᠴᠢᠯᠡᠨ᠂ ᠮᠣᠩᠭᠣᠯ ᠦᠨᠳᠦᠰᠦᠲᠡᠨ᠎ᠦ ᠴᠢᠯᠥᠭᠡᠯᠡᠯᠲᠡ᠎ᠶ᠋ᠢᠨ ᠠᠰᠠᠭᠤᠳᠠᠯ᠎ᠢ ᠰᠤᠳᠤᠯᠤᠨ ᠶᠠᠷᠢᠯᠴᠠᠵᠤ᠂ ᠳᠡᠳᠡᠨ᠎ᠢ ᠤᠯᠤᠰ᠎ᠢᠶᠠᠨ ᠠᠪᠤᠷᠠᠵᠤ ᠠᠷᠠᠳ᠎ᠢᠶᠠᠨ ᠠᠪᠤᠷᠠᠬᠤ ᠵᠠᠮ᠎ᠢᠶᠠᠷ ᠵᠠᠮᠨᠠᠭᠠᠷᠠᠢ ᠭᠡᠵᠦ᠍ ᠵᠣᠷᠢᠭ᠍ᠵᠢᠭᠤᠯᠪᠠ᠃ ᠯᠢ ᠳ᠋ᠡ ᠵᠤᠤ ᠪᠣᠯᠤᠨ ᠳ᠋ᠧᠩ ᠵᠦᠩ ᠱᠢᠶᠠ᠂ ᠵᠤᠤ ᠱ᠌ᠢ ᠶᠠᠨ᠂ ᠾᠧ ᠮᠸᠩ ᠱᠢᠶᠦ᠋ᠩ ᠵᠡᠷᠭᠡ ᠡᠪ ᠬᠠᠮᠲᠤᠴᠤᠳ ᠪᠣᠷᠣᠭ᠍ᠵᠢᠭᠤᠨ ᠪᠥᠭᠡᠳ ᠡᠷᠬᠡ ᠲᠡᠭ᠌ᠰᠢ ᠣᠪᠣᠷ᠎ᠢᠶᠠᠷ᠂ ᠰᠡᠳᠭᠢᠯ᠎ᠦᠨ ᠦᠭᠡ᠎ᠪᠡᠨ ᠬᠡᠯᠡᠯᠴᠡᠨ ᠨᠥᠬᠥᠷᠯᠡᠬᠦ᠌ ᠬᠡᠯᠪᠡᠷᠢ᠎ᠪᠡᠷ᠂ ᠬᠤᠪᠢ ᠬᠥᠮᠦᠨ᠎ᠦ ᠢᠷᠡᠭᠡᠳᠦᠢ ᠪᠣᠯᠤᠨ ᠤᠯᠤᠰ᠎ᠤᠨ ᠬᠤᠪᠢ ᠵᠠᠶᠠᠭ᠎ᠠ᠎ᠶ᠋ᠢ ᠰᠤᠳᠤᠯᠤᠨ ᠶᠠᠷᠢᠯᠴᠠᠬᠤ ᠶᠠᠪᠤᠴᠠ᠎ᠳᠤ᠂ ᠵᠠᠯᠠᠭᠤ ᠰᠤᠷᠤᠭ᠍ᠴᠢᠳ᠎ᠢ ᠦᠨᠳᠦᠰᠦᠲᠡᠨ᠎ᠦ ᠴᠢᠯᠥᠭᠡᠯᠡᠯᠲᠡ᠎ᠶ᠋ᠢᠨ ᠲᠤᠬᠠᠢ ᠤᠯᠠᠮ ᠴᠢᠨᠠᠭ᠍ᠰᠢᠳᠠ ᠪᠣᠳᠣᠯᠬᠢᠯᠠᠭᠤᠯᠵᠠᠢ᠃ ᠵᠠᠯᠠᠭᠤᠴᠤᠳ ᠴᠤ᠌ ᠥᠪᠥᠷ ᠮᠣᠩᠭᠣᠯ ᠣᠷᠣᠨ᠎ᠤ ᠲᠡᠦᠬᠡ ᠪᠠ ᠣᠳᠣᠬᠢ ᠪᠠᠢᠳᠠᠯ᠎ᠢ ᠪᠤᠯᠢᠶᠠᠯᠳᠤᠨ ᠲᠠᠨᠢᠯᠴᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠭᠠᠰᠠᠯᠠᠩ ᠵᠣᠪᠠᠯᠠᠩᠲᠤ ᠠᠮᠢᠳᠤᠷᠠᠯ᠎ᠢ ᠲᠣᠭᠠᠴᠢᠵᠤ᠂ ᠯᠢ ᠳ᠋ᠡ ᠵᠤᠤ ᠵᠡᠷᠭᠡ ᠡᠪ ᠬᠠᠮᠲᠤᠴᠤᠳᠢ᠋ ᠥᠪᠥᠷ ᠮᠣᠩᠭᠣᠯ᠎ᠤᠨ ᠦᠨᠳᠦᠰᠦᠲᠡᠨ᠎ᠦ ᠠᠰᠠᠭᠤᠳᠠᠯ᠎ᠤᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠭᠠᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠠ ᠯᠢ ᠳ᠋ᠡ ᠵᠤᠤ ᠦᠨᠡᠨ ᠶᠣᠰᠣᠨ᠎ᠤ ᠬᠦᠴᠦᠨ ᠪᠠ ᠡᠷᠬᠢᠮ ᠳᠡᠭᠡᠳᠦ ᠵᠠᠩ ᠰᠤᠷᠲᠠᠯ᠎ᠢᠶᠠᠷ᠎ᠢᠶᠠᠨ ᠡᠳᠡᠭᠡᠷ ᠴᠤᠭ ᠵᠢᠪᠬᠤᠭ᠎ᠠ ᠲᠡᠭᠦᠯᠳᠡᠷ ᠵᠠᠯᠠᠭᠤᠴᠤᠳ᠎ᠢ ᠨᠥᠯᠥᠭᠡᠯᠡᠵᠦ᠍᠂ ᠲᠡᠳᠡᠨ᠎ᠦ ᠦᠨᠡᠨ ᠶᠣᠰᠣ᠎ᠶ᠋ᠢ ᠬᠥᠭᠡᠭᠡᠴᠡᠯᠳᠦᠬᠦ᠌᠂ ᠴᠢᠯᠥᠭᠡᠯᠡᠯᠲᠡ᠎ᠶ᠋ᠢ ᠡᠷᠢᠯᠬᠢᠯᠡᠬᠦ᠌ ᠴᠢᠩᠭ᠎ᠠ ᠬᠦᠰᠡᠯ ᠡᠷᠡᠮᠡᠯᠵᠡᠯ᠎ᠢ ᠬᠥᠭ᠌ᠵᠢᠭᠡᠵᠦ᠍᠂ ᠲᠡᠳᠡᠨ᠎ᠢ ᠨᠠᠮ᠎ᠤᠨ ᠤᠳᠤᠷᠢᠳᠤᠭ᠍ᠰᠠᠨ ᠬᠤᠪᠢᠰᠭᠠᠯ᠎ᠤᠨ ᠡᠩᠨᠡᠭᠡ᠎ᠳᠦ ᠣᠷᠣᠭᠤᠯᠪᠠ᠃ 1923 ᠣᠨ᠎ᠤ ᠡᠪᠦᠯ᠂ ᠤᠯᠠᠭᠠᠨᠬᠦᠦ᠂ ᠺᠦᠢ ᠪᠢ᠂ ᠵᠤᠤ ᠴᠧᠩ᠂ ᠹᠦᠸᠸ ᠳ᠋ᠢᠩ᠂ ᠭᠣᠮᠪᠣᠵᠠᠪ᠂ ᠺᠠᠩ ᠭᠧᠨ ᠴᠧᠩᠨᠡᠷ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠳᠦ ᠣᠷᠣᠪᠠ᠃ 1924 ᠣᠨ᠎ᠤ 3 ᠰᠠᠷ᠎ᠠ᠎ᠳᠤ᠂ ᠳ᠋ᠦᠸᠸ ᠰᠦᠩ ᠨᠢᠶᠠᠨ᠂ ᠯᠢ ᠢᠦᠢ ᡁᠢ᠂ ᠵᠠᠶᠠᠭ᠎ᠠ᠎ᠲᠠᠢ᠂ ᠮᠸᠩ ᠴᠦᠨ᠂ ᠶᠦᠨ ᠷᠦᠨ᠂ ᠷᠧᠨ ᠳ᠋ᠢᠶᠠᠨ ᠪᠠᠩ᠂ ᠶᠦᠨ ᠯᠢᠨᠨᠡᠷ ᠪᠠᠰᠠ ᠳᠤᠮᠳᠠᠳᠤ ᠤᠯᠤᠰ᠎ᠤᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠳᠦ ᠣᠷᠣᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ᠎ᠵᠢᠨ ᠨᠠᠮ᠎ᠤᠨ ᠵᠣᠬᠢᠶᠠᠨ ᠪᠠᠢᠭᠤᠯᠤᠯᠲᠠ ᠮᠣᠩᠭᠣᠯ ᠲᠥᠪᠡᠳ᠎ᠦᠨ ᠰᠤᠷᠭᠠᠭᠤᠯᠢ᠎ᠳᠤ ᠡᠪᠯᠡᠯ᠎ᠦᠨ ᠡᠭᠦᠷ ᠪᠠᠢᠭᠤᠯᠵᠤ᠂ ᠳ᠋ᠥᠸᠧ ᠰᠦᠩ ᠨᠢᠶᠠᠨ᠂ ᠤᠯᠠᠭᠠᠨᠬᠦᠦ ᠤᠷᠢᠳ ᠬᠣᠵᠢᠳ ᠡᠪᠯᠡᠯ᠎ᠦᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠬᠠᠷᠢᠭᠤᠴᠠᠪᠠ᠃ ᠨᠠᠮ᠎ᠤᠨ ᠬᠠᠯᠠᠮᠵᠢᠯᠠᠯ᠂ ᠰᠤᠷᠭᠠᠨ ᠬᠥᠮᠦᠵᠢᠯ ᠪᠠ ᠬᠥᠮᠦᠵᠢᠭᠦᠯᠦᠯ ᠳᠣᠣᠷ᠎ᠠ᠂ 1924 ᠣᠨ᠎ᠤ ᠳᠣᠣᠷ᠎ᠠ ᠬᠠᠭᠠᠰ ᠵᠢᠯ᠎ᠳᠦ᠂ ᠳ᠋ᠦᠸᠸ ᠰᠦᠩ ᠨᠢᠶᠠᠨ᠂ ᠯᠢ ᠢᠦᠢ ᡁᠢ᠂ ᠮᠸᠩ ᠴᠦᠨ᠂ ᠹᠦᠸᠸ ᠳ᠋ᠢᠩᠨᠡᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠣᠯᠪᠠ᠃ 1925 ᠣᠨ᠎ᠤ 9 ᠰᠠᠷ᠎ᠠ᠎ᠳᠤ᠂ ᠤᠯᠠᠭᠠᠨᠬᠦᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠤᠯᠪᠠ᠃ ᠲᠤᠰ ᠵᠢᠯ᠎ᠳᠦ ᠺᠦᠢ ᠪᠢ᠂ ᠵᠠᠶᠠᠭ᠎ᠠ᠎ᠲᠠᠢ᠂ ᠵᠤᠤ ᠴᠧᠩ᠂ ᠭᠣᠮᠪᠣᠵᠠᠪ᠂ ᠶᠦᠨ ᠷᠦᠨ᠂ ᠵᠢᠷᠭᠠᠯᠨᠠᠷ ᠴᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨᠪᠤᠯᠪᠠ᠃ ᠲᠡᠳᠡᠨ᠎ᠦ ᠨᠠᠮ᠎ᠳᠤ ᠣᠷᠣᠬᠤ ᠶᠣᠰᠣᠯᠠᠯ ᠨᠢ ᠴᠥᠮ ᠨᠢᠭᠤᠴᠠ᠎ᠪᠠᠷ ᠶᠠᠪᠤᠭ᠍ᠳᠠᠵᠤ᠂ ᠠᠷᠢᠭᠤᠨ ᠲᠠᠷᠬᠠᠨ ᠪᠥᠭᠡᠳ ᠰᠦᠷ ᠵᠢᠪᠬᠤᠯᠠᠩᠲᠠᠢ ᠶᠠᠪᠤᠭ᠍ᠳᠠᠵᠠᠢ᠂ ᠤᠯᠠᠭᠠᠨᠬᠦᠦ ᠡᠷᠭᠢᠴᠡᠭᠦᠯᠬᠦ᠌᠎ᠳᠡᠭᠡᠨ᠄ 《 ᠪᠢ ᠮᠠᠰᠢ ᠰᠡᠳᠬᠢᠯ ᠳᠣᠭ᠍ᠳᠣᠯᠵᠤ᠂ ᠰᠦᠨᠢᠵᠢᠨ ᠨᠤᠢᠷ ᠬᠤᠯᠵᠢᠵᠤ᠂ ᠯᠢ ᠳ᠋ᠡ ᠵᠤᠤ ᠨᠥᠬᠥᠷ ᠱᠢᠭ ᠲᠡᠢᠮᠦ᠍ ᠡᠪ ᠬᠠᠮᠲᠤ ᠶᠣᠰᠣᠨ᠎ᠤ ᠪᠠᠢᠯᠳᠤᠭ᠍ᠴᠢ ᠪᠣᠯᠤᠨ᠎ᠠ ᠭᠡᠵᠦ ᠵᠤᠷᠢᠭ ᠰᠢᠭᠤᠳᠴᠠᠢ》ᠭᠡᠪᠡ᠃ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠨᠠᠮ᠎ᠤᠨ ᠭᠡᠱᠢᠭᠦᠨ᠎ᠦ ᠡᠩᠨᠡᠭᠡ ᠲᠠᠰᠤᠷᠠᠯᠲᠠ ᠦᠭᠡᠢ ᠪᠤᠵᠠᠭᠠᠢ᠌ᠷᠠᠬᠤ᠎ᠶ᠋ᠢ ᠳᠠᠭᠠᠯᠳᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠨᠠᠮ᠎ᠤᠨ ᠡᠭᠦᠷ ᠪᠠᠢᠭᠤᠯᠤᠭ᠍ᠳᠠᠵᠤ᠂ ᠳ᠋ᠦᠸᠸ ᠰᠦᠩ ᠨᠢᠶᠠᠨ ᠨᠠᠮ᠎ᠤᠨ ᠡᠭᠦᠷ᠎ᠦᠨ ᠱᠦᠵᠢ᠎ᠶ᠋ᠢᠨ ᠲᠤᠱᠢᠶᠠᠯ᠎ᠢ ᠬᠠᠷᠢᠭᠤᠴᠠᠪᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ ᠨᠠᠮ᠎ᠤᠨ ᠡᠭᠦᠷ ᠪᠣᠯᠤᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠯᠢ ᠳ᠋ᠡ ᠵᠤᠤ᠎ᠶ᠋ᠢᠨ ᠤᠳᠤᠷᠢᠳᠤᠯᠭ᠎ᠠ ᠳᠣᠣᠷ᠎ᠠ᠂ ᠡᠨᠡ ᠪᠦᠯᠦᠭ ᠥᠪᠥᠷ ᠮᠣᠩᠭᠣᠯ ᠣᠷᠣᠨ᠎ᠤ ᠨᠠᠮ ᠡᠪᠯᠡᠯ᠎ᠦᠨ ᠭᠡᠱᠢᠭᠦᠳ 《 ᠬᠣᠶᠠᠷ ᠰᠠᠷ᠎ᠠ᠎ᠶ᠋ᠢᠨ ᠲᠤᠯᠤᠭᠠᠨ 》᠎ᠤ᠋ ᠶᠡᠬᠡ ᠠᠵᠢᠯ ᠬᠠᠶᠠᠯᠲᠠ᠎ᠶ᠋ᠢᠨ ᠨᠢᠭᠡ ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠂ ᠯᠧᠨᠢᠨ᠎ᠦ ᠨᠠᠰᠤ ᠪᠠᠷᠠᠭ᠍ᠰᠠᠨᠢ ᠳᠤᠷᠠᠰᠭᠠᠬᠤ ᠠᠵᠢᠯᠯᠠᠭ᠎ᠠ᠂ ᠰᠦᠨ ᠵᠦᠩ ᠱᠠᠨ ᠠᠪᠤᠭᠠᠢ᠎ᠶ᠋ᠢᠨ ᠤᠮᠠᠷᠠᠰᠢ ᠮᠣᠷᠳᠠᠬᠤ᠎ᠶ᠋ᠢ ᠤᠭ᠍ᠲᠤᠬᠤ ᠠᠵᠢᠯᠯᠠᠭ᠎ᠠ᠂ ᠢᠷᠭᠡᠨ᠎ᠦ ᠬᠤᠷᠠᠯ ᠬᠤᠷᠠᠯᠳᠤᠭᠤᠯᠬᠤ᠎ᠶ᠋ᠢ ᠠᠬᠢᠭᠤᠯᠬᠤ ᠬᠤᠷᠠᠯ᠎ᠤᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠥᠳᠡᠯᠭᠡᠭᠡᠨ᠎ᠢ ᠠᠬᠢᠭᠤᠯᠬᠤ᠂ ᠲᠠᠪᠤᠨ ᠰᠠᠷ᠎ᠠ᠎ᠶ᠋ᠢᠨ ᠭᠤᠴᠢᠨ᠎ᠤ ᠡᠵᠡᠷᠬᠡᠭ ᠲᠦᠷᠢᠮᠡᠭᠡᠢ᠌ᠳᠡᠨᠢ ᠡᠰᠡᠷᠭᠦᠴᠡᠬᠦ᠌ ᠡᠭᠡ ᠣᠷᠣᠨᠴᠢ ᠬᠥᠳᠡᠯᠭᠡᠭᠡᠨ᠎ᠦ ᠶᠡᠬᠡ ᠰᠦᠷᠲᠦ ᠵᠢᠭ᠍ᠰᠠᠭᠠᠯ᠎ᠢ ᠳᠡᠮᠵᠢᠬᠦ᠌ ᠵᠡᠷᠭᠡ ᠬᠤᠪᠢᠰᠭᠠᠯᠲᠤ ᠠᠵᠢᠯᠯᠠᠭ᠎ᠠ᠎ᠳᠤ ᠣᠷᠣᠯᠴᠠᠪᠠ᠃ ᠯᠢ ᠳ᠋ᠡ ᠵᠤᠤ ᠪᠠᠰᠠ ᠳ᠋ᠦᠸᠸ ᠰᠦᠩ ᠨᠢᠶᠠᠨ᠂ ᠤᠯᠠᠭᠠᠨᠬᠦᠦ᠂ ᠺᠦᠢ ᠪᠢᠨᠡᠷᠢ ᠲᠤᠬᠢᠷᠠᠭᠤᠯᠵᠤ ᠥᠪᠥᠷ ᠮᠣᠩᠭᠣᠯ ᠣᠷᠣᠨ᠎ᠤ ᠬᠠᠮᠤᠭ ᠡᠷᠲᠡᠨ᠎ᠦ ᠬᠤᠪᠢᠰᠭᠠᠯᠲᠤ ᠰᠡᠳᠬᠦᠯ 《 ᠮᠣᠩᠭᠣᠯ ᠲᠠᠷᠢᠶᠠᠴᠢᠨ 》᠎ᠢ᠋ ᠨᠠᠢᠷᠠᠭᠤᠯᠤᠨ ᠲᠠᠷᠬᠠᠭᠠᠪᠠ᠃ ᠥᠪᠥᠷ ᠮᠣᠩᠭᠣᠯ ᠣᠷᠣᠨ᠎ᠠᠴᠠ ᠢᠷᠡᠭ᠌ᠰᠡᠨ ᠳᠠᠪᠱᠢᠩᠭᠤᠢ ᠵᠠᠯᠠᠭᠤᠴᠤᠳ ᠤᠯᠤᠰ ᠲᠦᠷᠦ᠍᠎ᠶ᠋ᠢᠨ ᠳᠠᠪᠲᠠᠯᠲᠠ᠎ᠶ᠋ᠢᠨ ᠳᠤᠮᠳᠠ ᠦᠰᠦᠨ ᠪᠣᠢᠵᠢᠵᠤ᠂ ᠦᠵᠡᠯ ᠤᠬᠠᠮᠰᠠᠷ ᠨᠢ ᠳᠡᠭᠡᠭ᠌ᠰᠢᠯᠡᠵᠦ᠍᠂ ᠲᠡᠮᠡᠴᠡᠯ᠎ᠦᠨ ᠴᠢᠳᠠᠪᠤᠷᠢ ᠨᠢ ᠳᠡᠭᠡᠭ᠌ᠰᠢᠯᠡᠵᠦ᠍᠂ ᠬᠤᠪᠢᠰᠭᠠᠯ᠎ᠤᠨ ᠲᠤᠷᠱᠢᠯᠭ᠎ᠠ ᠬᠤᠷᠠᠮᠳᠤᠭᠤᠯᠤᠭ᠍ᠰᠠᠨ ᠪᠠᠢᠨ᠎ᠠ᠃
ᠮᠣᠩᠭᠣᠯ ᠲᠥᠪᠡᠳ᠎ᠦᠨ ᠰᠤᠷᠭᠠᠭᠤᠯᠢ᠎ᠶ᠋ᠢᠨ ᠬᠤᠪᠢᠰᠭᠠᠯᠲᠤ ᠵᠠᠯᠠᠭᠤᠴᠤᠳ᠎ᠤᠨ ᠪᠡᠭᠡᠵᠢᠩ᠎ᠦᠨ ᠬᠤᠪᠢᠰᠭᠠᠯᠲᠤ ᠬᠥᠳᠡᠯᠭᠡᠭᠡᠨ ᠳᠤᠮᠳᠠᠬᠢ ᠢᠳᠡᠪᠬᠢ ᠢᠯᠡᠷᠡᠯ ᠨᠢ ᠤᠮᠠᠷᠠᠲᠤ᠎ᠶ᠋ᠢᠨ ᠴᠡᠷᠢᠭ᠎ᠦᠨ ᠡᠷᠬᠡᠲᠡᠨ᠎ᠦ ᠵᠠᠰᠠᠭ᠎ᠤᠨ ᠭᠠᠵᠠᠷ᠎ᠤᠨ ᠠᠩᠬᠠᠷᠤᠯ᠎ᠢ ᠲᠠᠲᠠᠪᠠ᠃ ᠲᠡᠳᠡ ᠵᠦᠢᠯ ᠵᠦᠢᠯ᠎ᠦᠨ ᠠᠷᠭ᠎ᠠ ᠪᠠᠷᠢᠯ᠎ᠢᠶᠠᠷ ᠡᠨᠡ ᠬᠦ᠌ ᠬᠤᠪᠢᠰᠭᠠᠯ᠎ᠤᠨ ᠬᠦᠴᠦᠨ᠎ᠦ ᠬᠥᠭ᠌ᠵᠢᠯᠲᠡ᠎ᠶ᠋ᠢ ᠬᠣᠷᠢᠭ᠍ᠯᠠᠪᠠ᠃ ᠯᠢ ᠳ᠋ᠡ ᠵᠤᠤ ᠡᠳᠡᠭᠡᠷ ᠵᠠᠯᠠᠭᠤᠴᠤᠳ᠎ᠢ ᠬᠠᠮᠠᠭᠠᠯᠠᠬᠤ᠎ᠶ᠋ᠢᠨ ᠲᠥᠯᠥᠭᠡ᠂ ᠲᠡᠳᠡᠨ᠎ᠢ ᠬᠤᠭᠤᠴᠠᠭ᠎ᠠ ᠪᠦᠯᠦᠭ ᠬᠤᠪᠢᠶᠠᠨ ᠭᠤᠸᠠᠩᠵᠧᠦ᠍᠎ᠳᠦ ᠪᠠᠢᠭ᠎ᠠ ᠬᠤᠸᠠᠨᠭ᠌ ᠫᠦ᠋ ᠵᠢᠨ ᠬᠠᠭᠤᠷᠠᠢ ᠵᠠᠮ᠎ᠤᠨ ᠴᠡᠷᠢᠭ᠎ᠦᠨ ᠨᠣᠶᠠᠳ᠎ᠤᠨ ᠰᠤᠷᠭᠠᠭᠤᠯᠢ᠂ ᠵᠦᠪᠯᠡᠯ᠎ᠳᠤ᠎ᠶ᠋ᠢᠨ ᠮᠣᠰᠺᠸᠠ᠎ᠶ᠋ᠢᠨ ᠵᠦᠩᠱᠠᠨ ᠶᠡᠬᠡ ᠰᠤᠷᠭᠠᠭᠤᠯᠢ᠂ ᠠᠷᠤ ᠮᠣᠩᠭᠣᠯ᠎ᠤᠨ ᠨᠠᠮ᠎ᠤᠨ ᠶᠠᠪᠤᠳᠠᠯ᠎ᠤᠨ ᠰᠤᠷᠭᠠᠭᠤᠯᠢ᠂ ᠭᠤᠸᠠᠩᠵᠧᠦ᠍᠎ᠶ᠋ᠢᠨ ᠲᠠᠷᠢᠶᠠᠴᠢᠨ᠎ᠤ ᠬᠥᠳᠡᠯᠭᠡᠭᠡᠨ᠎ᠦ ᠪᠣᠯᠪᠠᠰᠤᠷᠠᠯ᠎ᠤᠨ ᠭᠠᠵᠠᠷ ᠵᠡᠷᠭᠡ ᠭᠠᠵᠠᠷ᠎ᠲᠤ ᠬᠦᠷᠭᠡᠵᠦ᠍ ᠰᠤᠷᠤᠯᠴᠠᠭᠤᠯᠪᠠ᠃ ᠡᠭᠦᠨ᠎ᠦ ᠬᠠᠮᠲᠤ ᠪᠠᠰᠠ ᠯᠢ ᠢᠦᠢ ᡁᠢ᠂ ᠵᠠᠶᠠᠭᠠᠲᠠᠶᠨᠠᠷᠢ ᠥᠪᠥᠷ ᠮᠣᠩᠭᠣᠯ ᠣᠷᠣᠨ᠎ᠳᠤ ᠲᠣᠮᠢᠯᠠᠨ ᠣᠴᠢᠭᠤᠯᠵᠤ ᠨᠠᠮ᠎ᠤᠨ ᠠᠵᠢᠯ᠎ᠢ ᠥᠷᠨᠢᠭᠦᠯᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠯᠢ ᠳ᠋ᠡ ᠵᠤᠤ᠎ᠶ᠋ᠢᠨ ᠪᠡᠭᠡᠵᠢᠩ᠎ᠳᠦ ᠬᠥᠮᠦᠵᠢᠭᠦᠯᠦᠭ᠌ᠰᠡᠨ ᠡᠳᠡᠭᠡᠷ ᠨᠠᠮ᠎ᠤᠨ ᠭᠡᠱᠢᠭᠦᠨ ᠨᠢ ᠥᠪᠥᠷ ᠮᠣᠩᠭᠣᠯ ᠣᠷᠣᠨ᠎ᠤ ᠬᠠᠮᠤᠭ᠎ᠤᠨ ᠡᠷᠲᠡᠨ᠎ᠦ ᠨᠠᠮ᠎ᠤᠨ ᠭᠡᠱᠢᠭᠦᠨ᠎ᠦ ᠬᠠᠮᠲᠤᠯᠢᠭ ᠪᠤᠯᠵᠤ᠂ ᠮᠠᠰᠢ ᠤᠯᠠᠨ ᠬᠥᠮᠦᠨ ᠨᠢ ᠬᠣᠵᠢᠮ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠤ ᠬᠤᠪᠢᠰᠭᠠᠯ᠎ᠢ ᠤᠳᠤᠷᠢᠳᠭᠤ ᠭᠣᠣᠯᠯᠠᠭ᠍ᠴᠢ ᠬᠦᠴᠦᠨ ᠪᠣᠯᠤᠭ᠍ᠰᠠᠨ ᠪᠠᠢᠨ᠎ᠠ᠃