— ᠰᠢ ᠵᠢᠨ ᠫᠢᠩ ᠦᠨ ᠰᠣᠶᠣᠯ᠎ᠤᠨ ᠦᠵᠡᠯ ᠰᠠᠨᠠᠭ᠎ᠠ ᠰᠣᠶᠣᠯ᠎ᠤᠨ ᠤᠯᠠᠮᠵᠢᠯᠠᠯ ᠬᠦᠭᠵᠢᠯᠲᠡ ᠵᠢᠨ ᠱᠢᠨ᠎ᠡ ᠪᠠᠢᠳᠠᠯ ᠢ ᠡᠬᠦᠳᠦᠨ ᠨᠡᠭᠡᠭᠡᠬᠦ ᠵᠢ ᠬᠦᠲᠦᠯᠦᠨ ᠲᠠᠭᠠᠭᠤᠯᠤᠨ᠎ᠠ
2023 ᠣᠨ᠎ᠤ 6 ᠰᠠᠷ᠎ᠠ᠎ᠶ᠋ᠢᠨ 2 ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠰᠣᠶᠣᠯ᠎ᠤᠨ ᠤᠯᠠᠮᠵᠢᠯᠠᠯ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ᠎ᠶ᠋ᠢᠨ ᠰᠣᠶᠣᠯ ᠤᠨ ᠤᠯᠠᠮᠵᠢᠯᠠᠯ ᠬᠥᠭ᠌ᠵᠢᠯᠲᠡ᠎ᠶ᠋ᠢᠨ ᠴᠢᠬᠤᠯᠠ ᠶᠡᠬᠡ ᠤᠨᠤᠯ ᠪᠠ ᠪᠣᠳᠠᠲᠤ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ 《ᠲᠡᠦᠬᠡᠰᠤᠶᠤᠯᠤᠨ ᠵᠠᠯᠭᠠᠮᠵᠢᠯᠠᠯ ᠢ ᠦᠷᠭᠦᠯᠵᠢᠯᠡᠭᠦᠯᠵᠦ᠂ ᠤᠳᠤ ᠦᠶ᠎ᠡ ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠳᠦᠭᠡᠢ》 ᠭᠡᠬᠦ᠌ ᠴᠠᠭ ᠦᠶ᠎ᠡ᠎ᠶ᠋ᠢᠨ ᠤᠷᠢᠶᠠᠯᠠᠭ᠎ᠠ ᠭᠠᠷᠭᠠᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠪᠠᠢᠭᠤᠯᠤᠯᠲᠠ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠰᠣᠶᠣᠯ᠎ᠤᠨ ᠵᠠᠯᠭᠠᠮᠵᠢᠯᠠᠯ ᠦᠷᠭᠦᠯᠵᠢᠯᠡᠵᠦ᠂ ᠰᠣᠶᠣᠯ ᠤᠨ ᠠᠮᠢᠵᠢᠷᠠᠯ ᠤᠨ ᠬᠦᠴᠦᠨ ᠪᠠᠳᠠᠷᠠᠵᠤ᠂ ᠡᠷᠲᠡᠨ᠎ᠦ ᠪᠣᠯᠪᠠᠰᠤᠨ ᠪᠣᠯᠤᠨ ᠤᠳᠤ ᠦᠶ᠎ᠡ᠎ᠶ᠋ᠢᠨ ᠪᠣᠯᠪᠠᠰᠤᠨ ᠰᠣᠯᠪᠢᠴᠠᠨ ᠬᠡᠷᠡᠯᠳᠦᠭ᠌ᠰᠡᠨ ᠦᠵᠡᠰᠭᠦᠯᠡᠩᠲᠦ ᠰᠠᠢᠬᠠᠨ ᠦᠵᠡᠮᠵᠢ ᠵᠢᠷᠤᠭ ᠲᠤᠮᠳᠠᠳᠤ ᠵᠢᠨ ᠡᠬᠡ ᠭᠠᠵᠠᠷ᠎ᠲᠤ ᠠᠯᠭᠤᠷᠬᠠᠨ ᠳᠡᠯᠭᠡᠭ᠌ᠳᠡᠯᠡ᠃
ᠤᠳᠤᠮᠰᠢᠯ᠎ᠢᠶᠡᠨ ᠰᠠᠬᠢᠨ ᠬᠠᠮᠠᠭᠠᠯᠠᠵᠤ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠨ᠎ᠠ
ᠳᠤᠮᠳᠠᠳᠤ᠎ᠶ᠋ᠢᠨ ᠪᠣᠯᠪᠠᠰᠤᠨ ᠨᠢ ᠲᠤᠪᠤᠢ᠌ᠮ᠎ᠠ ᠦᠷᠭᠦᠯᠵᠢᠯᠡᠬᠦ᠌ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ᠂ ᠨᠢᠭᠡᠳᠦᠮᠡᠯ ᠴᠢᠨᠠᠷ᠂ ᠪᠠᠭ᠍ᠲᠠᠭᠠᠮᠵᠢᠲᠤ ᠴᠢᠨᠠᠷ᠂ ᠡᠩᠬᠡ ᠲᠠᠢᠪᠤᠩ ᠴᠢᠨᠠᠷᠲᠠᠶ ᠪᠠᠢᠳᠠᠭ᠃ ᠶᠡᠷᠦᠩᠬᠡᠶ ᠱᠦᠵᠢ ᠰᠢ ᠵᠢᠨ ᠫᠢᠩ ᠦᠨ ᠳᠤᠮᠳᠠᠳᠤ᠎ᠶ᠋ᠢᠨ ᠪᠣᠯᠪᠠᠰᠤᠨ᠎ᠤ ᠲᠣᠪᠣᠢᠮ᠎ᠠ ᠣᠨᠴᠠᠯᠢᠭ ᠱᠢᠨᠵᠢ᠎ᠶ᠋ᠢᠨ ᠲᠤᠬᠠᠶ ᠵᠦᠪ ᠤᠨᠤᠪᠴᠢᠲᠠᠢ ᠬᠤᠷᠢᠶᠠᠩᠭᠤᠢᠯᠠᠯ ᠨᠢ ᠳᠤᠮᠳᠠᠳᠤ᠎ᠶ᠋ᠢᠨ ᠦᠨᠳᠦᠰᠦᠲᠡᠨ᠎ᠦ ᠦᠶ᠎ᠡ ᠤᠯᠠᠷᠢᠨ ᠣᠷᠣᠱᠢᠨ ᠲᠣᠭ᠍ᠲᠠᠨᠢᠵᠤ ᠪᠠᠢᠭ᠎ᠠ 《ᠭᠧᠨ᠎ᠦ ᠨᠢᠭᠤᠴᠠ ᠨᠣᠮᠧᠷ》 ᠢ᠋ ᠢᠯᠡᠷᠡᠭᠦᠯᠦᠭ᠌ᠰᠡᠨ ᠪᠠᠢᠨ᠎ᠠ᠃
ᠰᠠᠷ᠎ᠠ ᠭᠠᠷᠤᠢ᠎ᠶ᠋ᠢᠨ ᠡᠮᠦᠨ᠎ᠡ᠂ 2025 ᠣᠨ᠎ᠤ ᠪᠥᠬᠥ᠌ ᠤᠯᠤᠰ᠎ᠤᠨ ᠠᠷᠪᠠᠨ ᠶᠡᠬᠡ ᠬᠠᠭᠤᠴᠢ ᠰᠤᠳᠤᠯᠤᠯ᠎ᠤᠨ ᠱᠢᠨ᠎ᠡ ᠢᠯᠡᠷᠡᠭᠦᠯᠦᠯᠲᠡ᠎ᠶ᠋ᠢ ᠨᠡᠢᠲᠡᠯᠡᠵᠦ᠍᠂ ᠾᠧᠪᠧᠶ᠎ᠶ᠋ᠢᠨ ᠱᠢᠤᠸᠠᠨ ᠬᠤᠸᠠ᠎ᠶ᠋ᠢᠨ ᠵᠧᠩ ᠵᠢᠶᠠ ᠭᠧᠤ᠎ᠶ᠋ᠢᠨ ᠪᠠᠭᠤᠷᠢ᠂ ᠱᠠᠨ ᠰᠢ᠎ᠶ᠋ᠢᠨ ᠰᠢ ᠶᠠᠩ ᠵᠥᠩ ᠲᠣᠰᠭᠣᠨ᠎ᠤ ᠪᠠᠭᠤᠷᠢ᠂ ᠱᠠᠨᠳᠦ᠋ᠩ᠎ᠦᠨ ᠴᠢᠩᠳᠣᠤ᠎ᠶ᠋ᠢᠨ ᠯᠠᠩ ᠶᠠᠲᠠᠶᠶ᠋ᠢᠨ ᠪᠠᠭᠤᠷᠢ ᠵᠡᠷᠭᠡ ᠴᠢᠬᠤᠯᠠ ᠶᠡᠬᠡ ᠦᠷ᠎ᠡ ᠪᠦᠲᠦᠭᠡᠯ᠎ᠨᠢ ᠲᠡᠦᠬᠡ᠎ᠶ᠋ᠢᠨ ᠣᠨᠢᠰᠤᠭ᠎ᠠ᠎ᠶ᠋ᠢ ᠲᠠᠰᠤᠷᠠᠯᠲᠠ ᠥᠬᠡᠶ ᠳᠡᠢᠯᠵᠦ᠍᠂ ᠪᠣᠯᠪᠠᠰᠤᠨ᠎ᠤ ᠵᠠᠯᠭᠠᠮᠵᠢᠯᠠᠯ᠎ᠢ ᠨᠥᠬᠥᠪᠥᠷᠢᠯᠡᠨ᠂ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡ᠎ᠶ᠋ᠢ ᠦᠷᠭᠦᠯᠵᠢᠯᠡᠨ ᠭᠡᠷᠡᠴᠢᠯᠡᠪᠡ᠃
ᠣᠳᠣᠬᠠᠨ᠎ᠳᠤ᠂ ᠮᠠᠨ᠎ᠤ ᠤᠯᠤᠰ ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ᠎ᠤᠨ ᠪᠤᠲᠠᠲᠠᠢ ᠪᠠᠢᠳᠠᠯ ᠢ ᠦᠨᠳᠦᠰᠦᠨ ᠳᠡᠭᠡᠨ ᠲᠣᠳᠣᠷᠬᠠᠶ ᠣᠢᠯᠠᠭᠠᠵᠤ᠂ ᠳᠥᠷᠪᠡᠳᠦᠭᠡᠷ ᠤᠳᠠᠭᠠᠨ᠎ᠤ ᠪᠥᠬᠥ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠨᠡᠢᠳᠡᠮ ᠪᠠᠢᠴᠠᠭᠠᠯᠲᠠ᠎ᠳᠤ ᠴᠢᠬᠤᠯᠠ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠭᠡᠯ ᠣᠯᠵᠤ᠂ 76.7 ᠲᠦᠮᠡᠨ 《ᠭᠤᠷᠪᠠᠳᠤᠭᠠᠷᠤᠳᠠᠭᠠᠨᠤ ᠨᠡᠢᠳᠡᠮ ᠪᠠᠢᠴᠠᠭᠠᠯᠲᠠ᠌》 ᠳ᠋ᠤ᠌ ᠳᠡᠩᠰᠡᠯᠡᠭᠰᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠪᠦᠬᠦᠨ᠎ᠢ ᠳᠠᠬᠢᠨ ᠪᠠᠢᠴᠠᠭᠠᠵᠤ᠂ ᠱᠢᠨ᠎ᠡ᠎ᠪᠡᠷ ᠢᠯᠡᠷᠡᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠭ᠎ᠠ 13 ᠲᠦᠮᠡ᠎ᠶ᠋ᠢ ᠳᠠᠪᠠᠪᠠ; ᠡᠭᠦᠨ ᠦ ᠬᠠᠮᠲᠤ᠂ ᠮᠠᠨ᠎ᠤ ᠤᠯᠤᠰ ᠨᠢᠭᠡᠨᠲᠡ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠬᠠᠤᠯᠢ᠎ᠪᠠᠷ ᠶᠡᠷᠦᠩᠬᠡᠢᠯᠡᠨ ᠵᠢᠯᠤᠭᠤᠳᠤᠭᠤᠯᠤᠭᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠰᠣᠶᠣᠯ᠎ᠤᠨ ᠥᠪ᠎ᠢ ᠡᠭᠦᠷᠢᠳᠡ ᠤᠯᠠᠮᠵᠢᠯᠠᠨ ᠵᠠᠯᠭᠠᠮᠵᠢᠯᠠᠬᠤ᠎ᠳᠤ ᠲᠦᠷᠢᠮ᠎ᠦᠨ ᠪᠠᠲᠤᠯᠠᠭ᠎ᠠ ᠬᠠᠩᠭᠠᠪᠠ᠃
ᠡᠨᠡ ᠵᠢᠯ᠎ᠦᠨ ᠣᠯᠠᠨ ᠤᠯᠤᠰ᠎ᠤᠨ ᠮᠦᠽᠧᠶ᠎ᠶ᠋ᠢᠨ ᠡᠳᠦᠷ᠂ ᠱᠠᠩᠬᠠᠶ᠎ᠶ᠋ᠢᠨ ᠮᠦᠽᠧᠶ᠎ᠶ᠋ᠢᠨ ᠵᠡᠭᠦᠨ ᠣᠷᠳᠣᠨ᠎ᠳᠤ AI ᠨᠢᠳᠦᠨ ᠱᠢᠯ ᠦᠨ ᠣᠶᠤᠨᠴᠢ ᠬᠥᠲᠥᠯᠥᠨ ᠲᠠᠭᠠᠭᠤᠯᠬᠤ ᠱᠢᠰᠲ᠋ᠧᠮ᠎ᠢ ᠬᠡᠷᠡᠭᠯᠡᠵᠦ᠂ ᠡᠮᠦᠰᠴᠦ ᠵᠡᠭᠦᠵᠦ ᠪᠤᠯᠬᠤ ᠤᠶᠤᠨᠴᠢ ᠬᠠᠲᠠᠭᠤ ᠲᠣᠨᠣᠭ ᠪᠠ ᠲᠡᠦᠬᠡ᠎ᠶ᠋ᠢᠨ ᠳᠤᠷᠠᠰᠭᠠᠯᠲᠤ ᠵᠦᠢᠯᠡᠰ ᠮᠦᠽᠧᠶ᠎ᠶ᠋ᠢᠨ ᠲᠤᠰᠭᠠᠶ AI ᠲᠣᠮᠣ ᠵᠠᠭ᠍ᠪᠤᠷ᠎ᠲᠤ ᠲᠦᠱᠢᠭ᠌ᠯᠡᠨ᠂ ᠬᠦᠨ ᠰᠠᠭᠤᠭᠳᠠᠯᠳᠦ ᠮᠠᠶᠢᠭ᠎ᠤᠨ ᠰᠤᠯᠢᠯᠴᠠᠭ᠎ᠠ ᠬᠢᠵᠦ ᠲᠣᠭᠣᠷᠢᠨ ᠦᠵᠡᠭᠦ᠎ᠶ᠋ᠢ ᠪᠡᠶᠡᠯᠡᠭᠦᠯᠪᠡ᠃ ᠵᠧᠵᠢᠶᠠᠩ ᠮᠤᠵᠢ᠎ᠶ᠋ᠢᠨ ᠮᠦᠽᠧᠶ 3D ᠳᠠᠷᠤᠮᠠᠯᠯᠠᠯ᠂ ᠰᠤᠯᠢᠯᠴᠠᠭ᠎ᠠ ᠬᠢᠵᠦ ᠲᠤᠰᠬᠠᠬᠤ ᠲᠥᠬᠥᠭᠡᠷᠦᠮᠵᠢ᠎ᠳᠦ ᠲᠦᠱᠢᠭ᠌ᠯᠡᠨ ᠡᠷᠲᠡᠨ᠎ᠦ ᠸᠠᠭᠠᠷ ᠱᠠᠭᠠᠵᠠᠩ ᠢ ᠰᠡᠯᠪᠢᠨ ᠵᠠᠰᠠᠬᠤ ᠤᠷ᠎ᠠ ᠮᠡᠷᠭᠡᠵᠢᠯ᠎ᠢ ᠳᠡᠯᠭᠡᠨ ᠦᠵᠡᠭᠦᠯᠵᠦ᠍᠂ ᠵᠠᠯᠠᠭᠤᠴᠤᠳ ᠲᠤ᠌ ᠲᠠᠭᠠᠰᠢᠶᠠᠭᠳᠠᠭᠰᠠᠨ ᠰᠣᠶᠣᠯ᠎ᠤᠨ ᠬᠠᠯᠠᠮᠱᠢᠯ ᠴᠡᠭ ᠪᠣᠯᠤᠭ᠍ᠰᠠᠨ ᠪᠠᠢᠨ᠎ᠠ᠃
ᠡᠳᠦᠭᠡ ᠪᠣᠯᠲᠠᠯ᠎ᠠ᠂ ᠨᠢᠭᠡ ᠵᠢᠯ ᠳᠦ ᠮᠦᠽᠧᠢ ᠪᠡᠷ ᠲᠤᠭᠤᠷᠢᠨ ᠦᠵᠡᠭᠰᠡᠨ ᠬᠦᠮᠦᠨ᠎ᠤ ᠲᠤᠭ᠎ᠠ 15 ᠳ᠋ᠦᠩᠱᠢᠭᠤᠷ ᠭᠠᠷᠤᠢ ᠬᠥᠮᠦᠨ ᠤᠳᠠᠭ᠎ᠠ᠎ᠳᠤ ᠬᠦᠷᠪᠡ᠃ ᠲᠦᠭ ᠲᠦᠮᠡᠨ ᠤᠯᠠᠨ ᠲᠦᠮᠡᠨ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠲᠡᠦᠬᠡ ᠵᠢᠨ ᠮᠡᠳᠡᠯᠭᠡ ᠡᠴᠡ ᠤᠢᠯᠠᠭᠠᠬᠤ ᠳᠤᠮᠳᠠ ᠪᠣᠯᠪᠠᠰᠤᠨ᠎ᠤ ᠷᠢᠳᠢ ᠱᠢᠳᠢ ᠶ᠋ᠢ ᠣᠢᠯᠠᠭᠠᠵᠤ᠂ ᠰᠣᠶᠣᠯ᠎ᠤᠨ ᠢᠲᠡᠭᠡᠯ᠎ᠢᠶᠡᠨ ᠵᠤᠵᠠᠭᠠᠳᠭᠠᠪᠠ᠃
2025 ᠣᠨ᠎ᠤ 3 ᠰᠠᠷ᠎ᠠ᠎ᠳᠤ᠂ ᠭᠦᠢᠵᠧᠦ᠍᠎ᠳᠦ ᠱᠢᠨᠵᠢᠯᠡᠨ ᠪᠠᠢᠴᠠᠭᠠᠵᠤ ᠪᠠᠢᠭ᠍ᠰᠠᠨ ᠶᠡᠷᠦᠩᠬᠡᠢ ᠱᠦᠵᠢ ᠰᠢ ᠵᠢᠨ ᠫᠢᠩ ᠵᠤᠤ ᠱᠢᠩ᠎ᠤᠨ ᠳ᠋ᠦᠩ ᠦᠨᠳᠦᠰᠦᠲᠡᠨ᠎ᠤ ᠴᠠᠢᠵᠠ᠎ᠳᠤ ᠬᠦᠷᠴᠦ᠍᠂ ᠯᠠᠳᠠᠵᠤ ᠪᠤᠳᠤᠬᠤ ᠤᠷ᠎ᠠ ᠮᠡᠷᠭᠡᠵᠢᠯ᠎ᠦᠨ ᠶᠠᠪᠤᠴᠠ᠎ᠶ᠋ᠢ ᠮᠠᠰᠢ ᠤᠷᠮ᠎ᠠ᠎ᠲᠠᠶ ᠰᠣᠨᠢᠷᠬᠠᠵᠤ᠂ ᠬᠠᠷᠢᠭᠤᠴᠠᠯᠭᠠᠲᠠᠨ᠎ᠲᠠᠶ ᠳᠣᠲᠣᠨᠣ᠎ᠪᠠᠷ ᠶᠠᠷᠢᠯᠴᠠᠪᠠ᠃ ᠶᠡᠷᠦᠩᠬᠡᠢ ᠱᠦᠵᠢ᠄ 《ᠪᠤᠲᠠᠲᠠᠢ ᠪᠠᠢᠭ᠎ᠠ ᠠᠢᠯ ᠲᠣᠰᠭᠣᠨ᠂ ᠠᠷᠠᠳ᠎ᠤᠨ ᠣᠷᠣᠨ ᠰᠠᠭᠤᠴᠠ᠂ ᠤᠨᠴᠠᠯᠢᠬ᠍ᠳᠤ ᠪᠠᠷᠢᠯᠭ᠎ᠠ᠎ᠶ᠋ᠢᠨ ᠳᠦᠷᠰᠦ ᠪᠠᠢᠳᠠᠯ᠎ᠢ ᠬᠠᠮᠠᠭᠠᠯᠠᠵᠤ᠂ ᠬᠡᠯᠪᠡᠷᠢ ᠦᠭᠡᠢ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ᠎ᠪᠠᠷ ᠪᠠᠷᠠᠬᠤ ᠦᠭᠡᠢ ᠪᠠᠰᠠ ᠲᠡᠭᠦᠨ᠎ᠢ ᠪᠦᠲᠦᠭᠡᠯᠴᠢ ᠴᠢᠨᠠᠷᠲᠠᠢ᠎ᠪᠠᠷ ᠣᠨᠳᠣᠣᠱᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠎ᠶ᠋ᠢ ᠠᠬᠢᠭᠤᠯᠬᠤ ᠬᠡᠷᠡᠭ᠌ᠲᠡᠢ》 ᠭᠡᠵᠦ ᠵᠢᠭᠠᠵᠤ ᠭᠠᠷᠭᠠᠪᠠ᠃
ᠡᠳᠦᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠱᠢᠨ᠎ᠡ᠎ᠶ᠋ᠢ ᠡᠭᠦᠳᠬᠦ᠌ ᠦᠢᠯᠡᠳᠦᠯᠭᠡ ᠤᠯᠠᠨ ᠲᠠᠯ᠎ᠠ ᠪᠠᠷ ᠦᠷ᠎ᠡ ᠪᠦᠲᠦᠮᠵᠢ ᠤᠯᠵᠤ᠂ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠡᠷᠲᠡᠨ᠎ᠦ ᠰᠣᠶᠣᠯ ᠤᠨ ᠵᠠᠯᠭᠠᠮᠵᠢᠯᠠᠯ ᠨᠢ ᠤᠳᠤ ᠦᠶ᠎ᠡ᠎ᠶ᠋ᠢᠨ ᠠᠮᠢᠳᠤᠷᠠᠯ᠎ᠳᠤ ᠠᠭᠤᠰᠤᠯᠴᠠᠪᠠ᠃ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠱᠢᠨ᠎ᠡ ᠰᠣᠶᠣᠯ᠎ᠤᠨ ᠡᠭᠦᠳᠦᠯᠲᠡ᠎ᠶ᠋ᠢᠨ ᠵᠠᠬ᠎ᠠ ᠳᠡᠯᠭᠡᠭᠦᠷ ᠵᠢᠴᠢ ᠬᠠᠯᠠᠮᠰᠢᠯ ᠨᠠᠭᠠᠳᠤᠮ ᠲᠣᠭ᠍ᠯᠠᠭᠠᠮ᠎ᠤᠨ ᠬᠦᠷᠢᠶᠡᠯᠡᠩ᠎ᠢᠶᠡᠷ ᠲᠤᠭᠤᠷᠢᠨ ᠦᠵᠡᠬᠦ ᠴᠤᠭᠯᠠᠭᠠᠨ ᠳᠡᠭᠡᠷ᠎ᠡ᠂ ᠪᠡᠭᠡᠵᠢᠩ᠎ᠦᠨ ᠬᠠᠳᠭᠤᠮᠠᠯ᠂ ᠣᠷᠢᠶᠠᠮᠠᠯ ᠲᠣᠪᠴᠢ᠂ ᠨᠢᠭᠲᠠ ᠱᠢᠷ᠎ᠠ ᠮᠣᠳᠣᠨ ᠰᠡᠢᠯᠦᠮᠡᠯ ᠵᠡᠷᠭᠡ ᠤᠯᠠᠮᠵᠢᠯᠠᠯᠲᠤ ᠤᠷ᠎ᠠ ᠮᠡᠷᠭᠡᠵᠢᠯ ᠨᠢ ᠬᠠᠯᠠᠮᠰᠢᠯ ᠨᠠᠭᠠᠳᠤᠮ ᠲᠤᠭᠯᠠᠭᠠᠮ᠂ ᠡᠳᠦᠷ ᠲᠤᠲᠤᠮ᠎ᠤᠨ ᠬᠡᠷᠡᠭ᠌ᠰᠡᠯ᠎ᠦᠨ ᠵᠢᠷᠤᠭ ᠲᠥᠯᠥᠪᠯᠡᠭᠡ᠎ᠳᠤ ᠠᠭᠤᠰᠤᠯᠴᠠᠵᠤ᠂ ᠪᠣᠳᠠᠰ᠎ᠤᠨ ᠪᠤᠰᠤ ᠰᠣᠶᠣᠯ ᠤᠨ ᠥᠪ᠎ᠦᠨ ᠪᠦᠲᠦᠭᠡᠯᠴᠢ ᠲᠥᠰᠦᠪᠯᠡᠯ᠎ᠨᠢ ᠡᠯ᠎ᠡ ᠬᠦᠷᠢᠶᠡᠨ᠎ᠳᠤ ᠬᠠᠯᠠᠮᠰᠢᠯ ᠪᠤᠯᠵᠤ᠂ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠳᠤ ᠬᠦᠷᠦᠭᠰᠡᠨ ᠪᠠᠢᠨ᠎ᠠ᠃
ᠡᠷᠲᠡᠨ᠎ᠦ ᠬᠢᠳᠤ ᠰᠠᠭᠤᠷᠢᠯᠠᠨᠰᠢᠨᠡ ᠶ᠋ᠢ ᠡᠭᠦᠳᠴᠦ ᠠᠷᠠᠳ᠎ᠤᠨ ᠲᠥᠯᠥᠭᠡ ᠮᠠᠬᠳᠠᠨ ᠳᠠᠭᠤᠯᠠᠨ᠎ᠠ
ᠶᠡᠷᠦᠩᠬᠡᠢ ᠱᠦᠵᠢ ᠰᠢ ᠵᠢᠨ ᠫᠢᠩ᠂ ᠰᠣᠶᠣᠯ᠎ᠤᠨ ᠪᠠᠢᠭᠤᠯᠤᠯᠲᠠ᠎ᠶ᠋ᠢᠨ ᠵᠤᠷᠢᠯᠲᠠ ᠪᠠ ᠲᠤᠰᠤᠯᠲᠠ ᠨᠢ ᠬᠦᠮᠦᠨ᠎ᠳᠤ ᠪᠠᠢᠬᠤ ᠵᠢ ᠢᠮᠠᠭ᠍ᠲᠠ ᠪᠠᠷᠢᠮᠳᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠪᠢᠳᠡᠨ᠎ᠤ ᠠᠷᠠᠳ ᠲᠦᠮᠡᠨ᠎ᠢᠶᠡᠷ ᠭᠣᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠰᠣᠶᠣᠯ᠎ᠤᠨ ᠦᠢᠯᠡᠴᠢᠯᠡᠭᠡ ᠪᠠ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠤᠯᠠᠨ ᠶᠠᠩᠵᠤᠴᠢᠯᠠᠭ᠍ᠰᠠᠨ᠂ ᠴᠢᠨᠠᠷ ᠰᠠᠢᠲᠠᠢ ᠤᠶᠤᠨ᠎ᠤ ᠪᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢ ᠱᠠᠭᠠᠷᠳᠠᠵᠤ ᠪᠠᠢᠨ᠎ᠠ᠃
《ᠮᠥᠷᠡᠨ ᠲᠠᠯᠠᠢ ᠠᠯᠤᠰᠯᠠᠨ ᠲᠦᠮᠡᠨ ᠭᠠᠵᠠᠷ᠎ᠤᠨ ᠬᠤᠯᠠ ᠪᠠᠢᠭ᠎ᠠ ᠴᠤ᠌᠂ ᠰᠡᠳᠭᠢᠯ ᠵᠢᠷᠦᠬᠡᠨ᠎ᠳᠡᠭᠡᠨ ᠲᠠᠨ᠎ᠢ ᠰᠠᠨᠠᠭᠠᠯᠵᠠᠬᠤ ᠪᠡᠷ᠂ ᠲᠡᠷᠭᠡᠲᠡ ᠪᠠᠢᠭ᠎ᠠ ᠰᠢᠬ ᠰᠠᠨᠠᠭᠳᠠᠨ᠎ᠠ》᠃ ᠺᠢᠨᠣ᠋ 《ᠡᠮᠡᠭᠡ᠎ᠳᠤ ᠢᠯᠡᠭᠡᠭᠰᠡᠨ ᠵᠠᠬᠢᠳᠠᠯ》 ᠨᠢ ᠲᠤᠮᠳᠠᠳᠤ ᠵᠢᠨ ᠬᠠᠷᠢᠶᠠᠲᠤ ᠵᠢᠨ ᠴᠣᠬᠣᠯᠠᠪᠤᠷᠢᠨᠢᠭᠡ ᠪᠦᠷᠢ ᠪᠡᠷ ᠡᠱᠢᠯᠡᠵᠦ᠍᠂ ᠪᠣᠷᠣᠭ᠍ᠵᠢᠭᠤᠨ ᠦᠵᠡᠭ᠌ᠳᠡᠯ᠂ ᠬᠠᠯᠠᠭᠤᠨ ᠲᠤᠯᠠᠭᠠᠬᠠᠨ ᠬᠦᠤᠷᠨᠢᠯ᠎ᠢᠶᠡᠷ ᠳᠤᠮᠳᠠᠳᠤ ᠤᠯᠤᠰ᠎ᠤᠨ ᠠᠷᠠᠳ ᠲᠦᠮᠡᠨ᠎ᠦ ᠨᠤᠲᠤᠭ ᠤᠰᠤᠨ᠎ᠤ ᠲᠤᠬᠠᠢ ᠮᠦᠷᠦᠭᠡᠳᠦᠯ ᠪᠣᠯᠤᠨ ᠡᠬᠡ ᠤᠯᠤᠰ᠎ᠤᠨ ᠲᠤᠬᠠᠢ ᠬᠠᠢᠷ᠎ᠠ ᠰᠡᠳᠭᠢᠯᠭᠡ᠎ᠶ᠋ᠢ ᠮᠠᠭ᠍ᠲᠠᠨ ᠳᠠᠭᠤᠯᠠᠵᠤ᠂ ᠨᠡᠪᠲᠡᠷᠡᠭᠦᠯᠦᠭᠰᠡᠨ ᠡᠴᠡ ᠨᠠᠭᠠᠰᠢ ᠠᠯᠢ ᠤᠯᠠᠨ ᠦᠵᠡᠭ᠌ᠴᠢᠳ᠎ᠢ ᠳᠣᠭ᠍ᠳᠣᠯᠤᠭᠤᠯᠤᠭ᠍ᠰᠠᠨ ᠪᠠᠢᠨ᠎ᠠ᠃
ᠣᠳᠣᠬᠠᠨ᠎ᠳᠤ᠂ ᠥᠷᠭᠡᠨ ᠤᠯᠠᠨ ᠤᠳᠭ᠎ᠠ ᠤᠷᠠᠯᠢᠭ᠎ᠤᠨ ᠠᠵᠢᠯᠳᠠᠨ ᠴᠠᠭ ᠦᠶ᠎ᠡ᠎ᠳᠦ ᠰᠠᠭᠤᠷᠢᠯᠠᠵᠤ᠂ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠨᠢᠭᠡ ᠪᠦᠯᠦᠭ ᠦᠵᠡᠯ ᠰᠠᠨᠠᠭ᠎ᠠ ᠪᠡᠷ ᠭᠦᠨᠵᠡᠭᠡᠢ᠂ ᠤᠷᠠᠯᠢᠭ᠎ᠤᠨ ᠬᠡᠮᠵᠢᠶ᠎ᠡ ᠰᠤᠳᠤᠨ᠂ ᠨᠠᠷᠢᠯᠢᠭ ᠵᠣᠬᠢᠶᠠᠨ ᠪᠦᠲᠦᠭᠡᠭ᠌ᠰᠡᠨ ᠱᠢᠯᠢᠳᠡᠭ ᠪᠦᠲᠦᠭᠡᠯ᠎ᠢ ᠪᠤᠢ ᠪᠤᠯᠭᠠᠭᠰᠠᠨ ᠪᠠᠢᠨ᠎ᠠ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠤᠷᠠᠨ ᠰᠠᠢᠬᠠᠨ᠎ᠤ ᠦᠳᠡᠰᠢᠯᠡᠭᠡ 《ᠰᠢᠳᠤᠷᠭᠤ ᠶᠣᠰᠣ᠌ ᠵᠠᠪᠠᠯ ᠢᠯᠠᠨ᠎ᠠ》 ᠭᠡᠳᠡᠭ ᠨᠢ ᠲᠤᠤᠯᠢᠰ᠎ᠤᠨ ᠪᠠᠢᠷᠢᠰᠢᠯ᠎ᠢᠶᠠᠷ ᠭᠠᠢᠬᠠᠮᠰᠢᠭ᠍ᠲᠤ ᠣᠨ ᠰᠠᠷ᠎ᠠ᠎ᠶᠢ ᠡᠷᠭᠢᠴᠡᠭᠦᠯᠵᠦ᠂ 《ᠰᠢᠳᠢᠲᠦ ᠬᠡᠦᠬᠡᠳ ᠨᠧ ᠵᠠ ᠳᠠᠯᠠᠢ ᠲᠠᠩᠭᠢᠰ᠎ᠢ ᠲᠦᠢᠪᠡᠭᠡᠭᠰᠡᠨ ᠨᠢ》 ᠵᠡᠷᠭᠡ ᠤᠯᠤᠰ᠎ᠤᠨ ᠬᠡᠪ ᠨᠠᠮᠪᠠ᠎ᠲᠠᠢ ᠪᠦᠲᠦᠭᠡᠯ ᠤᠯᠤᠰ᠎ᠤᠨ ᠳᠣᠲᠣᠭᠠᠳᠤ ᠭᠠᠳᠠᠭᠠᠳᠤ᠎ᠳᠤ ᠳᠡᠯᠭᠡᠷᠡᠵᠦ᠂ 《ᠲᠠᠢᠪᠤᠩ ᠵᠢᠯ》᠂ 《ᠠᠨᠢᠷ ᠦᠭᠡᠢ ᠢᠷᠠᠭᠤ ᠠᠯᠳᠠᠷ》 ᠵᠡᠷᠭᠡ ᠺᠢᠨᠤ᠋ ᠵᠦᠴᠦᠬᠡ ᠨᠢ ᠬᠠᠯᠠᠮᠰᠢᠯ ᠪᠤᠯᠵᠤ᠂ ᠪᠥᠵᠢᠭᠲᠦ ᠵᠦᠴᠦᠭᠡ 《ᠵᠦᠪᠬᠡᠨ ᠡᠨᠡ ᠴᠡᠯ ᠨᠣᠭᠣᠭᠠᠨ》᠂ 《ᠤᠯᠠᠭᠠᠨ ᠠᠰᠠᠷ᠎ᠤᠨ ᠵᠡᠭᠦᠳᠦ》 ᠵᠢᠨ ᠲᠣᠭᠣᠷᠢᠨ ᠲᠣᠭᠯᠠᠬᠤ ᠬᠠᠯᠠᠮᠰᠢᠯ ᠪᠠᠭᠤᠷᠠᠭᠰᠠᠨ ᠦᠭᠡᠢ ᠁ ᠤᠯᠠᠮᠵᠢᠯᠠᠯᠲᠤ ᠠᠭᠤᠯᠭ᠎ᠠ ᠨᠢ ᠴᠠᠭ ᠦᠶ᠎ᠡ᠎ᠶᠢᠨ ᠬᠡᠪ ᠨᠠᠮᠪᠠ᠎ᠲᠠᠢ ᠰᠣᠯᠪᠢᠴᠠᠵᠤ᠂ ᠤᠳᠬ᠎ᠠ ᠤᠷᠠᠯᠢᠭ᠋᠎ᠤᠨ ᠥᠨᠢᠷ ᠴᠡᠴᠡᠭ᠎ᠦᠨ ᠬᠦᠷᠢᠶᠡᠯᠡᠩ᠎ᠳᠦ ᠰᠣᠳᠣᠨ ᠪᠦᠲᠦᠭᠡᠯ᠎ᠦᠳ ᠵᠠᠯᠭᠠᠭ᠎ᠠ᠎ᠪᠠᠷ ᠮᠡᠨᠳᠦᠯᠡᠵᠦ᠂ ᠤᠨᠴᠠ ᠵᠢᠨ ᠭᠣᠢᠳᠠ ᠰᠠᠢᠬᠠᠨ ᠬᠠᠷᠠᠭᠳᠠᠨ᠎ᠠ᠃
《ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠶ᠋ᠢᠨ ᠠᠷᠭ᠎ᠠ᠎ᠳᠤ ᠵᠠᠭᠤᠨ ᠵᠦᠢᠯ᠂ ᠮᠢᠩᠭᠠᠨ ᠵᠦᠢᠯ ᠪᠠᠢᠳᠠᠭ ᠪᠣᠯᠪᠠᠴᠤ ᠬᠠᠮᠤᠭ᠎ᠤᠨ ᠦᠨᠳᠦᠰᠦᠨ ᠵᠦᠢᠯ᠂ ᠬᠠᠮᠤᠭ᠎ᠤᠨ ᠵᠠᠩᠭᠢᠯᠠᠭ᠎ᠠ᠂ ᠬᠠᠮᠤᠭ ᠤᠨ ᠨᠠᠢᠳᠠᠪᠤᠷᠢᠲᠠᠢ ᠠᠷᠭ᠎ᠠ ᠪᠣᠯ ᠠᠷᠠᠳ ᠲᠦᠮᠡᠨ᠎ᠦ ᠳᠤᠮᠳᠠ ᠦᠨᠳᠦᠰᠦᠯᠡᠵᠦ᠂ ᠠᠮᠢᠳᠤᠷᠠᠯ ᠳᠤ ᠦᠨᠳᠦᠰᠦᠯᠡᠬᠦ ᠶᠠᠪᠤᠳᠠᠯ ᠪᠣᠯᠣᠨ᠎ᠠ》᠃ ᠶᠡᠷᠦᠩᠬᠡᠢ ᠱᠦᠵᠢ ᠰᠢ᠎ᠶᠢᠨ ᠫᠢᠩ ᠤ᠋ᠨ ᠡᠨᠡ ᠬᠦ᠌ ᠴᠢᠬᠤᠯᠠ ᠥᠭᠦᠯᠡᠯᠲᠡ ᠨᠢ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠶ᠋ᠢᠨ ᠦᠨᠳᠦᠰᠦᠨ ᠵᠢᠮ᠎ᠡ ᠶᠣᠰᠣ᠌ ᠶ᠋ᠢ ᠭᠦᠨᠵᠡᠭᠡᠢ ᠢᠯᠡᠷᠡᠭᠦᠯᠦᠭᠰᠡᠨ ᠪᠠᠢᠨ᠎ᠠ᠃
《ᠢᠨᠲᠧᠷ ᠰᠦᠯᠵᠢᠶᠡᠨ᠎ᠦ ᠨᠥᠬᠥᠴᠡᠯ ᠳᠣᠣᠷᠠᠬᠢ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠋᠎ᠢ ᠴᠡᠴᠡᠭᠯᠡᠭᠦᠯᠦᠨ ᠬᠥᠭᠵᠢᠭᠦᠯᠦᠨ᠎ᠡ》 ᠭᠡᠳᠡᠭ ᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ ᠵᠢᠨ ᠬᠦᠲᠦᠯᠪᠦᠷᠢ᠎ᠳᠤ ᠪᠢᠴᠢᠵᠦ ᠣᠷᠣᠭᠤᠯᠤᠭᠰᠠᠨ ᠨᠢ ᠤᠯᠤᠰ᠎ᠠᠴᠠ ᠤᠳᠬ᠎ᠠ ᠤᠷᠠᠯᠢᠭ᠋᠎ᠤᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠬᠠᠷᠠᠭᠤᠯᠪᠠ᠃ ᠳ᠋ᠦᠩ ᠭᠤᠸᠠᠨᠤ 《ᠬᠥᠯᠥᠰᠦᠨ ᠠᠵᠢᠯ ᠬᠢᠵᠦ ᠪᠠᠢᠭ᠎ᠠ ᠵᠣᠬᠢᠶᠠᠯᠴᠢᠳ᠎ᠤᠨ ᠬᠤᠯᠪᠤᠭ᠎ᠠ》᠂ ᠨᠢᠩᠰᠢᠶᠠ᠎ᠶᠢᠨ ᠰᠢ ᠬᠠᠢ ᠭᠦ ᠵᠢᠨ 《ᠵᠤᠬᠢᠶᠠᠯᠴᠢ ᠲᠠᠷᠢᠶᠠᠴᠢᠨ ᠡᠷ᠎ᠡ》 ᠡᠴᠡ ᠵᠧᠩᠵᠧᠦ᠎ᠳᠦ 《ᠪᠢᠴᠢᠯ ᠣᠬᠣᠷ ᠵᠦᠴᠦᠭᠡ᠎ᠶᠢᠨ ᠬᠤᠳᠠ》 ᠶ᠋ᠢ ᠴᠣᠭᠴᠠᠯᠠᠨ ᠪᠠᠶ᠋ᠢᠭᠤᠯᠬᠤ ᠬᠦᠷᠲᠡᠯ᠎ᠡ᠂ ᠾᠧᠩ ᠳ᠋ᠢᠶᠠᠨ᠎ᠤ ᠬᠢᠨ 《ᠪᠣᠰᠣᠭ᠎ᠠ ᠲᠡᠯᠭᠡᠴᠡ᠎ᠳᠦ ᠤᠬᠤᠷ ᠵᠦᠴᠦᠭᠡ》 ᠵᠢ ᠴᠣᠭᠴᠠᠯᠠᠨ ᠪᠠᠢᠭᠤᠯᠵᠤ᠂ ᠨᠡᠩ ᠤᠯᠠᠨ ᠡᠭᠡᠯ ᠠᠷᠠᠳ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢᠨ ᠭᠣᠣᠯ ᠲᠣᠭᠯᠠᠭ᠍ᠴᠢ ᠪᠣᠯᠤᠭᠰᠠᠨ ᠪᠠᠢᠨ᠎ᠠ᠃
ᠲᠤᠮᠳᠠᠳᠤ ᠵᠢᠨ ᠡᠬᠡ ᠭᠠᠵᠠᠷ᠎ᠢ ᠪᠠᠷᠠᠯᠠᠬᠤᠶ᠎ᠠ᠂ ᠬᠤᠳᠠ ᠬᠥᠳᠡᠭᠡ᠎ᠳᠦ ᠲᠦᠭᠡᠭᠰᠡᠨ 4 ᠲᠦᠮᠡ ᠭᠠᠷᠤᠢ ᠰᠢᠨ᠎ᠡ ᠬᠡᠯᠪᠡᠷᠢ᠎ᠶᠢᠨ ᠤᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠢ ᠨᠢ ᠠᠷᠠᠳ ᠤᠯᠠᠨ᠎ᠤ ᠳᠡᠷᠭᠡᠳᠡᠬᠢ 《ᠰᠣᠶᠣᠯ᠎ᠤᠨ ᠵᠣᠴᠢᠨ᠎ᠤ ᠦᠷᠦᠭᠡ》 ᠪᠣᠯᠵᠤ᠂ 《ᠲᠣᠰᠬᠣᠨ᠎ᠤ ᠳᠠᠭᠤᠤ》᠂ 《ᠲᠣᠰᠬᠣᠨ᠎ᠤ ᠦᠳᠡᠰᠢᠯᠡᠭᠡ》 ᠵᠡᠷᠭᠡ 《ᠲᠣᠰᠬᠣᠨ᠎ᠤ ᠨᠡᠷᠡᠮᠵᠢᠳᠦ》 ᠠᠵᠢᠯᠯᠠᠭ᠎ᠠ ᠦᠷᠭᠦᠯᠵᠢᠯᠡᠨ ᠬᠥᠭᠵᠢᠶᠡᠨᠲᠡᠢ ᠶᠠᠪᠤᠭᠳᠠᠵᠤ᠂ ᠰᠢ ᠵᠦᠴᠦᠭᠡ᠎ᠶᠢ ᠬᠥᠳᠡᠭᠡ ᠲᠣᠰᠬᠣᠨ᠎ᠳᠤ ᠬᠦᠷᠭᠡᠬᠦ᠂ ᠪᠦᠬᠦ ᠠᠷᠠᠳ᠎ᠢᠶᠠᠷ᠎ᠢᠶᠠᠨ ᠨᠣᠮ ᠤᠩᠰᠢᠬᠤ᠂ ᠤᠷᠠᠯᠢᠭ᠋ ᠢ ᠲᠦᠭᠡᠮᠡᠯᠵᠢᠭᠦᠯᠬᠦ ᠵᠡᠷᠭᠡ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ ᠥᠷᠭᠡᠨ᠎ᠢᠶᠡᠷ ᠥᠷᠨᠢᠪᠡ᠃ ᠤᠳᠬ᠎ᠠ ᠤᠷᠠᠯᠢᠭ᠋᠎ᠤᠨ 《ᠦᠵᠡᠭᠴᠢᠳ᠎ᠦᠨ ᠲᠠᠢᠰᠠ》 ᠨᠢ ᠪᠦᠬᠦ ᠠᠷᠠᠳ᠎ᠤᠨ 《ᠤᠷᠠᠯᠢᠭ᠎ᠤᠨ ᠲᠠᠢᠰᠠ》 ᠪᠣᠯᠣᠨ ᠬᠤᠪᠢᠷᠠᠵᠤ᠂ ᠬᠥᠮᠥᠨ ᠪᠦᠬᠦᠨ ᠣᠷᠣᠯᠴᠠᠵᠤ ᠪᠣᠯᠬᠤ᠂ ᠭᠠᠵᠠᠷ ᠪᠣᠯᠭᠠᠨ᠎ᠳᠤ ᠭᠣᠢᠳᠠ ᠰᠠᠢᠬᠠᠨ ᠰᠢᠨ᠎ᠡ ᠪᠠᠢᠷᠢᠰᠢᠯ᠎ᠢ ᠲᠦᠷᠭᠡᠪᠴᠢᠯᠡᠨ ᠪᠦᠷᠢᠯᠳᠦᠭᠦᠯᠪᠡ᠃
ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠵᠤ ᠰᠠᠢᠨ ᠪᠦᠬᠦᠨ ᠵᠢᠡᠨ ᠬᠠᠮᠲᠦ ᠪᠡᠷ ᠳᠠᠭᠠᠰᠢᠶᠠᠨᠠ
ᠡᠨᠡ ᠵᠢᠯ᠎ᠦᠨ 5 ᠰᠠᠷ᠎ᠠ᠎ᠳᠤ᠂ ᠳᠤᠮᠳᠠᠳᠤ ᠠᠮᠧᠷᠢᠺᠠ ᠵᠢᠨ ᠲᠡᠷᠢᠭᠦᠨ ᠡᠨᠳᠡ ᠴᠤᠭᠯᠠᠷᠠᠵᠤ᠂ ᠡᠨᠡ ᠬᠦ᠌ ᠮᠢᠩᠭᠠᠨ ᠣᠨ᠎ᠤ ᠰᠣᠶᠣᠯ᠎ᠤᠨ ᠰᠤᠳᠠᠰᠤ᠎ᠶᠢ ᠠᠴᠢᠶᠠᠯᠠᠭᠰᠠᠨ ᠡᠷᠲᠡᠨ᠎ᠦ ᠪᠠᠷᠢᠯᠭ᠎ᠠ᠎ᠠᠴᠠ《ᠲᠡᠭᠷᠢ ᠲᠥᠭᠥᠷᠢᠭ ᠭᠠᠵᠠᠷ ᠳᠦᠷᠪᠡᠯᠵᠢᠨ》 ᠬᠡᠬᠦ ᠶᠢᠷᠲᠢᠨᠴᠦ᠎ᠶᠢᠨ ᠦᠵᠡᠯᠲᠡ ᠪᠣᠯᠣᠨ ᠠᠮᠢᠳᠤᠷᠠᠬᠤᠢ᠎ᠶᠢᠨ ᠭᠦᠨ ᠤᠬᠠᠭᠠᠨ᠎ᠢ ᠣᠢᠯᠠᠭᠠᠵᠤ᠂ ᠰᠣᠶᠣᠯ᠎ᠢᠶᠠᠷ ᠬᠣᠯᠪᠣᠭᠠᠰᠤ ᠪᠣᠯᠭᠠᠨ ᠤᠶᠤᠨ ᠰᠠᠨᠠᠭᠠᠨ᠎ᠤ ᠵᠠᠢ᠎ᠶᠢ ᠣᠢᠷᠠᠲᠤᠭᠤᠯᠵᠠᠢ᠃ ᠥᠨᠢ ᠤᠳᠠᠭᠠᠨ ᠲᠡᠦᠬᠡ᠎ᠲᠠᠢ ᠪᠣᠯᠪᠠᠰᠤᠨ᠎ᠤ ᠤᠶᠤᠨ ᠤᠬᠠᠭᠠᠨ ᠨᠢ ᠲᠣᠮᠣ᠌ ᠤᠯᠤᠰ᠎ᠤᠨ ᠬᠠᠷᠢᠯᠴᠠᠭᠠᠨ᠎ᠤ ᠶᠣᠰᠣᠨ᠎ᠳᠤ ᠡᠶᠡᠯᠳᠡᠭ ᠵᠥᠭᠡᠯᠡᠨ ᠭᠦᠨ ᠵᠤᠵᠠᠭᠠᠨ ᠰᠣᠶᠣᠯ᠎ᠤᠨ ᠠᠭᠤᠯᠤᠭᠳᠠᠬᠤᠨ᠎ᠢ ᠨᠡᠮᠡᠷᠢᠯᠡᠭᠰᠡᠨ ᠪᠠᠢᠨ᠎ᠠ᠃
ᠳᠡᠯᠡᠬᠡᠢ᠎ᠶᠢᠨ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢᠨ ᠪᠠᠢᠳᠠᠯ ᠲᠦᠷᠭᠡᠨ ᠬᠥᠭᠵᠢᠵᠦ ᠪᠠᠢᠭ᠎ᠠ ᠠᠬᠤᠢ ᠪᠠᠢᠳᠠᠯ ᠳᠣᠣᠷ᠎ᠠ᠂ ᠬᠠᠮᠲᠤ᠎ᠶᠢᠨ ᠥᠷᠢᠰᠦᠯᠳᠦᠭᠡᠨ᠎ᠢ ᠠᠷᠭᠠᠴᠠᠭᠠᠵᠤ᠂ ᠰᠠᠢᠨ ᠰᠠᠢᠬᠠᠨ ᠢᠷᠡᠭᠡᠳᠦᠢ ᠲᠡᠢᠰᠢ ᠤᠷᠤᠭᠰᠢᠯᠠᠬᠤ᠎ᠳᠤ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠱᠠᠭᠠᠷᠳᠠᠭᠳᠠᠬᠤ᠎ᠪᠠᠷ ᠪᠠᠷᠠᠬᠤ ᠦᠭᠡᠢ ᠰᠣᠶᠣᠯ ᠪᠣᠯᠪᠠᠰᠤᠨ᠎ᠤ ᠬᠦᠴᠦᠨ ᠴᠦ᠍ ᠱᠠᠭᠠᠷᠳᠠᠭᠳᠠᠨ᠎ᠠ᠃
《ᠳᠤᠮᠳᠠᠳᠤ ᠤᠯᠤᠰ ᠢ ᠣᠢᠯᠠᠭᠠᠬᠤ》 ᠣᠯᠠᠨ ᠤᠯᠤᠰ᠎ᠤᠨ ᠬᠤᠷᠠᠯ᠂ 《ᠯᠢᠶᠠᠩᠵᠦ᠍ᠶᠢᠨ ᠶᠠᠷᠢᠶᠠᠨ ᠤ ᠲᠠᠪᠴᠠᠩ》᠂ ᠳᠡᠯᠡᠬᠡᠢ᠎ᠶᠢᠨ ᠡᠷᠲᠡᠨ᠎ᠦ ᠰᠣᠩᠭᠣᠳᠠᠭ ᠰᠤᠳᠤᠯᠤᠯ᠎ᠤᠨ ᠶᠡᠬᠡ ᠬᠤᠷᠠᠯ ᠵᠡᠷᠭᠡ᠎ᠶᠢ ᠠᠮᠵᠢᠯᠲᠠ᠎ᠲᠠᠢ ᠡᠷᠭᠢᠯᠡᠭᠰᠡᠨ ᠡᠴᠡ ᠳᠤᠮᠳᠠᠳᠤ ᠬᠠᠩᠭᠠᠷᠢ᠎ᠶᠢᠨ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠤᠨ ᠬᠠᠮᠲᠤᠷᠠᠯᠴᠠᠭᠠᠨ᠎ᠤ ᠰᠤᠳᠤᠯᠭᠠᠨ᠎ᠤ ᠲᠥᠪ᠂ ᠠᠲᠧᠨᠤ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ᠎ᠢ ᠵᠠᠯᠭᠠᠭ᠎ᠠ᠎ᠪᠠᠷ ᠨᠡᠭᠡᠭᠡᠭᠰᠡᠨ ᠬᠦᠷᠳᠡᠯ᠎ᠡ᠂ ᠲᠠᠬᠢᠭᠠᠳ ᠳᠤᠮᠳᠠᠳᠤ ᠭᠠᠳᠠᠭᠠᠳᠤ᠎ᠶᠢᠨ ᠤᠯᠠᠨ ᠶᠠᠩᠵᠤ᠎ᠶᠢᠨ ᠵᠢᠭᠤᠯᠴᠢᠯᠠᠯ᠎ᠤᠨ ᠣᠨ᠂ ᠰᠣᠶᠣᠯ᠎ᠤᠨ ᠨᠠᠢᠷ᠂ ᠵᠠᠯᠠᠭᠤᠴᠤᠳ᠎ᠤᠨ ᠤᠷᠠᠯᠢᠭ᠋᠎ᠤᠨ ᠨᠠᠢᠷ ᠬᠦᠷᠲᠡᠯ᠎ᠡ ᠁ ᠳᠤᠮᠳᠠᠳᠤ ᠤᠯᠤᠰ ᠤᠯᠠᠨ ᠲᠠᠯᠠᠲᠤ ᠪᠣᠯᠪᠠᠰᠤᠨ᠎ᠤ ᠶᠠᠷᠢᠯᠴᠠᠭᠠᠨ᠎ᠤ ᠬᠥᠭᠥᠷᠭᠡ ᠶᠢ ᠪᠠᠢᠭᠤᠯᠵᠤ᠂ ᠠᠳᠠᠯᠢ ᠪᠤᠰᠤ ᠪᠣᠯᠪᠠᠰᠤᠨ᠎ᠤ ᠡᠷᠬᠡ ᠲᠡᠭᠰᠢ ᠰᠣᠯᠢᠯᠴᠠᠭ᠎ᠠ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠎ᠳᠤ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢ ᠦᠷᠭᠦᠯᠵᠢᠯᠡᠨ ᠦᠨᠳᠦᠰᠦᠯᠡᠭᠦᠯᠵᠦ᠂ ᠤᠯᠠᠨ ᠤᠯᠤᠰ᠎ᠤᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃
ᠪᠷᠠᠽᠢᠯ᠎ᠤᠨ ᠰᠠᠨᠭᠸᠤᠩ ᠫᠠᠦ᠋ᠯᠦ᠋ ᠵᠢᠨ ᠨᠡᠭᠦᠳᠡᠯ ᠠᠷᠠᠳ᠎ᠤᠨ ᠮᠦᠽᠧᠢ᠎ᠳᠦ᠂ 160 ᠡᠳᠦᠷ ᠦᠷᠭᠦᠯᠵᠢᠯᠡᠭᠰᠡᠨ 《ᠲᠣᠷᠭᠠᠨ ᠲᠤᠷᠳᠤᠩ ᠬᠢᠭᠡᠳ ᠠᠭᠤᠯᠠ ᠤᠰᠤ ︱ ᠳᠤᠮᠳᠠᠳᠤ ᠤᠯᠤᠰ᠎ᠠᠴᠠ ᠪᠷᠠᠽᠢᠯ ᠬᠦᠷᠲᠡᠯ᠎ᠡ》 ᠭᠡᠬᠦ ᠦᠵᠡᠰᠬᠦᠯᠡᠩ ᠡᠨᠡ ᠵᠢᠯ᠎ᠦᠨ 3 ᠰᠠᠷ᠎ᠠ᠎ᠳᠤ ᠥᠨᠳᠥᠷᠯᠡᠵᠦ᠂ 11 ᠲᠦᠮᠡ ᠭᠠᠷᠤᠢ ᠬᠥᠮᠥᠨ ᠤᠳᠠᠭ᠎ᠠ᠎ᠶᠢᠨ ᠦᠵᠡᠭᠴᠢᠳ᠎ᠦᠨ ᠠᠩᠬᠠᠷᠤᠯ᠎ᠢ ᠲᠠᠲᠠᠪᠠ᠃ ᠪᠡᠭᠡᠵᠢᠩ᠎ᠦᠨ ᠨᠡᠢᠰᠯᠡᠯ᠎ᠦᠨ ᠮᠦᠽᠧᠢ᠎ᠳᠦ᠂ 《ᠡᠷᠳᠡᠨᠢ ᠰᠢᠰᠢ·ᠰᠢᠵᠢᠷ ᠠᠯᠳᠠ·ᠠᠮᠧᠷᠢᠺᠠ ᠲᠢᠪ᠎ᠦᠨ ᠢᠷᠪᠢᠰ ︱ ᠮᠠᠶᠠ ᠪᠣᠯᠣᠨ ᠠᠨᠳᠧᠰ᠎ᠤᠨ ᠡᠷᠲᠡᠨ᠎ᠦ ᠪᠣᠯᠪᠠᠰᠤᠨ》 ᠭᠡᠬᠦ ᠦᠵᠡᠭᠦᠯᠭᠡ 5 ᠰᠠᠷ᠎ᠠ᠎ᠳᠤ ᠡᠬᠢᠯᠡᠮᠡᠭᠴᠡ᠎ᠪᠡᠨ ᠲᠤᠭᠤᠷᠢᠨ ᠦᠵᠡᠬᠦ ᠪᠡᠷ ᠢᠷᠡᠭᠰᠡᠳ ᠮᠥᠷᠯᠡᠨ ᠵᠢᠭ᠍ᠰᠠᠵᠤ ᠳᠡᠯᠭᠡᠨ ᠦᠵᠡᠭᠦᠯᠭᠡ᠎ᠶᠢ ᠰᠣᠨᠢᠷᠬᠠᠵᠠᠢ᠃ ᠬᠠᠭᠠᠰ ᠪᠥᠮᠪᠥᠷᠴᠡᠭ᠎ᠢ ᠠᠯᠤᠰᠯᠠᠭᠰᠠᠨ ᠪᠣᠯᠪᠠᠰᠤᠨ᠎ᠤ ᠰᠣᠯᠢᠯᠴᠠᠭ᠎ᠠ ᠨᠢ ᠴᠠᠭ ᠣᠷᠣᠨ ᠵᠠᠢ᠎ᠶᠢ ᠲᠤᠭᠤᠯᠬᠤ ᠬᠦᠴᠦᠷᠬᠡᠭ ᠶᠡᠬᠡ ᠷᠢᠳᠢ ᠰᠢᠳᠢ᠎ᠶᠢ ᠪᠠᠳᠠᠷᠠᠭᠤᠯᠪᠠ᠃
ᠶᠡᠷᠦᠩᠬᠡᠢ ᠱᠦᠵᠢ ᠰᠢ᠎ᠶᠢᠨ ᠫᠢᠩ᠄ 《ᠳᠣᠲᠣᠭᠠᠳᠤ᠎ᠳᠠᠭᠠᠨ ᠲᠡᠷᠢᠭᠦᠨ᠎ᠦ ᠰᠣᠶᠣᠯ᠎ᠤᠨ ᠨᠢᠭ᠍ᠲᠠᠷᠠᠯ᠎ᠤᠨ ᠬᠦᠴᠦᠨ ᠤᠷᠢᠶᠠᠯᠠᠬᠤ ᠬᠦᠴᠦᠨ ᠢ ᠳᠡᠭᠡᠭᠰᠢᠯᠡᠭᠦᠯᠬᠦ᠎ᠳᠦ ᠴᠦ᠍ ᠭᠡᠰᠡᠨ᠂ ᠭᠠᠳᠠᠭᠠᠳᠤ᠎ᠳᠤ ᠳᠤᠮᠳᠠᠳᠤ᠎ᠶᠢᠨ ᠪᠣᠯᠪᠠᠰᠤᠨ᠎ᠤ ᠤᠯᠠᠮᠵᠢᠯᠠᠨ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ᠎ᠢ ᠨᠡᠮᠡᠭᠳᠡᠭᠦᠯᠬᠦ᠎ᠳᠦ ᠴᠦ᠍ ᠭᠡᠰᠡᠨ᠂ ᠴᠥᠮ ᠳᠤᠮᠳᠠᠳᠤ ᠭᠠᠳᠠᠭᠠᠳᠤ᠎ᠶᠢ ᠠᠭᠤᠰᠤᠯᠴᠠᠭᠤᠯᠵᠤ᠂ ᠡᠷᠲᠡᠨ ᠡᠳᠦᠭᠡ᠎ᠶᠢ ᠨᠡᠪᠲᠡᠷᠡᠭᠦᠯᠬᠦ᠎ᠡᠴᠡ ᠰᠠᠯᠵᠤ ᠴᠢᠳᠠᠬᠤ ᠦᠭᠡᠢ ᠶᠤᠮ》 ᠭᠡᠵᠦ ᠭᠦᠨᠵᠡᠭᠡᠢ ᠵᠢᠭᠠᠵᠤ ᠭᠠᠷᠭᠠᠵᠠᠢ᠃
ᠥᠨᠥᠳᠥᠷ᠂ ᠳᠡᠯᠡᠬᠡᠢ ᠨᠡᠶ᠋ᠢᠭᠡᠮ ᠵᠢᠡᠷ᠎ᠢᠶᠡᠨ ᠡᠳᠦᠷ ᠢᠷᠡᠬᠦᠶ᠎ᠡ ᠳᠤᠮᠳᠠᠳᠤ ᠤᠯᠤᠰ ᠢ᠋ ᠠᠩᠬᠠᠷᠴᠤ᠂ ᠳᠤᠮᠳᠠᠳᠤ᠎ᠶᠢᠨ ᠰᠣᠶᠣᠯ ᠢ ᠣᠢᠯᠠᠭᠠᠬᠤ᠎ᠶᠢ ᠬᠦᠰᠡᠵᠦ ᠪᠠᠢᠨ᠎ᠠ᠃ ᠬᠢᠯᠢ᠎ᠳᠦ ᠣᠷᠣᠬᠤ ᠵᠢᠭᠤᠯᠴᠢᠯᠠᠯ᠎ᠤᠨ ᠳᠥᠭᠥᠮᠴᠢᠯᠡᠯᠲᠡ᠂ ᠦᠯᠦ ᠸᠢᠰᠠᠯᠠᠬᠤ ᠲᠦᠷᠦ᠎ᠶᠢᠨ ᠪᠣᠳᠣᠯᠭ᠎ᠠ᠎ᠶᠢᠨ ᠦᠷᠭᠦᠯᠵᠢᠯᠡᠨ ᠰᠢᠯᠢᠳᠡᠭᠵᠢᠬᠦ ᠶᠢ ᠳᠠᠭᠠᠯᠳᠤᠨ᠂ ᠨᠡᠩ ᠤᠯᠠᠨ ᠭᠠᠳᠠᠭᠠᠳᠤ᠎ᠶᠢᠨ ᠨᠠᠢᠵᠠ ᠳᠤᠮᠳᠠᠳᠤ ᠤᠯᠤᠰ᠎ᠲᠤ ᠢᠷᠡᠵᠦ᠂ ᠳᠤᠮᠳᠠᠳᠤ ᠤᠯᠤᠰ᠎ᠢ ᠮᠡᠳᠡᠷᠡᠵᠦ᠂ ᠬᠤᠳᠠ ᠵᠡᠭᠡᠯᠢ ᠵᠢᠨ ᠠᠮᠢᠳᠤᠷᠠᠯ ᠠᠬᠤᠢ᠂ ᠠᠭᠤᠯᠠ ᠤᠰᠤᠨ᠎ᠤ ᠦᠵᠡᠮᠵᠢ᠎ᠪᠡᠷ ᠳᠠᠮᠵᠢᠨ ᠦᠨᠡᠨ ᠪᠣᠳᠠᠲᠠᠢ ᠪᠣᠰᠣᠭ᠎ᠠ ᠴᠣᠭᠴᠠ᠎ᠳᠤ᠂ ᠢᠲᠡᠭᠡᠭᠦᠰᠢᠲᠡᠢ ᠬᠦᠨᠳᠦᠯᠡᠭᠦᠰᠢᠳᠡᠢ ᠬᠦᠬᠡᠷᠦᠬᠦᠨ ᠳᠤᠮᠳᠠᠳᠤ ᠤᠯᠤᠰ᠎ᠢ ᠣᠢᠯᠠᠭᠠᠵᠤ ᠪᠠᠢᠨ᠎ᠠ᠃
《ᠲᠡᠦᠬᠡ ᠶ᠋ᠢᠨ ᠲᠤᠬᠠᠢ ᠬᠠᠮᠤᠭ᠎ᠤᠨ ᠰᠠᠢᠨ ᠵᠠᠯᠭᠠᠮᠵᠢᠯᠠᠯ ᠪᠣᠯ ᠳᠠᠷᠤᠢ ᠰᠢᠨ᠎ᠡ ᠲᠡᠦᠬᠡ ᠶ᠋ᠢ ᠡᠭᠦᠳᠦᠨ ᠪᠦᠲᠦᠭᠡᠬᠦ ᠶᠠᠪᠤᠳᠠᠯ ᠮᠥᠨ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠤᠬᠠᠢ ᠬᠠᠮᠤᠭ᠎ᠤᠨ ᠶᠡᠬᠡ ᠬᠦᠨᠳᠦᠳᠬᠡᠯ ᠪᠣᠯ ᠳᠠᠷᠤᠢ ᠬᠥᠮᠥᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ ᠶ᠋ᠢ ᠡᠭᠦᠳᠦᠨ ᠪᠦᠲᠦᠭᠡᠬᠦ ᠶᠠᠪᠤᠳᠠᠯ ᠮᠥᠨ》 ᠃
ᠶᠡᠷᠦᠩᠬᠡᠢ ᠱᠦᠵᠢ ᠰᠢ᠎ᠶᠢᠨ ᠫᠢᠩ ᠤ᠋ᠨ ᠵᠢᠭᠠᠭᠰᠠᠨ ᠴᠢᠭᠯᠡᠯ᠎ᠢᠶᠡᠷ᠂ ᠭᠦᠨ ᠵᠤᠵᠠᠭᠠᠨ ᠲᠡᠦᠬᠡ᠎ᠶᠢᠨ ᠠᠭᠤᠯᠬᠤᠨ ᠪᠠ ᠢᠯᠡ ᠲᠣᠳᠣ᠌ ᠴᠠᠭ ᠦᠶ᠎ᠡ ᠶᠢᠨ ᠵᠣᠷᠢᠭ᠋ ᠰᠠᠨᠠᠭ᠎ᠠ᠎ᠶᠢ ᠠᠴᠢᠶᠠᠯᠠᠭᠰᠠᠨ ᠳᠤᠮᠳᠠᠳᠤ᠎ᠶᠢᠨ ᠰᠣᠶᠣᠯ ᠨᠢ ᠯᠠᠪᠳᠠᠶ᠎ᠠ ᠰᠢᠨ᠎ᠡ ᠳᠦᠷᠰᠦ ᠪᠠᠢᠳᠠᠯ᠎ᠢ ᠪᠠᠳᠠᠷᠠᠭᠤᠯᠵᠤ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ ᠪᠦᠬᠦ ᠲᠠᠯ᠎ᠠ᠎ᠪᠠᠷ ᠠᠬᠢᠭᠤᠯᠬᠤ᠎ᠳᠤ ᠰᠣᠶᠣᠯ ᠤᠨ ᠰᠠᠭᠤᠷᠢ᠎ᠶᠢ ᠪᠡᠬᠢᠵᠢᠭᠦᠯᠵᠦ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢ ᠠᠬᠢᠭᠤᠯᠬᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠨᠡᠩ ᠤᠯᠠᠨ ᠳᠤᠮᠳᠠᠳᠤ ᠤᠯᠤᠰ᠎ᠤᠨ ᠤᠶᠤᠨ ᠤᠬᠠᠭᠠᠨ ᠪᠠ ᠳᠣᠷᠣᠨᠠᠳᠠᠬᠢᠨ᠎ᠤ ᠬᠦᠴᠦᠨ ᠴᠢᠳᠠᠯ᠎ᠢ ᠨᠡᠮᠡᠷᠢᠯᠡᠬᠦ ᠪᠣᠯᠣᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)