ᠠᠮᠤᠷ ᠲᠦᠪᠱᠢᠨ᠎ᠳᠦ ᠪᠠᠭ᠎ᠠ ᠶᠠᠪᠤᠳᠠᠯ ᠭᠡᠵᠦ᠍ ᠦᠭᠡᠢ᠃ ᠤᠢ᠍ᠢᠷ᠎ᠠ᠎ᠶ᠋ᠢᠨ ᠭᠡᠰᠡᠭ ᠬᠤᠭᠤᠴᠠᠭᠠᠨ᠎ᠳᠤ᠂ ᠬᠡᠰᠡᠭ ᠭᠠᠵᠠᠷ ᠣᠷᠣᠨ ᠪᠠ ᠠᠵᠢᠯ ᠲᠦᠷᠦᠯ᠎ᠦᠨ ᠬᠦᠷᠢᠶᠡᠨ᠎ᠳᠦ ᠠᠮᠤᠷ ᠲᠦᠪᠱᠢᠨ᠎ᠦ ᠡᠨᠳᠡᠯ ᠣᠯᠠᠨᠲᠠ ᠡᠭᠦᠰᠴᠦ᠍᠂ ᠬᠦᠨᠳᠦ ᠨᠣᠴᠢᠲᠠᠢ ᠦᠷᠡᠭᠳᠡᠯ ᠭᠠᠷᠴᠤ᠂ ᠬᠠᠷᠠᠰᠠᠯᠲᠠᠢ ᠰᠤᠷᠭᠠᠮᠵᠢ ᠪᠤᠯᠪᠠ᠂ ᠠᠶᠤᠯᠭᠦᠢ ᠦᠢᠯᠡᠳᠪᠦᠷᠢᠯᠡᠯ᠎ᠤᠨ ᠠᠮᠤᠷ ᠲᠦᠪᠰᠢᠨ᠎ᠤ ᠬᠦᠪᠴᠢ᠎ᠵᠢ ᠦᠴᠦᠬᠡᠨ ᠴᠸ᠋ ᠰᠤᠯᠠᠷᠠᠭᠤᠯᠵᠤ ᠪᠣᠯᠬᠤ ᠦᠭᠡᠢ ᠭᠡᠬᠦ ᠰᠡᠷᠡᠮᠵᠢ᠎ᠶ᠋ᠢᠨ ᠲᠤᠬᠢᠶ᠎ᠠ᠎ᠶ᠋ᠢ ᠳᠠᠬᠢᠨᠲᠠ ᠳᠤᠤᠭᠠᠷᠭᠠᠪᠠ᠃
《ᠬᠠᠶ ᠧᠨ ᠤ᠋ ᠬᠠᠤᠯᠢ》 ᠨᠢ ᠪᠢᠳᠡᠨ ᠳ᠋ᠤ ᠤᠳᠠᠭ᠎ᠠ ᠪᠦᠷᠢ᠎ᠶ᠋ᠢᠨ ᠬᠦᠨᠳᠦ ᠨᠣᠴᠢᠲᠠᠶ ᠡᠨᠳᠡᠯ᠎ᠦᠨ ᠠᠷᠤ᠎ᠳᠤ ᠯᠠᠪᠲᠠᠶ 29 ᠤᠳᠠᠭ᠎ᠠ ᠵᠢᠨ ᠬᠥᠩᠭᠡᠪᠲᠦᠷ ᠡᠨᠳᠡᠯ ᠪᠠ 300 ᠤᠳᠠᠭ᠎ᠠ ᠵᠢᠨ ᠡᠬᠦᠰᠤᠬᠡ ᠦᠬᠡᠢ ᠬᠡᠷᠡᠭ᠎ᠦᠨ ᠤᠷᠢᠳᠴᠢᠯᠠᠭ᠍ᠰᠠᠨ ᠱᠢᠨᠵᠢ ᠲᠡᠮᠳᠡᠭ ᠵᠢᠴᠢ 1000 ᠤᠳᠠᠭ᠎ᠠ ᠵᠢᠨ ᠡᠨᠳᠡᠯ᠎ᠦᠨ ᠭᠡᠮ ᠰᠤᠭᠤᠭ ᠨᠢᠭᠤᠬᠳᠠᠵᠤ ᠪᠠᠢᠳᠠᠭ ᠢ᠋ ᠬᠡᠯᠡᠵᠤ ᠦᠭᠭᠦᠭᠰᠡᠨ ᠶᠤᠮ᠃ ᠮᠠᠰᠢ ᠣᠯᠠᠨ ᠠᠶᠤᠯᠭᠦᠢ ᠦᠢᠯᠡᠳᠪᠦᠷᠢᠯᠡᠯ᠎ᠦᠨ ᠡᠨᠳᠡᠯ᠎ᠢ ᠦᠵᠡᠬᠦ᠌᠎ᠳᠦ ᠭᠡᠨᠡᠳᠳᠡ ᠵᠢᠨ ᠪᠠᠢᠵᠤ ᠰᠡᠷᠭᠡᠢᠯᠡᠬᠦ᠌᠎ᠶ᠋ᠢᠨ ᠠᠷᠭ᠎ᠠ ᠥᠭᠡᠢ ᠶᠠᠪᠤᠳᠠᠯ ᠰᠢᠬ᠂ ᠦᠨᠡᠨ᠎ᠳᠡᠭᠡᠨ ᠲᠠᠢᠪᠤᠱᠢᠷᠠᠬᠤ ᠪᠤᠳᠤᠯ᠎ᠢ ᠡᠪᠦᠷᠯᠡᠵᠤ ᠨᠠᠷᠢᠨ ᠵᠦᠢᠯᠡᠰ ᠢ᠋ ᠤᠮᠳᠤᠭᠠᠢᠯᠠᠬᠰᠡᠨ ᠡᠴᠡ ᠪᠤᠯᠤᠬᠰᠠᠨ ᠶᠤᠮ᠃ ᠠᠮᠤᠷ ᠲᠦᠪᠱᠢᠨ᠎ᠦ ᠪᠣᠯᠪᠠᠰᠤᠷᠠᠯ ᠬᠡᠯᠪᠡᠷᠢ᠎ᠶ᠋ᠢᠨ ᠲᠡᠳᠦᠢ ᠪᠤᠯᠵᠤ᠂ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠬᠠᠰᠢ ᠶᠠᠰᠢ᠎ᠪᠠᠷ ᠠᠯᠪᠠ ᠬᠠᠰᠢᠵᠤ᠂ ᠠᠬᠢᠴᠠ᠎ᠶ᠋ᠢ ᠲᠦᠷᠭᠡᠳᠭᠡᠬᠦ᠌᠎ᠶ᠋ᠢᠨ ᠲᠥᠯᠥᠭᠡ ᠠᠮᠤᠷ ᠲᠦᠪᠱᠢᠨ᠎ᠢ ᠪᠠᠳᠤᠯᠠᠬᠤ ᠶᠠᠪᠤᠴᠠ᠎ᠶ᠋ᠢ ᠲᠤᠪᠴᠢᠯᠠᠨ᠎ᠠ ᠁ ᠡᠳᠡᠭᠡᠷ ᠲᠠᠢᠪᠤᠱᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ ᠪᠣᠯ ᠠᠶᠤᠯᠭᠦᠢ ᠦᠢᠯᠡᠳᠪᠦᠷᠢᠯᠡᠯ᠎ᠦᠨ ᠬᠠᠮᠤᠭ᠎ᠤᠨ ᠶᠡᠬᠡ ᠳᠠᠢᠰᠤᠨ ᠪᠣᠯᠤᠨ᠎ᠠ᠃ ᠭᠠᠭ᠍ᠴᠠ ᠬᠦ᠌ ᠠᠶᠤᠯᠭᠦᠢ ᠦᠢᠯᠡᠳᠪᠦᠷᠢᠯᠡᠯ᠎ᠦᠨ ᠡᠨᠡ ᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ ᠬᠡᠷᠡᠭ᠎ᠡᠴᠡ ᠡᠮᠦᠨ᠎ᠡ ᠰᠡᠷᠭᠡᠢᠯᠡᠵᠦ᠍᠂ ᠡᠷᠲᠡ᠎ᠡᠴᠡ ᠠᠳᠭᠤᠵᠤ ᠪᠠᠭᠠᠳᠤᠨᠢ ᠠᠳᠭᠤᠪᠠᠯ ᠰᠠᠶᠢ ᠬᠡᠷᠡᠭ᠎ᠢ ᠤᠷᠢᠳᠴᠢᠯᠠᠨ ᠰᠡᠷᠭᠡᠢᠯᠡᠵᠦ᠍ ᠴᠢᠳᠠᠨ᠎ᠠ᠃
ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠡᠨᠧᠷᠭᠢ ᠪᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠪᠠᠭ᠍ᠲᠠᠭᠠᠮᠵᠢ ᠶᠡᠬᠡ᠂ ᠢᠯᠠᠩᠭᠤᠶ᠎ᠠ ᠨᠡᠭᠦᠷᠡᠰᠦᠨ ᠠᠭᠤᠷᠬᠠᠶ ᠣᠯᠠᠨ᠂ ᠨᠡᠭᠦᠷᠡᠰᠦᠨ᠎ᠦ ᠪᠤᠰᠤ ᠠᠭᠤᠷᠬᠠᠶ ᠴᠤ᠌ ᠣᠯᠠᠨ᠂ ᠠᠶᠤᠯᠬᠦᠢ ᠦᠶ᠋ᠯᠡᠳᠪᠦᠷᠢᠯᠡᠯ᠎ᠦᠨ ᠡᠭᠦᠷᠭᠡ ᠨᠠᠩ ᠬᠦᠨᠳᠦ᠂ ᠠᠶᠤᠯᠬᠦᠢ ᠦᠶ᠋ᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠳᠠᠷᠤᠭᠠᠰᠤ ᠨᠠᠩ ᠶᠡᠬᠡ ᠶᠤᠮ᠃ ᠣᠷᠣᠨ ᠳᠠᠶᠠᠭᠠᠷ ᠡᠷᠬᠡᠪᠰᠢ 《ᠠᠶᠤᠯᠬᠦᠢ ᠦᠢᠯᠡᠳᠪᠦᠷᠢᠯᠡᠯ ᠠᠯᠢᠪᠠ᠎ᠡᠴᠡ ᠴᠢᠬᠤᠯᠠ》 ᠭᠡᠬᠦ᠌ ᠣᠢᠯᠠᠭᠠᠬᠳᠠᠬᠤᠨᠢ ᠪᠠᠲᠤ ᠪᠡᠬᠢ ᠪᠣᠶ ᠪᠣᠯᠭᠠᠵᠤ᠂ 《ᠠᠶᠤᠯᠭᠦᠢ ᠦᠢᠯᠡᠳᠪᠦᠷᠢᠯᠡᠯ᠎ᠢ ᠡᠳᠦᠷ ᠪᠦᠷᠢ ᠲᠡᠭ ᠡᠴᠡ ᠡᠬᠢᠯᠡᠵᠤᠬᠢᠬᠦ᠌》 ᠦᠵᠡᠯ ᠤᠬᠠᠮᠰᠠᠷ᠎ᠢ ᠦᠨᠡᠨ ᠬᠦ᠌ ᠴᠢᠨᠭᠭᠠᠳᠬᠠᠵᠤ᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠦᠨ ᠳᠦᠷᠢᠮ᠎ᠢ ᠴᠢᠩᠭ᠎ᠠ ᠬᠡᠷᠡᠭ᠌ᠵᠢᠭᠦᠯᠵᠦ᠂ ᠠᠮᠤᠷ ᠲᠦᠪᠱᠢᠨ᠎ᠢ ᠪᠠᠲᠤᠯᠠᠬᠤ ᠶᠠᠪᠤᠳᠠᠯ ᠳ᠋ᠤ ᠶᠠᠭᠠᠬᠢᠭᠰᠠᠨ᠎ᠴᠤ ᠠᠵᠠ ᠬᠠᠷᠠᠬᠤ ᠪᠤᠳᠤᠯ᠎ᠢ ᠡᠪᠦᠷᠯᠡᠵᠤ ᠪᠤᠯᠬᠤ ᠦᠬᠡᠢ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠡᠩ᠎ᠦᠨ ᠴᠢᠨᠠᠷᠲᠠᠶ ᠡᠨᠳᠡᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠨ᠂ ᠡᠷᠡᠭᠦᠯ ᠮᠡᠨᠳᠦ ᠠᠮᠢ ᠨᠠᠰᠤ ᠪᠡᠷ ᠦᠷᠡᠭᠳᠡᠯ ᠪᠤᠯᠭᠠᠭᠰᠠᠨ GDP ᠶ᠋ᠢ ᠶᠠᠭᠠᠬᠢᠭ᠍ᠰᠠᠨ ᠴᠤ᠌ ᠬᠦᠬᠡᠬᠡᠴᠡᠯᠳᠦᠵᠤ ᠪᠣᠯᠬᠤ ᠦᠭᠡᠶ᠃
ᠠᠮᠤᠷ ᠲᠦᠪᠱᠢᠨ᠎ᠤ ᠶᠠᠪᠤᠳᠠᠯ ᠳ᠋ᠤ ᠠᠯᠳᠠᠬᠳᠠᠯ ᠭᠠᠷᠭᠠᠵᠤ ᠪᠣᠯᠬᠤ ᠦᠭᠡᠢ᠂ ᠬᠠᠷᠢᠭᠤᠴᠠᠯᠭ᠎ᠠ ᠲᠠᠢᠱᠠᠨ ᠠᠭᠤᠯᠠᠨ᠎ᠡᠴᠡ ᠬᠦᠨᠳᠦ ᠶᠤᠮ᠃ ᠠᠶᠤᠯᠭᠦᠢ ᠦᠢᠯᠡᠳᠪᠦᠷᠢᠯᠡᠯ᠎ᠦᠨ ᠵᠠᠩᠭᠢᠯᠠᠭ᠎ᠠ ᠨᠢ ᠬᠠᠷᠢᠭᠤᠴᠠᠯᠭ᠎ᠠ᠎ᠶ᠋ᠢ ᠪᠣᠳᠠᠲᠠᠢ ᠳ᠋ᠤ ᠨᠠᠢᠳᠠᠪᠤᠷᠢᠵᠢᠭᠤᠯᠬᠤ᠎ᠳᠤ ᠪᠤᠢ᠃ ᠡᠷᠬᠡᠪᠰᠢ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠨᠢᠳᠦᠨ᠎ᠳᠤ ᠦᠵᠡᠭᠳᠡᠵᠦ ᠭᠠᠷ᠎ᠲᠦ ᠪᠠᠷᠢᠭᠳᠠᠮ᠎ᠠ ᠪᠦᠳᠦᠮᠵᠢᠳᠡᠢ ᠪᠡᠷ ᠪᠣᠳᠠᠲᠠᠢ᠎ᠳᠤ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠱᠠᠭᠠᠷᠳᠠᠯᠭ᠎ᠠ᠎ᠶ᠋ᠢ ᠠᠵᠢᠯ᠎ᠤᠨ ᠪᠠᠢᠷᠢ ᠨᠢᠭᠡ ᠪᠦᠷᠢᠳᠦ᠂ ᠠᠵᠢᠯ᠎ᠤᠨ ᠶᠠᠪᠤᠴᠠ ᠨᠢᠭᠡ ᠪᠦᠷᠢᠳᠦ ᠱᠢᠭᠢᠳᠭᠡᠨ ᠤᠷᠤᠭᠤᠯᠵᠤ᠂ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠠᠵᠢᠯ᠎ᠤᠨ ᠳᠠᠷᠠᠭᠠᠯᠠᠯ ᠨᠢᠭᠡ ᠪᠦᠷᠢᠳᠦ᠂ ᠠᠵᠢᠯᠳᠠᠨ ᠨᠢᠭᠡ ᠪᠦᠷᠢᠳᠦ ᠬᠦᠷᠲᠡᠯ᠎ᠡ ᠨᠠᠷᠢᠯᠢᠬ᠍ᠵᠢᠭᠤᠯᠬᠤ ᠬᠡᠷᠡᠭ᠌ᠲᠡᠢ᠃ ᠢᠯᠠᠩᠭᠤᠶ᠎ᠠ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ ᠳ᠋ᠤ ᠬᠤᠶᠠᠷ ᠬᠠᠷᠢᠭᠤᠴᠠᠯᠭ᠎ᠠ ᠡᠬᠦᠷᠬᠡᠯᠡᠬᠦ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ᠂ ᠲᠤᠱᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠪᠠ 《ᠭᠤᠷᠪᠠ᠎ᠶ᠋ᠢ ᠬᠠᠮᠢᠶᠠᠷᠬᠤ ᠳ᠋ᠤ ᠭᠤᠷᠪᠠᠨ ᠡᠷᠬᠡᠪᠰᠢ》 ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠲᠥᠷᠥᠯ᠎ᠦᠨ ᠠᠮᠤᠷ ᠲᠦᠪᠱᠢᠨ᠎ᠦ ᠬᠡᠮ ᠰᠣᠭᠣᠭ᠎ᠢ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠵᠤ᠂ ᠪᠥᠬᠥ᠌ ᠬᠡᠯᠬᠢᠶ᠎ᠡ᠂ ᠨᠡᠪᠲᠡᠯᠬᠦ᠌ ᠮᠠᠶᠢᠭ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ ᠪᠠ ᠵᠠᠰᠠᠯᠲᠠ᠎ᠶ᠋ᠢ ᠴᠢᠩᠭᠠᠳᠭᠠᠵᠤ᠂ ᠠᠶᠤᠯᠭᠦᠶ ᠦᠶ᠋ᠯᠡᠳᠪᠦᠷᠢᠯᠡᠯ᠎ᠦᠨ ᠪᠣᠭᠣᠮᠲᠠ ᠨᠢᠭᠡ ᠪᠦᠷᠢ᠎ᠶ᠋ᠢ ᠦᠨᠡᠨ ᠬᠦ᠌ ᠰᠠᠢᠲᠤᠷ ᠰᠠᠬᠢᠬᠤ ᠬᠡᠷᠡᠭ᠌ᠲᠡᠶ᠃
ᠠᠶᠤᠯᠭᠦᠢ ᠦᠢᠯᠡᠳᠪᠦᠷᠢᠯᠡᠯ ᠪᠣᠯ ᠤᠯᠠᠭᠠᠨ ᠱᠤᠭᠤᠮ ᠮᠥᠨ᠂ ᠪᠠᠰᠠ ᠴᠤ᠌ ᠬᠣᠷᠢᠭ᠎ᠠ ᠱᠤᠭᠤᠮ ᠮᠥᠨ᠂ ᠨᠡᠩ ᠴᠤ᠌ ᠠᠮᠢ ᠨᠠᠰᠤᠨ᠎ᠤ ᠱᠤᠭᠤᠮ ᠮᠥᠨ᠃ ᠠᠶᠤᠯᠭᠦᠶ ᠦᠶ᠋ᠯᠡᠳᠪᠦᠷᠢᠯᠡᠯ ᠭᠡᠬᠦ᠌ ᠡᠨᠡ 1 ᠦᠭᠡᠢ ᠪᠤᠯ᠂ ᠪᠤᠰᠤᠳ ᠠᠯᠢᠪᠠ ᠪᠦᠬᠦᠨ ᠪᠦᠷ 0 ᠶᠤᠮ᠃ ᠴᠠᠭ ᠢᠮᠠᠭ᠍ᠲᠠ ᠠᠮᠤᠷ ᠲᠦᠪᠱᠢᠨ᠎ᠦ ᠬᠥᠪᠴᠢ᠎ᠪᠡᠨ ᠴᠢᠩᠭᠠᠯᠠᠵᠤ᠂ ᠬᠠᠷᠢᠭᠤᠴᠠᠯᠭ᠎ᠠ᠎ᠶ᠋ᠢᠨ ᠲᠣᠣᠷ᠎ᠢ ᠪᠦᠬᠦ᠌ ᠬᠦᠴᠦᠨ᠎ᠢᠶᠡᠷ᠎ᠢᠶᠡᠨ ᠨᠢᠭ᠍ᠲᠠ ᠰᠦᠯᠵᠢᠵᠦ᠍᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠲᠠᠰᠤᠷᠠᠯᠲᠠ ᠦᠭᠡᠢ ᠪᠡᠬᠢᠵᠢᠭᠦᠯᠪᠡᠯ ᠰᠠᠶᠢ ᠨᠢᠭᠡ ᠭᠠᠵᠠᠷ ᠣᠷᠣᠨ᠎ᠤ ᠠᠮᠤᠷ ᠲᠦᠪᠱᠢᠨ᠎ᠢ ᠬᠠᠮᠠᠭᠠᠯᠠᠵᠤ᠂ ᠨᠢᠭᠡ ᠭᠠᠵᠠᠷ ᠣᠷᠣᠨ᠎ᠤ ᠬᠥᠭ᠌ᠵᠢᠯᠲᠡ᠎ᠶ᠋ᠢ ᠪᠠᠲᠤᠯᠠᠵᠤ ᠴᠢᠳᠠᠨ᠎ᠠ᠃