ᠤᠢᠷ᠎ᠠ ᠳ᠋ᠸ᠋᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠬᠤᠯᠪᠤᠬᠳᠠᠯ ᠪᠦᠬᠦᠢ ᠪᠠᠢᠭᠤᠯᠭ᠎ᠠ ᠨᠢᠬᠡᠴᠢ ᠲᠠᠢ ᠬᠠᠮᠳᠤᠷᠠᠨ ᠬᠦᠬᠡᠬᠤᠳᠠ ᠵᠢᠨ ᠭᠤᠷᠪᠠᠳᠤᠭᠠᠷ ᠬᠤᠭᠤᠴᠠᠭᠠᠨ ᠤ᠋ ᠲᠤᠳᠤᠭᠠᠳᠤ ᠵᠢ ᠬᠠᠮᠠᠭᠠᠯᠠᠬᠤ ᠠᠵᠢᠯᠦᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠰᠢᠨ᠎ᠡ ᠵᠢ ᠡᠬᠦᠳᠬᠦ ᠤᠷᠤᠯᠳᠤᠭᠠᠨ ᠪᠠ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠢ ᠲᠦᠬᠡᠮᠡᠯᠵᠢᠬᠦᠯᠬᠦ ᠤᠬᠠᠭᠤᠯᠤᠨ ᠲᠠᠢᠯᠪᠤᠷᠢᠯᠠᠬᠤ ᠤᠷᠤᠯᠳᠤᠭᠠᠨᠢ ᠡᠷᠬᠢᠯᠡᠪᠡ᠃ ᠤᠷᠤᠯᠳᠤᠭᠠᠨ ᠨᠢ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠪᠠ ᠦᠪᠦᠷ ᠮᠤᠩᠭᠤᠯ ᠤ᠋ᠨ ᠶᠡᠬᠡ ᠰᠤᠷᠭᠠᠭᠤᠯᠢ ᠵᠢᠨ ᠲᠤᠰᠬᠠᠢ ᠮᠡᠷᠬᠡᠵᠢᠯᠳᠡᠨᠢ ᠤᠷᠢᠵᠤ ᠬᠢᠨᠠᠬᠴᠢ ᠪᠡᠷ ᠠᠵᠢᠯᠯᠠᠭᠤᠯᠵᠤ᠂ ᠪᠦᠬᠦᠢᠯᠡ ᠶᠠᠪᠤᠴᠠ ᠳ᠋ᠸ᠋ ᠲᠤᠬᠠᠢ ᠵᠢᠨ ᠲᠠᠯᠠᠪᠠᠢ ᠳ᠋ᠸ᠋ ᠦᠨᠡᠯᠡᠨ ᠵᠢᠯᠤᠭᠤᠳᠪᠠ᠃
ᠲᠤᠰ ᠤᠳᠠᠭ᠎ᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠰᠢᠨ᠎ᠡ ᠵᠢ ᠡᠬᠦᠳᠬᠦ ᠤᠷᠤᠯᠳᠤᠭᠠᠨ ᠨᠢ ᠲᠤᠮᠤ ᠳ᠋ᠠᠢᠲ᠋ᠠ ᠵᠢᠨ ᠤᠶᠤᠨᠴᠢᠯᠠᠬᠰᠠᠨ ᠬᠡᠷᠡᠭᠯᠡᠬᠡᠨ᠂ ᠴᠠᠬᠳᠠᠭᠠᠨ ᠤ᠋ ᠬᠡᠷᠡᠭᠯᠡᠬᠦ ᠲᠦᠬᠦᠬᠡᠷᠦᠮᠵᠢ ᠵᠢ ᠰᠤᠳᠤᠯᠤᠨ ᠨᠡᠬᠡᠬᠡᠬᠦ ᠬᠤᠶᠠᠷ ᠶᠡᠬᠡ ᠴᠢᠭᠯᠡᠯ ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠨᠡᠢᠳᠡ 16 ᠲᠦᠷᠦᠯ ᠵᠦᠢᠯ ᠦᠷᠢᠰᠦᠯᠳᠦᠵᠡᠢ᠃ ᠤᠷᠤᠯᠳᠤᠭᠠᠨ ᠳ᠋ᠸ᠋ ᠤᠷᠤᠯᠴᠠᠬᠰᠠᠳ ᠲᠤᠬᠠᠢ ᠵᠢᠨ ᠲᠠᠯᠠᠪᠠᠢ ᠳ᠋ᠸ᠋ ᠲᠠᠢᠯᠪᠤᠷᠢᠯᠠᠨ ᠲᠡᠯᠬᠡᠨ ᠦᠵᠡᠬᠦᠯᠵᠦ᠂ ᠲᠦᠷᠦᠯ ᠵᠦᠢᠯᠢ ᠰᠤᠳᠤᠯᠤᠨ ᠨᠡᠬᠡᠬᠡᠬᠰᠡᠨ ᠵᠤᠷᠢᠯᠳᠠ᠂ ᠪᠤᠳᠠᠳᠦ ᠬᠡᠷᠡᠭᠯᠡᠬᠡ᠂ ᠰᠢᠨ᠎ᠡ ᠵᠢ ᠡᠬᠦᠳᠦᠭᠰᠡᠨ ᠤᠨᠴᠠᠯᠢᠬ ᠵᠡᠷᠬᠡ ᠵᠢ ᠪᠦᠬᠦ ᠲᠠᠯ᠎ᠠ ᠪᠡᠷ ᠲᠠᠨᠢᠯᠴᠠᠭᠤᠯᠤᠨ᠂ ᠤᠷᠤᠯᠳᠤᠭᠠᠨ ᠳ᠋ᠸ᠋ ᠤᠷᠤᠯᠴᠠᠬᠰᠠᠨ ᠪᠦᠳᠦᠬᠡᠯᠤᠳ ᠨᠢ ᠦᠨᠳᠦᠰᠦᠨ ᠱᠠᠳᠤᠨ ᠤ᠋ ᠴᠠᠬᠳᠠᠭᠠᠨ ᠤ᠋ ᠶᠠᠪᠤᠳᠠᠯ ᠤ᠋ᠨ ᠪᠤᠳᠠᠳᠠᠢ ᠬᠡᠷᠡᠭᠴᠡᠬᠡ ᠱᠠᠭᠠᠷᠳᠠᠯᠭ᠎ᠠ ᠲᠠᠢ ᠨᠢᠬᠳᠠ ᠤᠶᠠᠯᠳᠤᠨ᠂ ᠠᠶᠤᠯ ᠲᠦᠭᠰᠢᠬᠦᠷᠢ ᠵᠢ ᠤᠶᠤᠨᠴᠢ ᠪᠡᠷ ᠤᠷᠢᠳᠴᠢᠯᠠᠨ ᠮᠠᠭᠠᠳᠯᠠᠬᠤ᠂ ᠴᠠᠬᠳᠠᠭᠠᠨ ᠤ᠋ ᠬᠡᠷᠡᠭᠯᠡᠬᠦ ᠲᠦᠬᠦᠬᠡᠷᠦᠮᠵᠢ ᠵᠢ ᠲᠡᠰ ᠲᠡᠪᠰᠢᠬᠦᠯᠬᠦ ᠵᠡᠷᠬᠡ ᠲᠠᠯ᠎ᠠ ᠪᠡᠷ ᠲᠤᠪᠤᠢᠮ᠎ᠠ ᠠᠮᠵᠢᠯᠳᠠ ᠪᠦᠳᠦᠮᠵᠢ ᠲᠠᠢ ᠪᠤᠯᠵᠠᠢ᠃
ᠵᠡᠷᠬᠡ ᠪᠡᠷ ᠶᠠᠪᠤᠬᠳᠠᠬᠰᠠᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯᠢ ᠲᠦᠬᠡᠮᠡᠯᠵᠢᠬᠦᠯᠬᠦ ᠤᠬᠠᠭᠤᠯᠤᠨ ᠲᠠᠢᠯᠪᠤᠷᠢᠯᠠᠬᠤ ᠤᠷᠤᠯᠳᠤᠭᠠᠨ ᠳ᠋ᠸ᠋᠂ 10 ᠤᠷᠤᠯᠳᠤᠭᠠᠨ ᠳ᠋ᠸ᠋ ᠤᠷᠤᠯᠴᠠᠬᠰᠠᠳ ᠠᠵᠢᠯ ᠤ᠋ᠨ ᠪᠠᠢᠷᠢ ᠵᠢᠨ ᠪᠤᠳᠠᠳᠠᠢ ᠲᠠᠢ ᠪᠡᠨ ᠤᠶᠠᠯᠳᠤᠭᠤᠯᠤᠨ᠂ ᠬᠠᠤᠯᠢ ᠵᠢᠨ ᠡᠮᠴᠢ ᠵᠢᠨ ᠮᠡᠳᠡᠯᠬᠡ᠂ ᠮᠡᠳᠡᠬᠡ ᠵᠠᠩᠬᠢ ᠵᠢᠨ ᠮᠡᠷᠬᠡᠵᠢᠯ ᠵᠡᠷᠬᠡ ᠲᠠᠯ᠎ᠠ ᠵᠢᠨ ᠮᠡᠳᠡᠯᠬᠡ ᠵᠢᠨ ᠲᠤᠭᠤᠷᠢᠨ ᠳ᠋ᠸ᠋ ᠬᠢᠯᠪᠠᠷ ᠤᠢᠯᠠᠭᠠᠮᠵᠢᠳᠠᠢ ᠬᠡᠯᠡ ᠬᠡᠯᠡᠯᠬᠡ᠂ ᠰᠢᠨ᠎ᠡ ᠰᠤᠷᠭᠤᠬ ᠨᠡᠢᠳᠡᠯᠢᠭ ᠬᠡᠷᠡᠭ ᠤ᠋ᠨ ᠵᠢᠱ᠌ᠢᠶ᠎ᠡ ᠵᠢ ᠬᠡᠷᠡᠭᠯᠡᠨ᠂ ᠲᠤᠰᠬᠠᠢ ᠮᠡᠷᠬᠡᠵᠢᠯ ᠤ᠋ᠨ ᠴᠠᠬᠳᠠᠭᠠᠨ ᠤ᠋ ᠶᠠᠪᠤᠳᠠᠯ ᠤ᠋ᠨ ᠮᠡᠳᠡᠯᠬᠡ ᠬᠢᠬᠡᠳ ᠠᠮᠤᠷ ᠲᠦᠪᠰᠢᠨ ᠤ᠋ ᠰᠡᠷᠬᠡᠢᠯᠡᠯᠳᠡ ᠵᠢᠨ ᠶᠡᠷᠦ ᠵᠢᠨ ᠮᠡᠳᠡᠯᠬᠡ ᠵᠢ ᠲᠤᠭᠤᠷᠠᠳᠠᠯ᠎ᠠ ᠶᠠᠷᠢᠵᠤ᠂ ᠦᠷᠬᠡᠨ ᠤᠯᠠᠨ ᠴᠠᠬᠳᠠᠭ᠎ᠠ ᠨᠠᠷᠢ ᠬᠠᠮᠠᠭᠠᠯᠠᠬᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠰᠢᠨ᠎ᠡ ᠵᠢ ᠡᠬᠦᠳᠬᠦ ᠦᠪᠡᠳᠡᠭᠰᠢ ᠲᠠᠢᠯᠠᠯᠭᠠ ᠬᠦᠷᠭᠡᠪᠡ᠃