ᠰᠤᠷᠭᠠᠨ ᠬᠥᠮᠦᠵᠢᠯ ᠎ᠦᠨ ᠶᠠᠮᠤᠨ ᠵᠡᠷᠭᠡ ᠰᠠᠯᠠᠭ᠎ᠠ ᠮᠥᠴᠢᠷ ᠠᠶᠠᠯᠠᠯ ᠬᠠᠮᠠᠭᠠᠯᠠᠬᠤ ᠠᠵᠢᠯᠯᠠᠭ᠎ᠠ ᠥᠷᠨᠢᠭᠦᠯᠵᠦ᠍ 《ᠠᠮᠤᠷ ᠲᠦᠪᠱᠢᠨ ᠤᠯᠤᠰ᠎ᠤᠨ ᠨᠢᠭᠡᠳᠦᠯᠲᠡᠶ ᠱᠢᠯᠭᠠᠯᠲᠠ 》 ᠳ᠋ᠤ ᠬᠦᠴᠦᠨ ᠨᠡᠮᠡᠷᠢᠯᠡᠨ᠎ᠡ
2026-06-05 10:11:46
ᠵᠣᠬᠢᠶᠠᠭ᠍ᠴᠢ᠄
ᠸᠠᠩ ᠫᠸᠩ
ᠣᠩᠱᠢᠭ᠍ᠰᠠᠨ ᠣᠳᠠᠭ᠎ᠠ᠄
★★★☆☆

2026 ᠣᠨ᠎ᠤ ᠤᠯᠤᠰ ᠎ᠤᠨ  ᠨᠢᠭᠡᠳᠦᠯᠲᠡᠢ ᠱᠢᠯᠭᠠᠯᠲᠠ ᠤᠳᠠᠯ ᠦᠭᠡᠢ ᠡᠬᠢᠯᠡᠬᠦ᠌ ᠪᠣᠯᠤᠯ᠎ᠠ᠃ ᠰᠤᠷᠪᠤᠯᠵᠢᠯᠠᠭ᠍ᠴᠢ 6 ᠰᠠᠷ᠎ᠠ᠎ᠶ᠋ᠢᠨ 2 ᠎ᠤ᠋ᠨ ᠡᠳᠦᠷ ᠰᠤᠷᠭᠠᠨ ᠬᠥᠮᠦᠵᠢᠯ᠎ᠦᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ ᠡᠴᠡ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠂ ᠳᠣᠲᠣᠭᠠᠳᠤ ᠎ᠶ᠋ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠎ᠲᠡᠶ ᠬᠠᠮᠲᠤᠷᠠᠨ《2026 ᠣᠨ ᠎ᠤ ᠤᠯᠤᠰ ᠎ᠤᠨ ᠨᠢᠭᠡᠳᠦᠯᠲᠡᠶ ᠱᠢᠯᠭᠠᠯᠲᠠ᠎ᠶ᠋ᠢᠨ ᠠᠶᠠᠯᠠᠯ ᠬᠠᠮᠠᠭᠠᠯᠠᠬᠤ ᠠᠵᠢᠯᠯᠠᠭ᠎ᠠ》ᠶ᠋ᠢ ᠪᠠᠢᠷᠢᠯᠠᠭᠤᠯᠤᠨ ᠥᠷᠨᠢᠭᠦᠯᠵᠦ᠍᠂ ᠱᠢᠯᠭᠠᠯᠲᠠ᠎ᠶ᠋ᠢ ᠵᠣᠬᠢᠶᠠᠨ ᠪᠠᠢᠭᠤᠯᠬᠤ᠂ ᠤᠬᠠᠭᠤᠯᠵᠤ ᠬᠥᠲᠥᠯᠥᠨ ᠵᠢᠯᠣᠭᠣᠳᠭᠤ᠂ ᠱᠢᠯᠭᠠᠭᠤᠯᠤᠭ᠍ᠴᠢ᠎ᠳᠤ ᠦᠶ᠋ᠯᠡᠴᠢᠯᠡᠬᠦ᠌ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠲᠠᠯ᠎ᠠ᠎ᠪᠠᠷ ᠰᠠᠢᠲᠤᠷ ᠬᠢᠵᠦ᠍᠂《ᠠᠮᠤᠷ ᠲᠦᠪᠰᠢᠨ ᠤᠯᠤᠰ᠎ᠤᠨ ᠨᠢᠭᠡᠳᠦᠯᠲᠡᠶ ᠱᠢᠯᠭᠠᠯᠲᠠ》 ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠪᠡᠷ ᠪᠤᠢ᠃

ᠣᠢᠯᠠᠭᠠᠭ᠍ᠰᠠᠨ᠎ᠢᠶᠠᠷ᠂ 2026 ᠣᠨ᠎ᠤ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠂ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠵᠢᠨ ᠬᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠂ ᠳᠣᠲᠣᠭᠠᠳᠤ ᠎ᠶ᠋ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠷ ᠤᠲᠠᠰᠤ ᠪᠡᠷ ᠭᠡᠮ ᠬᠢᠬᠦ ᠠᠵᠢᠯᠯᠠᠭ᠎ᠠ᠎ᠳᠤ ᠴᠣᠬᠢᠯᠲᠠ ᠥᠭ᠌ᠬᠦ᠂ ᠱᠢᠯᠭᠠᠯᠲᠠ᠎ᠳᠤ ᠬᠣᠯᠪᠣᠭ᠍ᠳᠠᠬᠤ ᠰᠦᠯᠵᠢᠶᠡᠨ ᠎ᠦ ᠣᠷᠴᠢᠨ ᠲᠣᠭᠣᠷᠢᠨ ᠎ᠢ ᠴᠡᠪᠡᠷᠱᠢᠭᠦᠯᠬᠦ᠂ ᠭᠡᠮ ᠬᠢᠬᠦ᠌ ᠪᠠᠭᠠᠵᠢ ᠬᠡᠷᠡᠭ᠌ᠰᠡᠯ ᠪᠣᠷᠣᠯᠠᠭᠤᠯᠬᠤ᠎ᠳᠤ ᠴᠣᠬᠢᠯᠲᠠ ᠥᠭ᠌ᠬᠦ᠂ ᠣᠷᠣᠯᠠᠨ ᠱᠢᠯᠭᠠᠵᠤ ᠬᠡᠮ ᠬᠢᠬᠦ᠎ᠳᠤ ᠴᠣᠬᠢᠯᠲᠠ ᠥᠭ᠌ᠬᠦ᠂ ᠱᠢᠯᠭᠠᠯᠲᠠ ᠎ᠶ᠋ᠢᠨ ᠴᠡᠭ ᠎ᠦᠨ ᠡᠷᠭᠢᠨ ᠲᠣᠭᠣᠷᠢᠨ ᠎ᠤ ᠣᠷᠴᠢᠨ ᠲᠣᠭᠣᠷᠢᠨ᠎ᠢ ᠴᠡᠪᠡᠷᠱᠢᠭᠦᠯᠬᠦ᠂ ᠱᠢᠯᠭᠠᠯᠲᠠ ᠎ᠳᠤ ᠬᠣᠯᠪᠣᠭ᠍ᠳᠠᠬᠤ ᠪᠣᠯᠪᠠᠰᠤᠷᠠᠯ᠎ᠤᠨ ᠪᠠᠢᠭᠤᠯᠤᠮᠵᠢ ᠪᠠ ᠱᠢᠯᠭᠠᠯᠲᠠ᠎ᠳᠤ ᠲᠤᠰᠠᠯᠠᠬᠤ ᠵᠠᠭᠤᠴᠢ ᠵᠢ ᠠᠷᠢᠯᠭᠠᠨ ᠴᠡᠭᠴᠡᠯᠡᠬᠦ ᠵᠡᠷᠭᠡ ᠣᠯᠠᠨ ᠲᠤᠰᠭᠠᠶ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠦ᠂ ᠱᠢᠯᠭᠠᠯᠲᠠ ᠎ᠳᠤ ᠲᠤᠰᠠᠯᠠᠬᠤ ᠶᠠᠯᠠᠲᠤ ᠬᠡᠷᠡᠭ᠂ ᠰᠤᠷᠤᠭ᠍ᠴᠢ ᠡᠯᠰᠡᠬᠦ᠌ ᠮᠡᠬᠡᠯᠡᠯ᠂ ᠬᠤᠳᠠᠯ ᠬᠠᠭᠤᠷᠮᠠᠭ ᠤᠬᠠᠭᠤᠯᠭ᠎ᠠ᠂ ᠰᠦᠯᠵᠢᠶᠡᠨ᠎ᠦ ᠴᠤᠤᠷᠬᠠᠯ ᠵᠡᠷᠭᠡ ᠦᠨᠡᠨ ᠪᠤᠰᠤ ᠬᠤᠤᠷ ᠬᠦᠨᠦᠭᠡᠯ ᠲᠠᠢ ᠮᠡᠳᠡᠭᠡ ᠵᠠᠩᠭᠢ ᠵᠢ ᠠᠷᠢᠯᠭᠠᠨ ᠱᠢᠶ᠋ᠳᠪᠦᠷᠢᠯᠡᠵᠦ᠂ ᠠᠮᠤᠷ᠎ᠢ ᠬᠠᠮᠠᠭᠠᠯᠠᠬᠤ᠂ ᠭᠠᠳᠠᠭ᠍ᠰᠢ ᠭᠠᠷᠬᠤ᠂ ᠢᠳᠡᠵᠦ᠍ ᠬᠣᠨᠣᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠱᠤᠤᠭᠢᠶᠠᠨ᠎ᠤ ᠵᠠᠰᠠᠯᠲᠠ᠂ ᠰᠡᠳᠭᠢᠴᠡ᠎ᠶ᠋ᠢᠨ ᠬᠠᠪᠰᠤᠷᠤᠨ ᠵᠢᠯᠣᠭᠣᠳᠤᠯᠭ᠎ᠠ ᠵᠡᠷᠭᠡ ᠣᠯᠠᠨ ᠲᠠᠯ᠎ᠠ᠎ᠶ᠋ᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ ᠎ᠦ ᠪᠠᠲᠤᠯᠠᠭ᠎ᠠ ᠵᠢ ᠴᠢᠩᠭᠠᠳᠬᠠᠵᠤ᠂ ᠰᠠᠢᠨ ᠰᠠᠢᠬᠠᠨ ᠱᠢᠯᠭᠠᠯᠲᠠ᠎ᠶ᠋ᠢᠨ ᠣᠷᠴᠢᠨ ᠨᠦᠭᠦᠴᠡᠯ᠎ᠢ ᠪᠣᠶ ᠪᠣᠯᠭᠠᠵᠤ᠂ ᠰᠤᠷᠭᠠᠨ ᠬᠥᠮᠦᠵᠢᠯ᠎ᠦᠨ ᠱᠢᠯᠭᠠᠯᠲᠠ᠎ᠶ᠋ᠢᠨ ᠡᠷᠬᠡ ᠲᠡᠭ᠌ᠰᠢ ᠪᠠᠢᠬᠤ᠎ᠶ᠋ᠢ ᠡᠷᠡᠰ ᠬᠠᠮᠠᠭᠠᠯᠠᠨ᠎ᠠ᠃

ᠠᠵᠢᠯᠯᠠᠭ᠎ᠠ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠪᠡᠯ᠂ ᠱᠢᠯᠭᠠᠯᠲᠠ᠎ᠶ᠋ᠢᠨ ᠳᠠᠷᠠᠭ᠎ᠠ᠂ ᠡᠯ᠎ᠡ ᠭᠠᠵᠠᠷ ᠎ᠤᠨ᠎ᠬᠢᠨ  ᠡᠷᠡᠮᠡᠯᠵᠡᠯ ᠲᠠᠭ᠍ᠯᠠᠬᠤ᠎ᠶ᠋ᠢ ᠵᠢᠯᠣᠭᠣᠳᠭᠤ ᠦᠶ᠋ᠯᠡᠴᠢᠯᠡᠭᠡ᠎ᠪᠡᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠡᠷᠡᠮᠡᠯᠵᠡᠯ ᠲᠠᠭ᠍ᠯᠠᠬᠤ ᠦᠶ᠋ᠯᠡᠴᠢᠯᠡᠭᠡᠨ᠎ᠦ ᠱᠢᠰᠲ᠋ᠧᠮ᠎ᠢ ᠲᠠᠰ ᠳᠡᠪᠱᠢᠭᠦᠯᠦᠨ ᠲᠡᠭᠦᠯᠳᠡᠷᠵᠢᠭᠦᠯᠵᠦ᠍᠂ ᠣᠯᠠᠨ ᠠᠷᠭ᠎ᠠ ᠵᠠᠮ᠂ ᠣᠯᠠᠨ ᠬᠡᠯᠪᠡᠷᠢ᠎ᠪᠡᠷ ᠡᠷᠡᠮᠡᠯᠵᠡᠯ ᠲᠠᠭ᠍ᠯᠠᠬᠤ᠎ᠳᠤ ᠵᠥᠪᠯᠡᠯᠭᠡ ᠥᠭ᠌ᠬᠦ ᠱᠢᠷᠢᠰ ᠦᠶ᠋ᠯᠡᠴᠢᠯᠡᠭᠡᠨ ᠎ᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠥᠭ᠌ᠵᠢᠭᠡᠳᠦᠶ ᠭᠠᠵᠠᠷ ᠣᠷᠣᠨ ᠎ᠤ  ᠱᠢᠶᠠᠨ᠎ᠳᠤ ᠬᠠᠨᠳᠤᠭᠤᠯᠤᠨ《ᠢᠯᠡ ᠲᠤᠳᠤᠷᠬᠠᠢ ᠡᠷᠡᠮᠡᠯᠵᠡᠯ ᠲᠠᠭᠯᠠᠬᠤ》 ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠵᠦ᠍᠂ ᠡᠷᠡᠮᠡᠯᠵᠡᠯ ᠲᠠᠭ᠍ᠯᠠᠬᠤ ᠦᠶ᠋ᠯᠡᠴᠢᠯᠡᠭᠡᠨ᠎ᠦ ᠲᠦᠭᠡᠮᠡᠯ ᠬᠠᠷᠠᠭᠠᠯᠵᠠᠯ᠎ᠤᠨ ᠴᠢᠨᠠᠷ᠂ ᠪᠣᠯᠤᠮᠵᠢᠲᠤ ᠴᠢᠨᠠᠷ᠂ ᠳᠥᠭᠥᠮ ᠳᠥᠲᠡ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 2 ᠤ᠋ᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号