ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ ᠡᠴᠡ ᠤᠢᠯᠠᠭᠠᠬᠰᠠᠨ ᠵᠢᠡᠷ᠂ ᠥᠷᠭᠡᠨ ᠣᠯᠠᠨ ᠰᠢᠯᠭᠠᠭᠤᠯᠤᠭ᠍ᠴᠢ᠎ᠶᠢᠨ ᠰᠢᠯᠭᠠᠯᠲᠠ᠎ᠳᠤ ᠤᠷᠤᠭᠰᠢᠲᠠᠢ ᠤᠷᠤᠯᠴᠠᠬᠤ ᠳ᠋ᠤ ᠲᠥᠬᠥᠮ ᠦᠵᠡᠭᠦᠯᠬᠦ᠎ᠶᠢᠨ ᠲᠥᠯᠥᠭᠡ ᠰᠢᠯᠭᠠᠯᠳᠠ ᠡᠴᠡ ᠡᠮᠦᠨᠡᠬᠢ ᠰᠠᠨᠠᠭᠤᠯᠤᠮᠵᠢ ᠵᠢ ᠨᠡᠢᠳᠡᠯᠡᠪᠡ᠃
ᠰᠠᠨᠠᠭᠤᠯᠤᠮᠵᠢ ᠳ᠋ᠤ᠂ ᠰᠢᠯᠭᠠᠭᠤᠯᠤᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠰᠢᠯᠭᠠᠭᠤᠯᠤᠭ᠍ᠴᠢ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ ᠳ᠋ᠤ ᠭᠠᠷᠴᠤ ᠰᠢᠯᠭᠠᠭᠤᠯᠬᠤ ᠦᠨᠡᠮᠯᠡᠯ ᠵᠢᠡᠨ ᠳᠠᠷᠤᠮᠠᠯᠯᠠᠭᠰᠠᠨ᠎ᠤ ᠳᠠᠷᠠᠭ᠎ᠠ᠂ ᠮᠡᠳᠡᠭᠡ ᠵᠠᠩᠭᠢ᠎ᠵᠢᠨ ᠵᠥᠪ ᠡᠰᠡᠬᠦ᠎ᠪᠠᠨ ᠨᠠᠷᠢᠨ ᠬᠢᠨᠠᠮᠠᠭᠠᠢ ᠪᠠᠢᠴᠠᠭᠠᠵᠤ᠂ ᠬᠡᠷᠪᠡ ᠠᠰᠠᠭᠤᠳᠠᠯ᠎ᠲᠠᠢ ᠪᠣᠯ ᠳᠠᠷᠤᠢ ᠲᠦᠷᠭᠡᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ(ᠬᠣᠲᠠ᠂ ᠲᠣᠭᠣᠷᠢᠭ᠋)᠎ᠤ᠋ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠲᠠᠢ ᠬᠠᠷᠢᠯᠴᠠᠵᠤ ᠬᠢᠨᠠᠨ ᠬᠠᠷᠭᠤᠭᠤᠯᠵᠤ ᠵᠠᠯᠠᠷᠠᠭᠤᠯᠬᠤ ᠬᠡᠷᠡᠭᠲᠡᠢ᠃ ᠬᠤᠪᠢ ᠬᠥᠮᠥᠨ᠎ᠦ ᠭᠡᠷᠡᠴᠢ ᠦᠨᠡᠮᠯᠡᠯ᠎ᠢᠶᠡᠨ ᠤᠷᠢᠳᠴᠢᠯᠠᠨ ᠪᠡᠯᠡᠳᠬᠡᠨ᠎ᠡ᠃ ᠰᠢᠯᠭᠠᠯᠳᠠ ᠡᠴᠡ ᠡᠮᠦᠨ᠎ᠡ᠂ ᠬᠡᠷᠪᠡ ᠰᠠᠭᠤᠭᠠᠯᠢ ᠠᠷᠠᠳ᠎ᠤᠨ ᠪᠡᠶ᠎ᠠ ᠵᠢᠨ ᠦᠨᠡᠮᠯᠡᠯ ᠵᠢᠡᠨ ᠬᠡᠬᠡᠪᠡᠯ ᠪᠠᠴᠢᠮᠳᠠᠵᠤ ᠰᠠᠨᠳᠤᠷᠤᠭᠰᠠᠨᠤ ᠬᠡᠷᠡᠭ ᠦᠬᠡᠢ᠂ ᠬᠥᠮᠥᠨ᠎ᠦ ᠵᠢᠰᠦ᠎ᠶᠢ ᠢᠯᠭᠠᠨ ᠲᠠᠨᠢᠬᠤᠰᠢᠰᠲᠧᠮ ᠵᠢᠡᠷ ᠲᠠᠮᠵᠢᠨ ᠪᠡᠶ᠎ᠡ᠎ᠶᠢᠨ ᠬᠢᠷᠢ ᠬᠡᠮ᠎ᠢᠶᠡᠨ ᠰᠢᠯᠭᠠᠨ ᠪᠠᠲᠤᠯᠠᠭᠤᠯᠵᠤ ᠰᠢᠯᠭᠠᠯᠳᠠ ᠵᠢᠨ ᠲᠠᠯᠠᠪᠤᠷ᠎ᠲᠤ ᠤᠷᠤᠵᠤ ᠪᠤᠯᠤᠨ᠎ᠠ᠃ ᠰᠢᠯᠭᠠᠭᠤᠯᠬᠤ ᠦᠨᠡᠮᠯᠡᠯ᠎ᠢᠶᠡᠨ ᠭᠡᠭᠡᠪᠡᠯ᠂ ᠰᠢᠯᠭᠠᠯᠲᠠ᠎ᠶᠢᠨ ᠴᠡᠭ᠎ᠦᠨ ᠠᠵᠢᠯᠲᠠᠨ ᠬᠠᠪᠰᠤᠷᠤᠨ ᠳᠠᠷᠤᠮᠠᠯᠯᠠᠵᠤ ᠦᠭᠬᠦ ᠪᠤᠯᠤᠨ᠎ᠠ᠃ ᠰᠢᠯᠭᠠᠯᠳᠠ ᠵᠢᠨ ᠳᠠᠯᠠᠪᠠᠢ ᠳ᠋ᠤ ᠬᠡᠷᠡᠭᠯᠡᠬᠦ ᠪᠢᠴᠢᠭ᠎ᠤᠨ ᠬᠡᠷᠡᠭᠰᠡᠯ ᠵᠢᠡᠨ ᠰᠠᠢᠳᠤᠷ ᠪᠡᠯᠡᠳᠬᠡᠨ᠎ᠡ᠃ ᠬᠡᠷᠪᠡ ᠲᠡᠮᠦᠷᠯᠢᠭ ᠪᠢᠴᠢᠭ᠎ᠦᠨ ᠬᠡᠷᠡᠭᠰᠡᠯ᠎ᠢ ᠬᠡᠷᠡᠭᠯᠡᠪᠡᠯ ᠲᠣᠰ ᠬᠥᠮᠥᠨ᠎ᠦ ᠰᠢᠯᠭᠠᠯᠳᠠ ᠵᠢᠨ ᠲᠠᠯᠠᠪᠤᠷ᠎ᠲᠤ ᠣᠷᠣᠬᠤ ᠪᠠᠢᠴᠠᠭᠠᠬᠤ ᠠᠬᠢᠴᠠ᠎ᠶᠢ ᠨᠥᠯᠥᠭᠡᠯᠡᠨ᠎ᠡ᠂ ᠡᠭᠦᠨ᠎ᠦ ᠬᠠᠷᠢᠭᠤᠴᠠᠯᠭ᠎ᠠ᠎ᠶᠢ ᠰᠢᠯᠭᠠᠭᠤᠯᠤᠭ᠍ᠴᠢ ᠡᠭᠦᠷᠭᠡᠯᠡᠨ᠎ᠡ᠃ ᠰᠢᠯᠭᠠᠭᠤᠯᠤᠭ᠍ᠴᠢ ᠰᠢᠯᠭᠠᠯᠲᠠ᠎ᠶᠢᠨ ᠴᠡᠭ᠎ᠢᠶᠡᠨ ᠤᠷᠢᠳᠴᠢᠯᠠᠨ ᠣᠢᠯᠠᠭᠠᠵᠤ᠂ ᠵᠠᠮ ᠱᠤᠭᠤᠮ᠎ᠢᠶᠠᠨ ᠰᠠᠢᠳᠤᠷ ᠲᠦᠯᠦᠪᠵᠢᠬᠦᠯᠵᠦ᠂ 6 ᠰᠠᠷ᠎ᠠ᠎ᠶᠢᠨ 6 ᠤ᠋ ᠦᠳᠡ᠎ᠶᠢᠨ ᠬᠣᠢᠨᠠᠬᠢ 16᠄ 00 ︱ 17᠄ 30 ᠪᠣᠯᠲᠠᠯ᠎ᠠ᠂ ᠰᠢᠯᠭᠠᠯᠲᠠ᠎ᠶᠢᠨ ᠴᠡᠭ᠎ᠦᠨ ᠡᠭᠦᠳᠡᠨ᠎ᠳᠦ ᠬᠦᠷᠴᠦ ᠲᠠᠯᠠᠪᠤᠷ᠎ᠲᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢᠨ ᠳᠠᠭᠤᠷᠢᠶᠠᠮᠠᠯ ᠰᠣᠷᠢᠯᠲᠠ ᠬᠢᠵᠦ ᠪᠤᠯᠤᠨ᠎ᠠ ᠬᠡᠵᠦ ᠰᠠᠨᠠᠭᠤᠯᠪᠠ᠃
ᠰᠠᠨᠠᠭᠤᠯᠤᠮᠵᠢ ᠳ᠋ᠤ ᠪᠠᠰᠠ᠂ ᠰᠢᠯᠭᠠᠯᠲᠠ᠎ᠶᠢᠨ ᠲᠠᠯᠠᠪᠤᠷ᠎ᠲᠤ ᠣᠷᠣᠬᠤ᠎ᠳᠤ 《2 + 1》 ᠠᠮᠤᠷ ᠲᠦᠪᠰᠢᠨ᠎ᠦ ᠪᠠᠢᠴᠠᠭᠠᠯᠲᠠ᠎ᠶᠢᠨ ᠵᠠᠭᠪᠤᠷ᠎ᠢ ᠦᠷᠭᠦᠯᠵᠢᠯᠡᠨ ᠬᠡᠷᠡᠭᠵᠢᠭᠦᠯᠦᠨ᠎ᠡ᠂ ᠲᠤᠬᠠᠢᠯᠠᠪᠠᠯ ᠬᠣᠶᠠᠷ ᠵᠦᠢᠯ᠎ᠦᠨ ᠬᠥᠮᠥᠨ᠎ᠦ ᠬᠦᠴᠦᠨ᠎ᠦ ᠠᠮᠤᠷ ᠲᠦᠪᠰᠢᠨ᠎ᠦ ᠪᠠᠢᠴᠠᠭᠠᠯᠲᠠ ᠪᠠ ᠨᠢᠭᠡ ᠣᠶᠤᠨᠴᠢ ᠠᠮᠤᠷ ᠲᠦᠪᠰᠢᠨ᠎ᠦ ᠪᠠᠢᠴᠠᠭᠠᠯᠲᠠ᠎ᠶᠢᠨ ᠡᠭᠦᠳᠡᠨ᠎ᠤ ᠪᠠᠢᠴᠠᠭᠠᠯᠲᠠ ᠬᠢᠨ᠎ᠡ᠃ ᠰᠢᠯᠭᠠᠭᠤᠯᠤᠭ᠍ᠴᠢ ᠭᠠᠷ ᠤᠲᠠᠰᠤ᠂ ᠭᠠᠷ ᠴᠠᠭ (ᠪᠠᠭᠤᠪᠴᠢ)᠂ ᠣᠶᠤᠨᠲᠤ ᠨᠢᠳᠦᠨ ᠰᠢᠯ᠂ ᠪᠣᠳᠣᠯᠭ᠎ᠠ ᠵᠢᠨ ᠮᠠᠰᠢᠨ ᠵᠡᠷᠭᠡ ᠡᠯᠧᠺᠲᠷᠣᠨ ᠲᠥᠬᠦᠭᠡᠷᠦᠮᠵᠢ᠂ ᠲᠡᠮᠦᠷᠯᠢᠭ ᠵᠠᠰᠠᠯ ᠵᠢᠮᠰᠡᠭ᠂ ᠨᠣᠮ ᠪᠢᠴᠢᠭ ᠮᠠᠲᠧᠷᠢᠶᠠᠯ᠂ ᠡᠬᠡ ᠪᠢᠴᠢᠭ᠎ᠦᠨ ᠴᠠᠭᠠᠰᠤ᠂ ᠪᠢᠴᠢᠭ᠎ᠦᠨ ᠪᠣᠭᠴᠣ᠌᠂ ᠲᠦᠯᠬᠢᠭᠦᠷ ᠵᠡᠷᠭᠡ ᠰᠢᠯᠭᠠᠯᠲᠠ᠎ᠶᠢᠨ ᠪᠤᠰᠤ ᠡᠳ᠋ ᠪᠣᠳᠠᠰ᠎ᠢ ᠰᠢᠯᠭᠠᠯᠲᠠ᠎ᠶᠢᠨ ᠴᠡᠭ᠎ᠲᠦ ᠠᠪᠴᠤ ᠣᠷᠣᠵᠤ ᠪᠣᠯᠬᠤ ᠦᠭᠡᠢ᠂ ᠡᠰᠡ ᠲᠡᠭᠡᠪᠡᠯ ᠰᠢᠯᠭᠠᠯᠲᠠ᠎ᠶᠢᠨ ᠲᠣᠭᠲᠠᠭᠠᠯ᠎ᠢ ᠵᠥᠷᠢᠴᠡᠭᠰᠡᠨ᠎ᠳᠦ ᠲᠣᠭᠠᠴᠢᠭᠳᠠᠨ᠎ᠠ᠃ ᠰᠢᠯᠭᠠᠭᠤᠯᠤᠭ᠍ᠴᠢ ᠠᠮᠢᠳᠤᠷᠠᠯ ᠰᠤᠷᠤᠯᠴᠠᠯᠭ᠎ᠠ᠎ᠶᠢᠨ ᠳᠤᠮᠳᠠ᠎ᠪᠠᠨ ᠣᠶᠤᠨᠲᠤ ᠨᠢᠳᠦᠨ ᠰᠢᠯ ᠵᠡᠬᠦᠳᠡᠭ ᠪᠤᠯ ᠲᠣᠬᠢᠷᠠᠮᠵᠢᠲᠠᠢ ᠡᠩ᠎ᠦᠨ ᠨᠢᠳᠦᠨ ᠰᠢᠯ ᠤᠷᠢᠳᠴᠢᠯᠠᠨ ᠪᠡᠯᠡᠳᠬᠡᠬᠦ ᠬᠡᠷᠡᠭᠲᠡᠢ᠃ ᠠᠮᠤᠷ ᠲᠦᠪᠰᠢᠨ᠎ᠦ ᠪᠠᠢᠴᠠᠭᠠᠯᠲᠠ ᠪᠠ ᠪᠡᠶ᠎ᠡ᠎ᠶᠢᠨ ᠬᠢᠷᠢ ᠬᠡᠮ᠎ᠦᠨ ᠰᠢᠯᠭᠠᠨ ᠪᠠᠲᠤᠯᠠᠯᠲᠠ᠎ᠶᠢ ᠬᠠᠮᠵᠢᠯᠴᠠᠨ ᠰᠠᠢᠲᠤᠷ ᠬᠢᠨ᠎ᠡ᠃ ᠰᠢᠯᠭᠠᠭᠤᠯᠤᠭ᠍ᠴᠢ ᠨᠠᠭᠠᠲᠤ ᠵᠠᠬ᠎ᠠ᠎ᠳᠠᠭᠠᠨ ᠰᠢᠯᠭᠠᠯᠲᠠ ᠡᠬᠢᠯᠡᠬᠦ᠎ᠡᠴᠡ 45 ᠮᠢᠨᠦ᠋ᠲ᠎ᠦᠨ ᠡᠮᠦᠨ᠎ᠡ ᠰᠢᠯᠭᠠᠯᠲᠠ᠎ᠶᠢᠨ ᠴᠡᠭ᠎ᠲᠡᠬᠡᠨ ᠬᠦᠷᠴᠦ᠂ ᠪᠠᠢᠴᠠᠭᠠᠯᠲᠠ᠎ᠶᠢ ᠬᠦᠯᠢᠶᠡᠵᠦ ᠰᠢᠯᠭᠠᠯᠲᠠ᠎ᠶᠢᠨ ᠲᠠᠯᠠᠪᠤᠷ᠎ᠲᠠᠭᠠᠨ ᠣᠷᠣᠵᠤ ᠪᠣᠯᠣᠨ᠎ᠠ᠃ ᠰᠢᠯᠭᠠᠯᠳᠠ ᠵᠢᠨ ᠳᠠᠯᠠᠪᠠᠢ ᠳ᠋ᠤ ᠤᠷᠤᠬᠤ ᠪᠠᠢᠴᠠᠭᠠᠯᠲᠠ᠎ᠶᠢᠨ ᠳᠤᠮᠳᠠ ᠰᠡᠵᠢᠭᠯᠡᠯᠲᠡᠢ ᠡᠳ᠋ ᠪᠣᠳᠠᠰ ᠠᠪᠴᠤ ᠶᠠᠪᠤᠭ᠎ᠠ᠂ ᠬᠡᠪ᠎ᠦᠨ ᠪᠤᠰᠤ ᠪᠠᠢᠳᠠᠯ᠎ᠢ ᠰᠠᠨᠠᠭᠤᠯᠤᠭᠰᠠᠨ ᠵᠡᠷᠭᠡ ᠪᠠᠢᠳᠠᠯᠳᠤᠬᠢᠶᠠᠯᠳᠤᠪᠠᠯ᠂ ᠰᠢᠯᠭᠠᠭᠤᠯᠤᠭ᠍ᠴᠢ ᠡᠷᠬᠡᠪᠰᠢ ᠡᠳ᠋ ᠪᠣᠳᠠᠰ᠎ᠢᠶᠠᠨ ᠲᠤᠰᠢᠶᠠᠭᠰᠠᠨ᠎ᠤ ᠳᠠᠷᠠᠭ᠎ᠠ᠂ ᠳᠠᠬᠢᠨ ᠨᠢᠭᠡ ᠤᠳᠠᠭ᠎ᠠ ᠪᠠᠢᠴᠠᠭᠠᠭᠠᠳ ᠬᠡᠪ᠎ᠤᠨ ᠪᠠᠢᠪᠠᠯ ᠰᠠᠶᠢ ᠰᠢᠯᠭᠠᠯᠳᠠ ᠵᠢᠨ ᠳᠠᠯᠠᠪᠠᠢ ᠳ᠋ᠤ ᠤᠷᠤᠭᠤᠯᠤᠨ᠎ᠠ᠃ ᠬᠡᠷᠪᠡ ᠪᠠᠢᠴᠠᠭᠠᠯᠳᠠ ᠳᠤᠮᠳᠠ ᠠᠮᠤᠷ ᠲᠦᠪᠰᠢᠨ᠎ᠤ ᠡᠬᠦᠳᠡ ᠳᠠᠬᠢᠨ ᠳᠠᠪᠳᠠᠨ ᠰᠡᠷᠡᠮᠵᠢᠯᠡᠬᠦᠯᠦᠬᠡᠳ ᠪᠠᠢᠪᠠᠯ ᠴᠢᠬᠤᠯᠠᠲᠠᠢ ᠦᠶ᠎ᠠ ᠳ᠋ᠤ ᠵᠢᠭ᠍ᠰᠠᠭᠠᠨ ᠪᠠᠢᠴᠠᠭᠠᠬᠤ᠎ᠶᠢ ᠳᠠᠬᠢᠨ ᠪᠠᠢᠴᠠᠭᠠᠬᠤ ᠲᠠᠰᠤᠭ᠎ᠲᠤ ᠲᠣᠬᠢᠷᠠᠭᠤᠯᠤᠨ ᠶᠠᠪᠤᠭᠳᠠᠭᠤᠯᠵᠤ ᠪᠣᠯᠣᠨ᠎ᠠ᠃ ᠰᠢᠯᠭᠠᠭᠤᠯᠤᠭ᠍ᠴᠢ ᠠᠯᠢ ᠴᠢᠳᠠᠬᠤ᠎ᠪᠠᠷ ᠲᠡᠮᠦᠷᠯᠢᠭ ᠵᠠᠰᠠᠯ᠎ᠤᠨ ᠡᠳ᠋᠎ᠲᠠᠢ ᠬᠤᠪᠴᠠᠰᠤ᠂ ᠱᠠᠬᠠᠢ ᠮᠠᠯᠠᠭᠠᠢ᠎ᠵᠢ ᠡᠮᠦᠰᠬᠦ ᠦᠭᠡᠢ ᠪᠠᠢᠵᠤ᠂ ᠲᠠᠯᠠᠪᠤᠷ᠎ᠲᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢ ᠨᠥᠯᠥᠭᠡᠯᠡᠬᠦ᠎ᠡᠴᠡ ᠵᠠᠢᠯᠠᠰᠬᠢᠬᠦ ᠬᠡᠷᠡᠭᠲᠡᠢ ᠬᠡᠵᠦ ᠰᠠᠨᠠᠭᠤᠯᠤᠭᠰᠠᠨ ᠪᠠᠢᠨ᠎ᠠ᠃