2026 ᠣᠨ᠎ᠤ ᠤᠯᠤᠰ᠎ᠤᠨ ᠨᠢᠭᠡᠳᠦᠯᠲᠡᠢ ᠱᠢᠯᠭᠠᠯᠲᠠ ᠵᠢᠨ ᠡᠳᠦᠷ ᠬᠦᠷᠴᠦ ᠢᠷᠡᠯ᠎ᠡ᠃ 6 ᠰᠠᠷ᠎ᠠ᠎ᠶ᠋ᠢᠨ 6 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠪᠡᠯᠡᠳᠭᠡᠯ ᠠᠵᠢᠯ᠎ᠢ ᠪᠠᠢᠴᠠᠭᠠᠨ ᠰᠤᠳᠤᠯᠵᠤ᠂ ᠡᠮᠦᠨ᠎ᠡ ᠹᠷᠣᠨᠲ᠎ᠤᠨ ᠠᠵᠢᠯᠲᠠᠳ᠎ᠢ ᠪᠣᠯᠭᠣᠭᠠᠨ ᠲᠣᠬᠣᠨᠢᠭᠤᠯᠪᠠ᠃ ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠰᠤᠷᠭᠠᠨ ᠬᠥᠮᠦᠵᠢᠯ᠎ᠦᠨ ᠲᠤᠬᠠᠢ ᠴᠢᠬᠤᠯᠠ ᠥᠭᠦᠯᠡᠯᠲᠡ ᠪᠣᠯᠤᠨ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠤᠢᠯ᠎ᠤᠨ ᠬᠠᠷᠢᠭᠤᠴᠠᠯᠭᠠᠲᠤ ᠣᠪᠣᠷ᠂ ᠴᠢᠩᠭ᠎ᠠ ᠨᠢᠮᠪᠠᠢ ᠰᠤᠷᠲᠠᠯ᠎ᠢᠶᠠᠷ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢ ᠵᠣᠬᠢᠶᠠᠨ ᠪᠠᠢᠭᠤᠯᠵᠤ ᠪᠠᠲᠤᠯᠠᠬᠤ ᠠᠵᠢᠯ᠎ᠢ ᠰᠠᠢᠲᠤᠷ ᠬᠢᠵᠦ᠍᠂ ᠠᠮᠤᠷ ᠲᠦᠪᠱᠢᠨ ᠤᠯᠤᠰ᠎ᠤᠨ ᠨᠢᠭᠡᠳᠦᠯᠲᠡᠢ ᠱᠢᠯᠭᠠᠯᠲᠠ᠂ ᠬᠠᠯᠠᠭᠤᠨ ᠲᠤᠯᠠᠭᠠᠬᠠᠨ ᠤᠯᠤᠰ᠎ᠤᠨ ᠨᠢᠭᠡᠳᠦᠯᠲᠡᠢ ᠱᠢᠯᠭᠠᠯᠲᠠ᠂ ᠲᠠᠭᠠᠯᠠᠮᠵᠢᠲᠠᠢ ᠤᠯᠤᠰ᠎ᠤᠨ ᠨᠢᠭᠡᠳᠦᠯᠲᠡᠢ ᠱᠢᠯᠭᠠᠯᠲᠠ᠂ ᠰᠠᠨᠠᠭ᠎ᠠ ᠠᠮᠤᠷ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢ ᠪᠦᠬᠦ᠌ ᠬᠦᠴᠦ᠍᠎ᠪᠡᠷ᠎ᠢᠶᠡᠨ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

6 ᠰᠠᠷ᠎ᠠ᠎ᠶ᠋ᠢᠨ 6 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠶ᠋ᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠬᠦᠷᠴᠦ᠍᠂ ᠠᠮᠤᠷ ᠲᠦᠪᠰᠢᠨ᠎ᠤ ᠪᠠᠢᠴᠠᠭᠠᠯᠲᠠ᠎ᠶ᠋ᠢᠨ ᠲᠣᠭᠣᠷᠢᠭ᠂ ᠱᠢᠯᠭᠠᠯᠲᠠ᠎ᠶ᠋ᠢᠨ ᠲᠠᠯᠠᠪᠠᠢ᠂ ᠱᠢᠯᠭᠠᠯᠲᠠ᠎ᠶ᠋ᠢᠨ ᠶᠠᠪᠤᠳᠠᠯ᠎ᠤᠨ ᠠᠯᠪᠠᠨ ᠭᠡᠷ᠂ ᠡᠮᠨᠡᠯᠭᠡ᠎ᠶ᠋ᠢᠨ ᠶᠠᠪᠤᠳᠠᠯ᠎ᠤᠨ ᠦᠷᠳᠡᠭᠡ ᠵᠡᠷᠭᠡ ᠲᠠᠯᠠᠪᠤᠷ ᠭᠠᠵᠠᠷ᠎ᠤᠨ ᠲᠤᠬᠠᠢ ᠵᠢᠨ ᠲᠠᠯᠠᠪᠠᠢ᠎ᠳᠤ ᠪᠠᠢᠴᠠᠭᠠᠨ ᠦᠵᠡᠵᠦ᠍᠂ ᠡᠮᠦᠨ᠎ᠡ ᠹᠷᠣᠨᠲ᠎ᠤᠨ ᠠᠵᠢᠯᠲᠠᠳ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠰᠢᠯᠭᠠᠯᠲᠠ ᠬᠦᠯᠢᠶᠡᠬᠦ ᠦᠢᠯᠡᠴᠢᠯᠡᠭᠡ᠂ ᠱᠢᠯᠭᠠᠯᠲᠠ᠎ᠶ᠋ᠢᠨ ᠲᠠᠯᠠᠪᠠᠢ᠎ᠶ᠋ᠢᠨ ᠬᠠᠮᠢᠶᠠᠷᠤᠯᠲᠠ᠂ ᠱᠢᠯᠭᠠᠯᠲᠠ᠎ᠶ᠋ᠢᠨ ᠶᠠᠪᠤᠳᠠᠯ᠎ᠤᠨ ᠪᠣᠯᠪᠠᠰᠤᠷᠠᠯ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠵᠡᠷᠭᠡ ᠪᠠᠢᠳᠠᠯ᠎ᠢ ᠨᠠᠷᠢᠨ ᠠᠰᠠᠭᠤᠪᠠ᠃
ᠳᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ᠂ ᠪᠦᠦ ᠭᠠᠩ ᠡᠩ ᠲᠡᠷᠢᠭᠦᠨ᠎ᠳᠦ ᠬᠥᠬᠡᠬᠣᠲᠠ᠎ᠶ᠋ᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠬᠦᠷᠴᠦ᠍᠂ ᠠᠮᠤᠷ ᠲᠦᠪᠰᠢᠨ᠎ᠤ ᠪᠠᠢᠴᠠᠭᠠᠯᠲᠠ᠎ᠶ᠋ᠢᠨ ᠲᠣᠭᠣᠷᠢᠭ᠂ ᠱᠢᠯᠭᠠᠯᠲᠠ᠎ᠶ᠋ᠢᠨ ᠲᠠᠯᠠᠪᠠᠢ᠂ ᠱᠢᠯᠭᠠᠯᠲᠠ᠎ᠶ᠋ᠢᠨ ᠶᠠᠪᠤᠳᠠᠯ᠎ᠤᠨ ᠠᠯᠪᠠᠨ ᠭᠡᠷ᠂ ᠡᠮᠨᠡᠯᠭᠡ᠎ᠶ᠋ᠢᠨ ᠶᠠᠪᠤᠳᠠᠯ᠎ᠤᠨ ᠦᠷᠳᠡᠭᠡ ᠵᠡᠷᠭᠡ ᠲᠠᠯᠠᠪᠤᠷ ᠭᠠᠵᠠᠷ᠎ᠤᠨ ᠲᠤᠬᠠᠢ ᠵᠢᠨ ᠲᠠᠯᠠᠪᠠᠢ᠎ᠳᠤ ᠪᠠᠢᠴᠠᠭᠠᠨ ᠦᠵᠡᠵᠦ᠍᠂ ᠡᠮᠦᠨ᠎ᠡ ᠹᠷᠣᠨᠲ᠎ᠤᠨ ᠠᠵᠢᠯᠲᠠᠳ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠰᠢᠯᠭᠠᠯᠲᠠ ᠬᠦᠯᠢᠶᠡᠬᠦ ᠦᠢᠯᠡᠴᠢᠯᠡᠭᠡ᠂ ᠱᠢᠯᠭᠠᠯᠲᠠ᠎ᠶ᠋ᠢᠨ ᠲᠠᠯᠠᠪᠠᠢ᠎ᠶ᠋ᠢᠨ ᠬᠠᠮᠢᠶᠠᠷᠤᠯᠲᠠ᠂ ᠱᠢᠯᠭᠠᠯᠲᠠ᠎ᠶ᠋ᠢᠨ ᠶᠠᠪᠤᠳᠠᠯ᠎ᠤᠨ ᠪᠣᠯᠪᠠᠰᠤᠷᠠᠯ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠵᠡᠷᠭᠡ ᠪᠠᠢᠳᠠᠯ᠎ᠢ ᠨᠠᠷᠢᠨ ᠠᠰᠠᠭᠤᠪᠠ᠃ ᠳᠠᠷᠠᠭ᠎ᠠ᠎ᠨᠢ ᠸᠠᠩ ᠸᠧᠶ ᠵᠥᠩ᠂ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠱᠢᠯᠭᠠᠯᠲᠠ᠎ᠶ᠋ᠢᠨ ᠬᠦᠷᠢᠶᠡᠯᠡᠩ᠎ᠦᠨ ᠱᠢᠯᠭᠠᠯᠲᠠ᠎ᠶ᠋ᠢᠨ ᠵᠢᠯᠣᠭᠣᠳᠭᠤ ᠲᠥᠪ᠎ᠲᠦ ᠬᠦᠷᠴᠦ᠍᠂ ᠪᠥᠬᠥ᠌ ᠣᠷᠣᠨ᠎ᠤ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠪᠡᠯᠡᠳᠭᠡᠯ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠸᠢᠳᠢᠣ᠋ ᠱᠢᠰᠲ᠋ᠧᠮ᠎ᠢᠶᠡᠷ ᠳᠡᠮᠵᠢᠨ ᠬᠡᠰᠡᠭ ᠠᠢᠮᠠᠭ ᠬᠣᠲᠠ᠎ᠶ᠋ᠢᠨ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠪᠡᠯᠡᠳᠭᠡᠯ᠎ᠤᠨ ᠠᠬᠢᠴᠠ᠎ᠶ᠋ᠢ ᠲᠣᠬᠢᠷᠠᠭᠤᠯᠵᠤ᠂ ᠱᠢᠯᠭᠠᠯᠲᠠ᠎ᠶ᠋ᠢᠨ ᠬᠠᠭᠤᠳᠠᠰᠤ᠎ᠶ᠋ᠢᠨ ᠨᠢᠭᠤᠴᠠ᠎ᠶ᠋ᠢ ᠬᠠᠮᠠᠭᠠᠯᠠᠬᠤ ᠲᠠᠰᠤᠭ᠎ᠤᠨ ᠵᠢᠵᠢᠭᠦᠷᠯᠡᠨ ᠠᠵᠢᠯ᠎ᠤᠨ ᠪᠠᠢᠷᠢ ᠪᠠᠨ ᠰᠠᠬᠢᠵᠤ ᠪᠠᠢᠭ᠎ᠠ ᠪᠠᠢᠳᠠᠯ᠎ᠢ ᠪᠠᠢᠴᠠᠭᠠᠭ᠍ᠰᠠᠨ ᠪᠥᠭᠡᠳ ᠶᠡᠷᠦᠩᠬᠡᠢᠯᠡᠭ᠌ᠰᠡᠨ ᠱᠢᠯᠭᠠᠯᠲᠠ᠎ᠶ᠋ᠢᠨ ᠶᠠᠪᠤᠳᠠᠯ᠎ᠤᠨ ᠬᠠᠮᠢᠶᠠᠷᠤᠯᠲᠠ᠎ᠶ᠋ᠢᠨ ᠲᠠᠪᠴᠠᠩ ᠪᠣᠯᠤᠨ ᠡᠷᠡᠮᠡᠯᠵᠡᠯ ᠲᠠᠭ᠍ᠯᠠᠬᠤ ᠲᠤᠰᠠᠯᠠᠬᠤ ᠱᠢᠰᠲ᠋ᠧᠮ᠎ᠦᠨ ᠠᠵᠢᠯᠯᠠᠭᠠᠨ᠎ᠤ ᠪᠠᠢᠳᠠᠯ᠎ᠢ ᠨᠠᠷᠢᠨ ᠣᠢᠯᠠᠭᠠᠪᠠ᠃ ᠸᠠᠩ ᠸᠧᠢ ᠵᠥᠩ ᠡᠯ᠎ᠡ ᠭᠠᠵᠠᠷ᠎ᠤᠨ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠪᠡᠯᠡᠳᠬᠡᠯ ᠠᠵᠢᠯ᠎ᠢ ᠨᠤᠲᠠᠯᠠᠬᠤ ᠵᠢᠨ ᠬᠠᠮᠳᠦ᠂ ᠤᠯᠤᠰ᠎ᠤᠨ ᠨᠢᠭᠡᠳᠦᠯᠲᠡᠢ ᠰᠢᠯᠭᠠᠯᠲᠠ ᠨᠢ ᠤᠯᠤᠰ᠎ᠤᠨ ᠪᠤᠳᠤᠯᠭ᠎ᠠ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠲᠦᠭ ᠲᠦᠮᠡᠨ ᠠᠢᠯ ᠡᠷᠦᠬᠡ᠎ᠳᠦ ᠬᠣᠯᠪᠣᠭᠳᠠᠵᠤ ᠪᠠᠢᠳᠠᠭ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠤᠯᠤᠰ ᠲᠥᠷᠥ᠎ᠶᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ᠎ᠶᠢ ᠪᠠᠲᠤ ᠪᠣᠶ ᠪᠣᠯᠭᠠᠵᠤ᠂ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠨ᠂ ᠨᠢᠭ᠍ᠲᠠ ᠬᠠᠮᠵᠢᠯᠴᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠢᠯᠭᠠᠯᠲᠠ᠎ᠡᠴᠡ ᠡᠮᠦᠨᠡᠬᠢ ᠰᠢᠯᠭᠠᠯᠲᠠ ᠳᠤᠮᠳᠠᠬᠢ ᠰᠢᠯᠭᠠᠯᠲᠠ ᠵᠢᠨ ᠳᠠᠷᠠᠭᠠᠬᠢ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ ᠬᠡᠷᠡᠭᠲᠡᠢ᠃ ᠰᠢᠯᠭᠠᠯᠲᠠ᠎ᠶᠢᠨ ᠶᠠᠪᠤᠳᠠᠯ᠎ᠤᠨ ᠵᠣᠬᠢᠶᠠᠨ ᠪᠠᠢᠭᠤᠯᠤᠯᠲᠠ᠎ᠶᠢ ᠴᠢᠩᠭ᠎ᠠ ᠨᠢᠮᠪᠠᠢ ᠰᠠᠢᠲᠤᠷ ᠠᠳᠬᠤᠵᠤ᠂ ᠰᠢᠯᠭᠠᠯᠲᠠ᠎ᠶᠢᠨ ᠬᠠᠭᠤᠳᠠᠰᠤ᠎ᠶᠢ ᠵᠥᠭᠡᠭᠡᠪᠦᠷᠢᠯᠡᠬᠦ᠂ ᠬᠠᠳᠠᠭᠠᠯᠠᠨ ᠬᠠᠮᠢᠶᠠᠷᠬᠤ᠂ ᠬᠤᠪᠢᠶᠠᠨ ᠲᠠᠷᠬᠠᠭᠠᠬᠤ ᠵᠡᠷᠭᠡ ᠡᠯ᠎ᠡ ᠵᠦᠢᠯ᠎ᠦᠨ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠰᠢᠯᠭᠠᠯᠲᠠ᠎ᠶᠢᠨ ᠲᠠᠯᠠᠪᠤᠷ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠰᠢᠨ᠎ᠡ ᠮᠡᠷᠭᠡᠵᠢᠯ᠎ᠢ ᠭᠦᠢᠴᠡᠳ ᠠᠰᠢᠭ᠍ᠯᠠᠨ ᠰᠢᠯᠭᠠᠯᠲᠠ᠎ᠳᠤ ᠬᠡᠮ ᠬᠢᠬᠦ᠎ᠶᠢ ᠴᠢᠩᠭ᠎ᠠ ᠰᠡᠷᠭᠡᠢᠯᠡᠵᠦ᠂ ᠰᠢᠯᠭᠠᠯᠲᠠ᠎ᠶᠢᠨ ᠲᠠᠯᠠᠪᠤᠷ᠎ᠤᠨ ᠡᠮᠬᠢ ᠳᠢᠭ᠌ᠯᠢᠮ᠎ᠲᠠᠢ ᠪᠠᠢᠬᠤ᠂ ᠰᠢᠯᠭᠠᠯᠲᠠ᠎ᠶᠢᠨ ᠡᠷᠬᠡ ᠲᠡᠭᠰᠢ ᠲᠥᠪ ᠭᠣᠣᠯᠴᠢ ᠪᠠᠢᠬᠤ᠎ᠶᠢ ᠪᠠᠲᠤᠯᠠᠬᠤ ᠬᠡᠷᠡᠭᠲᠡᠢ᠃ ᠰᠡᠳᠬᠢᠯ ᠲᠠᠯᠪᠢᠨ ᠪᠦᠬᠦ ᠬᠦᠴᠦ ᠪᠡᠷ᠎ᠢᠶᠠᠨ ᠰᠢᠯᠢᠳᠡᠭ ᠰᠠᠢᠨ ᠳᠣᠲᠣᠨᠣ᠌ ᠦᠢᠯᠡᠴᠢᠯᠡᠭᠡ ᠬᠠᠩᠭᠠᠵᠤ᠂ ᠵᠠᠮ ᠬᠠᠷᠢᠯᠴᠠᠭ᠎ᠠ᠎ᠶᠢ ᠬᠠᠮᠢᠶᠠᠷᠤᠨ ᠡᠵᠡᠮᠳᠡᠬᠦ᠂ ᠨᠠᠷᠠᠰᠢᠬᠤ᠎ᠡᠴᠡ ᠰᠡᠷᠭᠡᠢᠯᠡᠵᠦ ᠬᠠᠯᠠᠭᠤᠨ᠎ᠢ ᠪᠠᠭᠤᠷᠠᠭᠤᠯᠬᠤ᠂ ᠱᠤᠤᠭᠢᠶᠠᠨ᠎ᠢ ᠵᠠᠰᠠᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠵᠤ᠂ ᠰᠡᠳᠬᠢᠴᠡ᠎ᠶᠢᠨ ᠵᠢᠯᠣᠭᠣᠳᠤᠯᠭ᠎ᠠ ᠪᠠ ᠰᠤᠶᠤᠯ ᠢᠷᠭᠡᠨᠰᠢᠯ᠎ᠤᠨ ᠬᠠᠯᠠᠮᠵᠢᠯᠠᠯ᠎ᠢ ᠰᠠᠢᠲᠤᠷ ᠬᠢᠵᠦ᠂ ᠦᠢ ᠤᠯᠠᠨ ᠰᠤᠷᠤᠭ᠍ᠴᠢᠳ᠎ᠲᠤ ᠠᠮᠤᠷ ᠲᠦᠪᠰᠢᠨ᠂ ᠲᠠᠭᠠᠯᠠᠮᠵᠢᠲᠠᠢ ᠰᠢᠯᠭᠠᠯᠲᠠ᠎ᠶᠢᠨ ᠣᠷᠴᠢᠨ ᠨᠦᠭᠦᠴᠡᠯ᠎ᠢ ᠪᠤᠢ ᠪᠣᠯᠭᠠᠵᠤ ᠥᠭᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠬᠤ ᠴᠤᠤᠷᠢᠶᠠᠲᠤᠨ ᠲᠠᠭᠠᠬᠤ ᠠᠵᠢᠯ᠎ᠢ ᠲᠡᠭᠦᠰ ᠪᠡᠯᠡᠳᠬᠡᠯ ᠲᠡᠢ ᠰᠠᠢᠲᠤᠷ ᠬᠢᠵᠦ᠂ ᠴᠠᠬᠢᠯᠭᠠᠨ ᠬᠦᠴᠦ᠂ ᠴᠢᠮᠡᠭᠡ ᠬᠣᠯᠪᠣᠭ᠎ᠠ᠂ ᠴᠠᠭ ᠠᠭᠤᠷ ᠵᠡᠷᠭᠡ ᠲᠠᠯ᠎ᠠ᠎ᠶᠢᠨ ᠲᠦᠭᠰᠢᠭᠦᠷᠢ᠎ᠶᠢ ᠰᠤᠳᠤᠯᠤᠨ ᠮᠠᠭᠠᠳᠯᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ ᠪᠣᠯᠣᠨ ᠰᠢᠢᠳᠪᠦᠷᠢᠯᠡᠬᠦ ᠶᠠᠪᠤᠴᠠ᠎ᠶᠢ ᠲᠡᠭᠦᠯᠳᠡᠷᠵᠢᠭᠦᠯᠵᠦ᠂ ᠤᠯᠤᠰ᠎ᠤᠨ ᠨᠢᠭᠡᠳᠦᠯᠲᠡᠢ ᠰᠢᠯᠭᠠᠯᠲᠠ᠎ᠶᠢ ᠨᠥᠯᠥᠭᠡᠯᠡᠬᠦ ᠡᠯ᠎ᠡ ᠲᠦᠷᠦᠯ᠎ᠦᠨ ᠭᠡᠮ ᠰᠣᠭᠣᠭ᠎ᠢ ᠬᠦᠴᠦᠲᠡᠢ ᠪᠦᠲᠦᠮᠵᠢᠲᠡᠢ ᠰᠡᠷᠭᠡᠢᠯᠡᠨ ᠠᠷᠢᠯᠭᠠᠬᠤ ᠬᠡᠷᠡᠭᠲᠡᠢ᠃ ᠰᠢᠯᠭᠠᠯᠲᠠ ᠦᠵᠡᠵᠦ ᠬᠤᠪᠢ ᠦᠭᠬᠦ᠂ ᠡᠷᠡᠮᠡᠯᠵᠡᠯ ᠲᠠᠭᠯᠠᠬᠤ᠂ ᠰᠣᠷᠣᠭ᠍ᠴᠢ ᠡᠯᠰᠡᠬᠦ ᠵᠡᠷᠭᠡ ᠲᠠᠷᠠᠭᠠᠴᠢ᠎ᠶᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠥᠷᠭᠡᠨ ᠣᠯᠠᠨ ᠰᠢᠯᠭᠠᠭᠤᠯᠤᠭ᠍ᠴᠢ᠎ᠶᠢᠨ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠂ ᠬᠥᠮᠥᠨ᠎ᠦ ᠠᠮᠢᠳᠤᠷᠠᠯ᠎ᠤᠨ ᠵᠠᠩᠭᠢᠯᠠᠭ᠎ᠠ᠎ᠶᠢᠨ ᠠᠯᠬᠤᠮ᠎ᠢ ᠰᠠᠢᠲᠤᠷ ᠠᠯᠬᠤᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
ᠱᠢ ᠭᠤᠸᠠᠩ ᠬᠤᠢ᠂ ᠢᠦᠢ ᠬᠤᠢ ᠸᠸᠨ᠂ ᠢᠦᠢ ᠯᠢ ᠰᠢᠨ᠂ ᠰᠦᠬᠡ ᠣᠷᠣᠯᠴᠠᠵᠠᠢ᠃