《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠠᠢᠲᠤᠷ ᠰᠤᠷᠴᠤ᠌ ᠰᠠᠢᠲᠤᠷ ᠬᠡᠷᠡᠭ᠌ᠯᠡᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠷᠣᠱᠢᠨ ᠰᠠᠭᠤᠷᠢᠰᠢᠬᠤ᠎ᠳᠤ ᠲᠤᠬᠢᠷᠠᠮᠵᠢᠲᠠᠢ ᠦᠶ᠋ᠯᠡᠰ ᠪᠤᠰᠬᠠᠬᠤ᠎ᠳᠤ ᠲᠣᠬᠢᠷᠠᠮᠵᠢᠲᠠᠶ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠬᠡᠷᠡᠭᠲᠡᠢ
2026-06-07 11:56:40
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

 6 ᠰᠠᠷ᠎ᠠ᠎ᠶ᠋ᠢᠨ 3 ᠡᠴᠡ 4 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠲᠦᠩᠯᠢᠶᠣᠤ ᠬᠤᠳᠠ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠲᠦᠷᠦᠯ ᠬᠤᠪᠢᠶᠠᠨ ᠲᠦᠷᠦ᠍᠎ᠶ᠋ᠢᠨ ᠪᠤᠳᠤᠯᠭ᠎ᠠ ᠬᠡᠷᠡᠭ᠌ᠵᠢᠭᠦᠯᠬᠦ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠬᠤ᠂ ᠠᠯᠬᠤᠮ ᠲᠠᠷᠠᠭ᠎ᠠ᠎ᠲᠠᠶ᠎ᠪᠠᠷ ᠠᠬᠢᠭᠤᠯᠬᠤ ᠵᠢ ᠪᠠᠷᠢᠮᠳᠠᠯᠠᠵᠤ ᠪᠠᠢᠭᠠᠳ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ ᠦᠢᠯᠡᠰ ᠪᠤᠰᠭᠠᠬᠤ᠎ᠳᠤ ᠲᠣᠬᠢᠷᠠᠮᠵᠢᠲᠠᠢ ᠡᠶ᠎ᠡ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠱᠢ ᠭᠤᠸᠠᠩ ᠬᠤᠢ ᠬᠥᠳᠡᠭᠡ ᠲᠣᠰᠭᠣᠨ᠎ᠤ ᠬᠣᠭ ᠨᠣᠪᠰᠢ᠎ᠶ᠋ᠢ ᠲᠥᠪᠯᠡᠷᠡᠭᠦᠯᠦᠨ ᠲᠠᠯᠪᠢᠬᠤ ᠴᠡᠭ᠂ ᠰᠢᠯᠵᠢᠭᠦᠯᠦᠨ ᠲᠡᠭᠡᠭᠡᠪᠦᠷᠢᠯᠡᠬᠦ᠌ ᠲᠠᠯᠠᠪᠤᠷ ᠥᠷᠲᠡᠭᠡ ᠪᠣᠯᠤᠨ ᠬᠣᠭ ᠨᠣᠪᠰᠢ᠎ᠶ᠋ᠢ ᠱᠢᠲᠠᠭᠠᠨ ᠴᠠᠬᠢᠯᠭᠠᠨ ᠭᠠᠷᠭᠠᠬᠤ ᠦᠶ᠋ᠯᠡᠳᠪᠦᠷᠢ᠎ᠶ᠋ᠢ ᠲᠤᠬᠠᠢ ᠵᠢᠨ ᠭᠠᠵᠠᠷ ᠲᠤᠨᠢ ᠪᠠᠢᠴᠠᠭᠠᠨ ᠦᠵᠡᠵᠦ᠍᠂ ᠬᠣᠷᠢᠶᠠᠨ ᠲᠡᠭᠡᠭᠡᠪᠦᠷᠢᠯᠡᠵᠦ᠍ ᠱᠢᠶ᠋ᠳᠪᠦᠷᠢᠯᠡᠬᠦ᠌ ᠶᠠᠪᠤᠴᠠ᠎ᠶ᠋ᠢ ᠨᠠᠷᠢᠨ ᠤᠢᠯᠠᠭᠠᠭᠰᠠᠨ ᠎ᠤ ᠳᠠᠷᠠᠭ᠎ᠠ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠬᠠᠮᠤᠭ᠎ᠤᠨ ᠪᠠᠭᠤᠷᠠᠶ ᠭᠣᠭ᠍ᠴᠣᠭ᠎ᠠ᠎ᠡᠴᠡ ᠭᠠᠷᠳᠠᠨ᠂ ᠣᠯᠠᠨ ᠲᠦᠮᠡᠨ᠎ᠦ ᠳᠡᠷᠭᠡᠳᠡᠬᠢ ᠣᠷᠴᠢᠨ ᠨᠦᠬᠦᠴᠡᠯ ᠎ᠤᠨ ᠬᠦᠴᠢᠷ ᠠᠰᠠᠭᠤᠳᠠᠯ᠎ᠢ ᠤᠷᠢᠳ᠎ᠢᠶᠠᠷ ᠱᠢᠶ᠋ᠳᠪᠦᠷᠢᠯᠡᠬᠦ᠌ ᠬᠡᠷᠡᠭ᠌ᠲᠡᠶ᠃ 《ᠲᠣᠰᠭᠣᠨ᠎ᠡᠴᠡ ᠬᠤᠷᠢᠶᠠᠬᠤ᠂ ᠪᠠᠯᠭᠠᠰᠤ᠎ᠡᠴᠡ ᠱᠢᠯᠵᠢᠭᠦᠯᠦᠨ ᠲᠡᠭᠡᠭᠡᠪᠦᠷᠢᠯᠡᠬᠦ᠂ ᠱᠢᠶᠠᠨ᠎ᠡᠴᠡ ᠱᠢᠢᠳᠪᠦᠷᠢᠯᠡᠬᠦ᠌》ᠪᠢᠲᠡᠭᠦᠦ ᠬᠡᠯᠬᠢᠶᠡᠲᠤ ᠱᠢᠰᠲᠸᠮ᠎ᠢ ᠪᠦᠷᠢᠨᠱᠢᠬᠦᠯᠵᠤ᠂ ᠴᠡᠭ ᠲᠣᠭ᠍ᠲᠠᠭᠠᠨ ᠬᠤᠷᠢᠶᠠᠬᠤ᠂ ᠲᠣᠭ᠍ᠲᠠᠭ᠍ᠰᠠᠨ ᠴᠠᠭ᠎ᠲᠤ ᠴᠡᠪᠡᠷᠯᠡᠨ ᠲᠡᠭᠡᠭᠡᠪᠦᠷᠢᠯᠡᠬᠦ᠌᠎ᠶ᠋ᠢ ᠪᠡᠶᠡᠯᠡᠭᠦᠯᠵᠦ᠍᠂ ᠬᠥᠳᠡᠭᠡ ᠲᠣᠰᠭᠣᠨ᠎ᠤ ᠤᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠱ᠌ᠢ ᠭᠤᠸᠠᠩ ᠬᠤᠢ ᠪᠠᠰᠠ ᠲᠦᠬᠦᠭᠡᠷᠤᠮᠵᠢᠳᠤ ᠲᠠᠷᠢᠶᠠᠯᠠᠩ᠂ ᠠᠢᠯ ᠲᠣᠰᠭᠣᠨ᠎ᠤ ᠵᠠᠰᠠᠯᠲᠠ᠂ ᠲᠣᠰᠭᠣᠨ᠎ᠤ ᠡᠷᠬᠢᠯᠡᠭ᠌ᠰᠡᠨ ᠠᠵᠤ ᠠᠬᠤᠢᠯᠠᠯ ᠪᠣᠯᠤᠨ ᠨᠠᠰᠤᠲᠠᠢᠴᠤᠳ ᠲᠤ᠌ ᠦᠢᠯᠡᠴᠢᠯᠡᠬᠦ ᠬᠣᠭᠣᠯᠠᠨ ᠭᠡᠷ᠎ᠢ ᠭᠦᠨᠵᠡᠭᠡᠢ ᠪᠠᠢᠴᠠᠭᠠᠨ ᠦᠵᠡᠵᠦ᠍᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠰᠠᠭᠤᠷᠢ ᠲᠦᠭᠦᠭᠡᠷᠦᠮᠵᠢ ᠵᠢᠨ ᠪᠦᠳᠦᠭᠡᠨ ᠪᠠᠢᠭᠤᠯᠤᠯᠲᠠ᠎ᠶ᠋ᠢ ᠲᠡᠰ ᠳᠡᠪᠱᠢᠭᠦᠯᠬᠦ᠌᠂ ᠬᠥᠮᠦᠰ᠎ᠦᠨ ᠣᠷᠣᠨ ᠰᠠᠭᠤᠴᠠ᠎ᠶ᠋ᠢ ᠰᠠᠢᠵᠢᠷᠠᠭᠤᠯᠬᠤ ᠵᠡᠷᠭᠡ ᠪᠠᠢᠳᠠᠯ᠎ᠢ ᠨᠠᠷᠢᠨ ᠤᠢᠯᠠᠭᠠᠬᠤ ᠵᠢᠨ ᠬᠠᠮᠲᠤ᠂ ᠠᠵᠤ ᠦᠢᠯᠡᠰ᠎ᠦᠨ ᠬᠥᠭ᠌ᠵᠢᠯᠲᠡ᠂ ᠣᠷᠴᠢᠨ ᠲᠣᠭᠣᠷᠢᠨ᠎ᠤ ᠴᠡᠭ᠌ᠴᠡᠯᠡᠨ ᠵᠠᠰᠠᠯᠲᠠ ᠪᠣᠯᠤᠨ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠢ ᠰᠠᠢᠲᠤᠷ ᠬᠢᠵᠦ᠍᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠢᠷᠭᠠᠯᠲᠤ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号