— ᠮᠠᠨᠵᠤᠤᠷ ᠪᠣᠭᠣᠮᠲᠠ ᠢ᠋ᠢᠨ ᠨᠠᠮ ᠤ᠋ᠨ ᠬᠣᠷᠢᠶ᠎ᠠ ᠢ᠋ᠢᠨ ᠭᠡᠱᠢᠭᠦᠨ᠂ ᠳᠡᠳ᠋ ᠪᠣᠭᠣᠮᠲᠠ ᠢ᠋ᠢᠨ ᠳᠠᠷᠤᠭ᠎ᠠ ᠸᠠᠩ ᠸᠧᠶ ᠢ᠋ᠢ ᠰᠤᠷᠪᠤᠯᠵᠢᠯᠠᠭᠰᠠᠨ ᠨᠢ
ᠮᠠᠨᠵᠤᠤᠷ ᠤ᠋ᠨ ᠬᠡᠰᠡᠭ ᠨᠢ ᠭᠠᠳᠠᠭᠠᠳᠤ ᠡᠴᠡ ᠣᠷᠣᠭᠤᠯᠤᠭ᠍ᠰᠠᠨ ᠡᠬᠢ ᠪᠠᠶᠠᠯᠢᠭ ᠢ᠋ ᠰᠠᠭᠤᠷᠢᠱᠢᠭᠤᠯᠤᠨ ᠡᠳ᠋ᠱᠢᠭᠦᠯᠬᠦ᠌᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡᠨ᠂ ᠬᠢᠯᠢ ᠵᠢᠨ ᠪᠣᠭᠣᠮᠲᠠ ᠢ᠋ᠢᠨ ᠦᠶ᠋ᠯᠡᠴᠢᠯᠡᠭᠡ ᠵᠡᠷᠭᠡ ᠣᠨᠴᠠᠯᠢᠭ᠍ᠲᠤ ᠠᠵᠤ ᠦᠶ᠋ᠯᠡᠰ ᠢ᠋ ᠭᠤᠤᠯᠳᠠᠯᠭ᠎ᠠ ᠲᠠᠢ ᠬᠥᠭ᠌ᠵᠢᠭᠦᠯᠵᠦ᠍᠂ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ ᠢ᠋ ᠨᠦᠯᠦᠭᠡᠯᠡᠭᠰᠡᠨ ᠴᠢᠬᠤᠯᠠ ᠴᠣᠩᠬᠤᠪᠴᠢ ᠪᠠ ᠳᠤᠮᠳᠠᠳᠤ ᠣᠷᠣᠰ ᠮᠣᠩᠭᠣᠯ ᠤ᠋ᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠬᠤᠯᠠ ᠲᠠᠪᠴᠠᠩ ᠢ᠋ ᠪᠠᠢᠭᠤᠯᠤᠨ᠎ᠠ᠃
— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠢ ᠲᠥᠰᠦᠯ》ᠡᠴᠡ ᠡᠰᠢᠯᠡᠪᠠ
《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭ᠍ᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ) ᠳ᠋ᠤ ᠲᠣᠳᠣᠷᠬᠠᠢᠯᠠᠭ᠍ᠰᠠᠨ ᠣᠷᠣᠨ ᠪᠠᠢᠷᠢ ᠢ᠋ᠢᠨ ᠪᠠᠢᠷᠢᠱᠢᠭᠤᠯᠤᠯᠲᠠ ᠢ᠋ᠢ ᠦᠨᠳᠦᠰᠦᠯᠡᠪᠡᠯ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠨᠢ ᠬᠥᠬᠡᠬᠣᠲᠠ᠂ ᠮᠠᠨᠵᠤᠤᠷ᠂ ᠡᠷᠢᠶᠡᠨ ᠬᠣᠲᠠ ᠭᠤᠷᠪᠠᠨ ᠬᠡᠰᠡᠭ ᠢ᠋ ᠬᠠᠮᠤᠷᠴᠠᠶ᠃ 《ᠶᠡᠷᠦᠩᠬᠡᠶ ᠲᠥᠰᠦᠯ》 ᠤ᠋ᠨ ᠡᠯ᠎ᠡ ᠵᠦᠶ᠋ᠯ ᠤ᠋ᠨ ᠥᠭᠡᠷᠡᠴᠢᠯᠡᠯᠲᠡ ᠢ᠋ᠢᠨ ᠡᠭᠦᠷᠭᠡ ᠢ᠋ᠢ ᠬᠡᠷᠬᠢᠨ ᠲᠦᠷᠭᠡᠳᠭᠡᠨ ᠨᠠᠢᠳᠠᠪᠤᠷᠢᠵᠢᠭᠤᠯᠵᠤ᠂ ᠮᠠᠨᠵᠤᠤᠷ ᠤ᠋ᠨ ᠬᠡᠰᠡᠭ ᠤ᠋ᠨ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ ᠢ᠋ ᠨᠦᠯᠦᠭᠡᠯᠡᠭᠰᠡᠨ ᠴᠢᠬᠤᠯᠠ ᠴᠤᠩᠬᠤᠪᠴᠢ᠂ ᠳᠤᠮᠳᠠᠳᠤ ᠣᠷᠣᠰ ᠮᠣᠩᠭᠣᠯ ᠤ᠋ᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠬᠤᠯᠠ ᠲᠠᠪᠴᠠᠩ ᠤ᠋ᠨ ᠪᠠᠢᠭᠤᠯᠤᠯᠳᠠ ᠳ᠋ᠤ ᠬᠡᠷᠬᠢᠨ ᠬᠦᠴᠦᠨ ᠨᠡᠮᠡᠷᠢᠯᠡᠬᠦ ᠲᠤᠬᠠᠶ ᠰᠤᠷᠪᠤᠯᠵᠢᠯᠠᠭ᠍ᠴᠢ ᠮᠠᠨᠵᠤᠤᠷ ᠪᠣᠭᠣᠮᠲᠠ ᠢ᠋ᠢᠨ ᠨᠠᠮ ᠤ᠋ᠨ ᠬᠤᠷᠢᠶ᠎ᠠ ᠢ᠋ᠢᠨ ᠭᠡᠱᠢᠭᠦᠨ᠂ ᠳᠡᠳ᠋ ᠪᠣᠭᠣᠮᠲᠠ ᠢ᠋ᠢᠨ ᠳᠠᠷᠤᠭ᠎ᠠ ᠸᠠᠩ ᠸᠧᠶ ᠢ᠋ᠢ ᠰᠤᠷᠪᠤᠯᠵᠢᠯᠠᠪᠠ᠃
ᠸᠠᠩ ᠸᠧᠶ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠵᠥᠪᠱᠢᠶᠡᠷᠡᠭ᠌ᠳᠡᠭ᠌ᠰᠡᠨ ᠡᠴᠡ ᠨᠠᠭᠠᠰᠢ᠂ ᠮᠠᠨᠵᠤᠤᠷ ᠪᠣᠭᠣᠮᠲᠠ ᠢ᠋ᠢᠨ ᠬᠢᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠢ᠋ᠢᠨ ᠲᠤᠬᠠᠶ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠪᠠ ᠪᠣᠭᠣᠮᠲᠠ ᠢ᠋ᠢᠨ ᠶᠡᠷᠦᠩᠬᠡᠶ ᠵᠠᠬᠢᠷᠭ᠎ᠠ ᠢ᠋ᠢᠨ ᠨᠠᠮ ᠤ᠋ᠨ ᠬᠤᠷᠢᠶ᠎ᠠ ᠵᠢᠨ ᠠᠯᠢ ᠣᠯᠠᠨ ᠵᠢᠭᠠᠪᠤᠷᠢ ᠢ᠋ᠢᠨ ᠱᠠᠭᠠᠷᠳᠠᠯᠭ᠎ᠠ ᠢ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠣᠭᠣᠮᠲᠠ ᠢ᠋ᠢᠨ ᠡᠭᠦᠷᠭᠡ ᠴᠢᠳᠠᠪᠤᠷᠢ ᠪᠠ ᠮᠠᠨᠵᠤᠤᠷ ᠤ᠋ᠨ ᠬᠡᠰᠡᠭ ᠤ᠋ᠨ ᠭᠤᠤᠯ ᠡᠭᠦᠷᠭᠡ ᠳ᠋ᠤ ᠰᠠᠭᠤᠷᠢᠯᠠᠵᠤ᠂ ᠲᠡᠷᠡ ᠬᠡᠪ ᠵᠢᠡᠷ ᠨᠢ ᠲᠠᠯᠬᠡᠷᠡᠬᠦᠯᠬᠦ ᠪᠡᠷ ᠤᠷᠢᠳᠠᠴᠢ ᠪᠤᠯᠭᠠᠨ᠂ ᠤᠮᠠᠷᠠᠰᠢ ᠨᠡᠭᠡᠭᠡᠯᠲᠡ ᠬᠢᠬᠦ᠌ ᠳ᠋ᠤ ᠦᠢᠯᠡᠴᠢᠯᠡᠬᠦ ᠪᠡᠷ ᠲᠦᠷᠢᠮ ᠤ᠋ᠨ ᠱᠢᠨ᠎ᠡ ᠢ᠋ᠢ ᠡᠭᠦᠳᠬᠦ᠌ ᠢ᠋ᠢᠨ ᠭᠤᠤᠯ ᠬᠠᠷᠠᠯᠲᠠ ᠪᠣᠯᠭᠠᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢᠨ ᠪᠥᠲᠥᠭᠡᠨ ᠪᠠᠢᠭᠤᠯᠤᠯᠲᠠ ᠳ᠋ᠤ ᠪᠥᠬᠥ᠌ ᠬᠦᠴᠦᠨ ᠢ᠋ᠢᠡᠷ ᠢ᠋ᠢᠡᠨ ᠦᠶ᠋ᠯᠡᠴᠢᠯᠡᠭᠰᠡᠨ ᠶᠤᠮ ᠭᠡᠵᠤ ᠢᠯᠡᠷᠬᠡᠢᠯᠡᠪᠠ᠃
ᠪᠣᠭᠣᠮᠲᠠ ᠪᠡᠷ ᠥᠩᠭᠡᠷᠡᠬᠦᠯᠬᠦ ᠢ᠋ᠢ ᠳᠥᠭᠥᠮᠴᠢᠯᠡᠬᠦ᠌ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠪᠠ᠃ 《ᠬᠢᠯᠢ ᠢ᠋ᠢᠨ ᠭᠠᠳᠠᠨ᠎ᠠ + ᠬᠢᠯᠢ ᠪᠡᠷ ᠣᠷᠣᠬᠤ + ᠵᠠᠮ ᠳ᠋ᠠᠭᠠᠨ + ᠲᠡᠭᠡᠭᠡᠪᠦᠷᠢᠯᠡᠨ ᠬᠦᠷᠬᠦ᠌》 16 ᠵᠦᠶ᠋ᠯ ᠤ᠋ᠨ ᠦᠶ᠋ᠯᠡᠴᠢᠯᠡᠭᠡᠨ ᠤ᠋ ᠪᠠᠲᠤᠯᠠᠭ᠎ᠠ ᠢ᠋ᠢᠨ ᠠᠷᠭ᠎ᠠ ᠬᠡᠮᠵᠢᠶ᠎ᠡ ᠢ᠋ᠢ ᠨᠠᠢᠳᠠᠪᠤᠷᠢᠵᠢᠭᠤᠯᠵᠤ᠂ TIR ᠣᠯᠠᠨ ᠤᠯᠤᠰ ᠤ᠋ᠨ ᠵᠠᠰᠠᠮᠠᠯ ᠵᠠᠮ ᠤ᠋ᠨ ᠲᠡᠭᠡᠭᠡᠪᠦᠷᠢ ᠢ᠋ᠢᠨ ᠬᠢᠨᠠᠯᠲᠠ ᠬᠠᠮᠢᠶᠠᠷᠤᠯᠲᠠ ᠢ᠋ᠢᠨ ᠵᠠᠭ᠍ᠪᠤᠷ ᠢ᠋ ᠱᠢᠯᠢᠳᠡᠭ᠌ᠵᠢᠭᠦᠯᠦᠨ᠂ ᠪᠣᠭᠣᠮᠲᠠ ᠪᠡᠷ ᠥᠩᠭᠡᠷᠡᠬᠦᠯᠬᠦ ᠪᠠᠷᠠᠭ᠎ᠠ ᠢ᠋ᠢ 《ᠬᠦᠯᠢᠶᠡᠯᠬᠡᠬᠦ᠌ ᠥᠬᠡᠶ》 ᠪᠠᠢᠬᠤ ᠢ᠋ᠢ ᠪᠡᠶᠡᠯᠡᠭᠦᠯᠵᠦ᠍᠂ ᠠᠵᠤ ᠠᠬᠤᠢᠯᠠᠯ ᠳ᠋ᠤ ᠳᠥᠭᠥᠮ ᠳᠥᠲᠡ᠂ ᠰᠠᠭᠠᠳ ᠥᠬᠡᠶ ᠪᠡᠷ ᠪᠣᠭᠣᠮᠲᠠ ᠪᠡᠷ ᠥᠩᠭᠡᠷᠡᠬᠦᠯᠬᠦ ᠪᠠᠲᠤᠯᠠᠭ᠎ᠠ ᠬᠠᠩᠭᠠᠪᠠ᠃ ᠲᠦᠷᠦᠭᠦᠦ 4 ᠰᠠᠷ᠎ᠠ ᠳ᠋ᠤ᠂ ᠮᠠᠨᠵᠤᠤᠷ ᠤ᠋ᠨ ᠵᠠᠰᠠᠮᠠᠯ ᠵᠠᠮ ᠤ᠋ᠨ ᠬᠢᠯᠢ ᠵᠢᠨ ᠪᠣᠭᠣᠮᠲᠠ ᠪᠡᠷ ᠥᠩᠭᠡᠷᠡᠭᠰᠡᠨ TIR ᠣᠯᠠᠨ ᠤᠯᠤᠰ ᠤ᠋ᠨ ᠵᠠᠰᠠᠮᠠᠯ ᠵᠠᠮ ᠤ᠋ᠨ ᠲᠡᠭᠡᠭᠡᠪᠦᠷᠢ ᠢ᠋ᠢᠨ ᠲᠡᠷᠭᠡ 1298 ᠪᠠᠢᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 2.4 ᠳᠠᠬᠢᠨ ᠨᠡᠮᠡᠭ᠌ᠳᠡᠵᠦ᠍᠂ ᠪᠥᠬᠥ᠌ ᠤᠯᠤᠰ ᠤ᠋ᠨ 70% ᠢ᠋ᠢ ᠳᠠᠪᠠᠪᠠ᠃ ᠮᠠᠨᠵᠤᠤᠷ ᠬᠢᠯᠢ ᠵᠢᠨ ᠪᠣᠭᠣᠮᠲᠠ ᠳ᠋ᠤ ᠪᠠᠰᠠ ᠣᠶᠤᠨᠴᠢ ᠬᠢᠨᠠᠯᠲᠠ ᠬᠠᠮᠢᠶᠠᠷᠤᠯᠲᠠ ᠢ᠋ᠢᠨ ᠬᠡᠯᠬᠢᠶ᠎ᠡ ᠢ᠋ᠢ ᠤᠷᠲᠤᠳᠭᠠᠵᠤ ᠪᠠᠢᠨ᠎ᠠ᠃
ᠴᠢᠨᠠᠷ ᠰᠠᠢᠲᠠᠢ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠢ᠋ᠢ ᠠᠬᠢᠭᠤᠯᠪᠠ᠃ ᠣᠷᠣᠰ᠂ ᠮᠣᠩᠭᠣᠯᠯᠤᠭᠠ ᠬᠢᠵᠢᠭ ᠪᠠᠢᠴᠠᠭᠠᠵᠤ ᠵᠥᠪᠱᠢᠶᠡᠷᠡᠨ ᠣᠷᠣᠭᠤᠯᠬᠤ ᠬᠠᠮᠲᠤᠷᠠᠯᠴᠠᠭ᠎ᠠ ᠥᠷᠨᠢᠭᠦᠯᠵᠦ᠍᠂ ᠣᠷᠣᠰ ᠤ᠋ᠨ ᠬᠠᠷ᠎ᠠ ᠪᠣᠭᠣᠳᠠᠶ ᠢ᠋ᠢᠨ ᠭᠤᠯᠢᠷ᠂ ᠭᠠᠬᠠᠶ ᠢ᠋ᠢᠨ ᠮᠢᠬ᠎ᠠ ᠵᠡᠷᠭᠡ 6 ᠲᠥᠷᠥᠯ ᠵᠢᠴᠢ ᠮᠣᠩᠭᠣᠯ ᠤᠯᠤᠰ ᠤ᠋ᠨ ᠵᠦᠭᠡᠢ ᠢ᠋ᠢᠨ ᠪᠠᠯ ᠢ᠋ ᠵᠥᠪᠱᠢᠶᠡᠷᠡᠨ ᠣᠷᠣᠭᠤᠯᠬᠤ ᠢ᠋ᠢ ᠠᠬᠢᠭᠤᠯᠤᠨ᠂ ᠳᠤᠮᠳᠠᠳᠤ ᠣᠷᠣᠰ ᠮᠣᠩᠭᠣᠯ ᠤ᠋ᠨ ᠠᠷᠠᠯᠵᠢᠶᠠᠨ ᠤ᠋ ᠬᠠᠮᠲᠤᠷᠠᠯᠴᠠᠭ᠎ᠠ ᠢ᠋ᠢᠨ ᠬᠦᠷᠢᠶ᠎ᠡ ᠴᠠᠷᠠᠭ᠎ᠠ ᠢ᠋ᠢ ᠥᠷᠭᠡᠳᠭᠡᠪᠡ᠃ ᠲᠦᠷᠦᠭᠦᠦ 4 ᠰᠠᠷ᠎ᠠ ᠳ᠋ᠤ᠂ ᠮᠠᠨᠵᠤᠤᠷ ᠬᠢᠯᠢ ᠵᠢᠨ ᠪᠣᠭᠣᠮᠲᠠ ᠢ᠋ᠢᠨ ᠭᠠᠳᠠᠭᠠᠳᠤ ᠡᠴᠡ ᠣᠷᠣᠭᠤᠯᠤᠭ᠍ᠰᠠᠨ ᠠᠮᠤ ᠪᠤᠳᠠᠭ᠎ᠠ᠂ ᠢᠳᠡᠬᠡᠨ ᠤ᠋ ᠤᠷᠭᠤᠮᠠᠯ ᠤ᠋ᠨ ᠲᠣᠰᠣ ᠵᠡᠷᠭᠡ ᠪᠦᠲᠦᠭᠡᠭᠳᠡᠬᠦᠨ 52.4 ᠲᠦᠮᠡᠨ ᠲᠣᠨ᠂ ᠪᠠᠷᠠᠭᠠᠨ ᠤ᠋ ᠥᠷᠲᠡᠭ 28.6 ᠳ᠋ᠦᠩᠱᠢᠭᠤᠷ ᠲᠥᠭᠥᠷᠢᠭ ᠲᠦ᠍ ᠬᠦᠷᠴᠦ᠂ ᠭᠠᠳᠠᠭᠠᠳᠤ ᠳ᠋ᠤ ᠭᠠᠷᠭᠠᠭ᠍ᠰᠠᠨ ᠵᠢᠮᠢᠰ ᠢᠳᠡᠱᠢᠨ ᠨᠣᠭᠣᠭ᠎ᠠ 12.3 ᠲᠦᠮᠡᠨ ᠲᠣᠨ᠂ ᠪᠠᠷᠠᠭᠠᠨ ᠤ᠋ ᠥᠷᠲᠡᠭ 9.2 ᠳ᠋ᠦᠩᠱᠢᠭᠤᠷ ᠲᠥᠭᠥᠷᠢᠭ ᠲᠤ᠌ ᠬᠦᠷᠴᠡᠶ᠃
ᠬᠢᠯᠢ ᠢ᠋ᠢᠨ ᠠᠷᠠᠳ ᠤ᠋ᠨ ᠵᠠᠬ᠎ᠠ ᠢ᠋ᠢᠨ ᠠᠷᠠᠯᠵᠢᠶᠠᠨ ᠤ᠋ ᠱᠢᠨ᠎ᠡ ᠢ᠋ᠢ ᠡᠭᠦᠳᠦᠨ ᠬᠥᠭ᠌ᠵᠢᠭᠦᠯᠪᠠ᠃ ᠬᠢᠯᠢ ᠢ᠋ᠢᠨ ᠠᠷᠠᠳ ᠤ᠋ᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ ᠤ᠋ᠨ ᠠᠷᠠᠯᠵᠢᠶ᠎ᠠ ᠢ᠋ᠢᠨ ᠭᠠᠳᠠᠭᠠᠳᠤ ᠡᠴᠡ ᠣᠷᠣᠭᠤᠯᠤᠭ᠍ᠰᠠᠨ ᠪᠠᠷᠠᠭ᠎ᠠ ᠲᠠᠸᠠᠷ ᠲᠦ᠍ ᠲᠠᠰ ᠳᠠᠪᠬᠤᠷᠭ᠎ᠠ ᠬᠤᠪᠢᠶᠠᠨ ᠪᠠᠢᠴᠠᠭᠠᠨ ᠱᠢᠯᠭᠠᠬᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠢ᠋ᠢ ᠬᠡᠷᠡᠭ᠌ᠵᠢᠭᠦᠯᠵᠦ᠍᠂ 《ᠨᠠᠢᠳᠠᠨ ᠭᠤᠶᠤᠴᠢᠯᠠᠨ ᠮᠡᠳᠡᠭᠦᠯᠬᠦ᠌ + ᠱᠢᠭᠤᠳ ᠨᠡᠪᠲᠡᠷᠡᠬᠦ᠌ ᠲᠡᠭᠡᠭᠡᠪᠦᠷᠢ + ᠮᠠᠱᠢᠨ ᠢ᠋ᠢᠡᠷ ᠪᠠᠢᠴᠠᠭᠠᠨ ᠱᠢᠯᠭᠠᠬᠤ》 ᠳᠥᠭᠥᠮ ᠳᠥᠲᠡ ᠪᠣᠭᠣᠮᠲᠠ ᠪᠡᠷ ᠥᠩᠭᠡᠷᠡᠭᠦᠯᠬᠦ᠌ ᠵᠠᠭ᠍ᠪᠤᠷ ᠢ᠋ ᠳᠡᠯᠭᠡᠷᠡᠭᠦᠯᠦᠨ᠂ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ ᠤ᠋ᠨ ᠠᠷᠠᠯᠵᠢᠶ᠎ᠠ ᠢ᠋ᠢ ᠲᠥᠬᠥᠮ ᠲᠦᠳᠡ ᠠᠷᠠᠯᠵᠢᠶ᠎ᠠ ᠮᠠᠢᠮᠠᠢ ᠡᠴᠡ ᠡᠳ᠋ᠱᠢᠭᠦᠯᠤᠨ ᠪᠤᠯᠪᠠᠰᠤᠷᠠᠭᠤᠯᠵᠤ ᠥᠷᠲᠡᠭ ᠨᠡᠮᠡᠭ᠌ᠳᠡᠭᠦᠯᠬᠦ᠌ ᠳᠠᠢᠰᠢ ᠬᠡᠯᠪᠡᠷᠢ ᠪᠡᠨ ᠬᠤᠪᠢᠷᠠᠭᠤᠯᠬᠤ ᠢ᠋ᠢ ᠪᠦᠲᠦᠮᠵᠢᠲᠡᠶ ᠠᠬᠢᠭᠤᠯᠵᠤ᠂ ᠬᠢᠯᠢ ᠬᠢᠵᠠᠭᠠᠷ ᠣᠷᠣᠨ ᠢ᠋ ᠬᠥᠭ᠌ᠵᠢᠭᠦᠯᠦᠨ ᠠᠷᠠᠳ ᠢ᠋ ᠪᠠᠶᠠᠵᠢᠭᠤᠯᠬᠤ ᠳ᠋ᠤ ᠬᠦᠴᠦᠨ ᠨᠡᠮᠡᠷᠢᠯᠡᠪᠠ᠃ ᠲᠦᠷᠦᠭᠦᠦ 4 ᠰᠠᠷ᠎ᠠ ᠳ᠋ᠤ᠂ ᠮᠠᠨᠵᠤᠤᠷ ᠪᠣᠭᠣᠮᠲᠠ ᠢ᠋ᠢᠨ ᠪᠣᠭᠣᠮᠲᠠ ᠢ᠋ᠢᠨ ᠣᠷᠣᠨ ᠤ᠋ ᠵᠠᠬ᠎ᠠ ᠢ᠋ᠢᠨ ᠠᠷᠠᠯᠵᠢᠶᠠᠨ ᠤ᠋ ᠬᠡᠮᠵᠢᠶ᠎ᠠ 2.1 ᠳ᠋ᠦᠩᠱᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 81% ᠪᠡᠷ ᠨᠡᠮᠡᠭ᠌ᠳᠡᠪᠡ᠃ ᠡᠭᠦᠨ ᠳ᠋ᠤ ᠰᠠᠭᠤᠷᠢᠰᠢᠭᠤᠯᠤᠨ ᠡᠳ᠋ᠱᠢᠭᠦᠯᠬᠦ ᠠᠷᠠᠯᠵᠢᠶᠠᠨ ᠤ᠋ ᠬᠡᠮᠵᠢᠶ᠎ᠠ 1.1 ᠳ᠋ᠦᠩᠱᠢᠭᠤᠷ ᠲᠥᠭᠥᠷᠢᠭ ᠲᠤ᠌ ᠬᠦᠷᠴᠦ᠍᠂ 52.4% ᠢ᠋ᠢ ᠡᠵᠡᠯᠡᠪᠡ᠃
ᠱᠢᠨ᠎ᠡ ᠬᠡᠯᠪᠡᠷᠢ ᠢ᠋ᠢᠨ ᠠᠷᠠᠯᠵᠢᠶᠠᠨ ᠤ᠋ ᠡᠵᠡᠩᠨᠡᠯᠲᠡ ᠢ᠋ᠢᠨ ᠬᠡᠯᠪᠡᠷᠢ ᠢ᠋ᠢᠨ ᠬᠥᠭ᠌ᠵᠢᠯᠲᠡ ᠢ᠋ᠢ ᠲᠡᠮᠵᠢᠪᠠ᠃ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠬᠢᠨᠠᠯᠲᠠ ᠬᠠᠮᠢᠶᠠᠷᠤᠯᠲᠠ ᠢ᠋ᠢᠨ ᠵᠠᠭ᠍ᠪᠤᠷ ᠢ᠋ ᠱᠢᠯᠢᠳᠡᠭ᠌ᠵᠢᠭᠦᠯᠵᠦ᠍᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠵᠢᠵᠢᠭ᠌ᠯᠡᠨ ᠪᠣᠷᠣᠯᠠᠭᠤᠯᠬᠤ ᠭᠠᠳᠠᠭᠠᠳᠤ ᠭᠠᠷᠭᠠᠯᠲᠠ ᠢ᠋ᠢᠨ ᠪᠣᠭᠣᠮᠲᠠ ᠠᠯᠤᠰᠯᠠᠭ᠍ᠰᠠᠨ ᠣᠷᠣᠨ ᠳ᠋ᠤ ᠪᠠᠷᠠᠭ᠎ᠠ ᠪᠤᠴᠠᠭᠠᠬᠤ ᠢ᠋ᠢ ᠳᠡᠮᠵᠢᠵᠦ᠍᠂ 《ᠤᠨᠳᠤᠤ ᠭᠠᠵᠠᠷ ᠲᠦ᠍ ᠪᠠᠷᠠᠭ᠎ᠠ ᠴᠤᠭ᠍ᠯᠠᠭᠤᠯᠬᠤ + ᠬᠢᠯᠢ ᠵᠢᠨ ᠪᠣᠭᠣᠮᠲᠠ ᠪᠡᠷ ᠱᠢᠭᠤᠳ ᠨᠡᠪᠲᠡᠷᠡᠬᠦ᠌》 ᠪᠠ 《ᠭᠠᠳᠠᠭᠠᠳᠤ ᠭᠠᠷᠭᠠᠯᠲᠠ ᠢ᠋ᠢᠨ ᠨᠢᠭᠡ ᠥᠷᠲᠡᠭᠡ ᠮᠠᠶᠢᠭ ᠤ᠋ᠨ ᠬᠠᠷᠢᠯᠴᠠᠨ ᠲᠡᠭᠡᠭᠡᠪᠦᠷᠢᠯᠡᠬᠦ》 ᠬᠢᠨᠠᠯᠲᠠ ᠬᠠᠮᠢᠶᠠᠷᠤᠯᠲᠠ ᠢ᠋ᠢᠨ ᠠᠷᠭ᠎ᠠ ᠬᠡᠮᠵᠢᠶ᠎ᠡ ᠢ᠋ᠢ ᠱᠢᠨ᠎ᠡ ᠢ᠋ᠢ ᠡᠭᠦᠳᠦᠨ ᠬᠡᠷᠡᠭᠵᠢᠭᠦᠯᠪᠠ᠃ ᠢᠩᠬᠢᠬᠡᠳ ᠲᠦᠷᠦᠭᠦᠦ 4 ᠰᠠᠷ᠎ᠠ ᠳ᠋ᠤ᠂ ᠮᠠᠨᠵᠤᠤᠷ ᠪᠣᠭᠣᠮᠲᠠ ᠢ᠋ᠢᠨ ᠪᠤᠭᠤᠮᠳᠠ ᠵᠢᠨ ᠤᠷᠤᠨ ᠤ᠋ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠢ᠋ᠢᠨ ᠬᠡᠮᠵᠢᠶ᠎ᠠ 35.9 ᠳ᠋ᠦᠩᠱᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 17.9 ᠳᠠᠬᠢᠨ ᠨᠡᠮᠡᠭ᠌ᠳᠡᠪᠡ᠃
《ᠲᠠᠷᠠᠭᠠᠴᠢ ᠪᠡᠷ ᠮᠠᠨᠵᠤᠤᠷ ᠪᠣᠭᠣᠮᠲᠠ ᠢ᠋ᠢᠨ ᠬᠢᠨ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠪᠡᠷ ᠬᠥᠲᠥᠯᠦᠮᠵᠢ ᠪᠣᠯᠭᠠᠵᠤ᠂ 〈ᠰᠠᠭᠠᠳ ᠥᠬᠡᠶ ᠨᠡᠪᠲᠡᠷᠡᠬᠦ᠌ ᠢ᠋ᠢ ᠪᠠᠲᠤᠯᠠᠬᠤ᠂ ᠲᠣᠭ᠍ᠲᠠᠭᠤᠨ ᠢ᠋ ᠪᠠᠲᠤᠯᠠᠬᠤ᠂ ᠠᠮᠤᠷ ᠲᠦᠪᠱᠢᠨ ᠢ᠋ ᠪᠠᠲᠤᠯᠠᠬᠤ〉 ᠬᠠᠷᠠᠯᠲᠠ ᠳ᠋ᠤ ᠠᠩᠬᠠᠷᠤᠯ ᠵᠢᠡᠨ ᠲᠦᠪᠯᠡᠷᠡᠬᠦᠯᠦᠨ᠂ 〈ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ᠌᠂ ᠴᠢᠳᠠᠮᠵᠢ ᠢ᠋ᠢ ᠱᠢᠯᠢᠳᠡᠭ᠌ᠵᠢᠭᠦᠯᠬᠦ᠌᠂ ᠲᠥᠷᠥ ᠢ᠋ᠢᠨ ᠪᠣᠳᠣᠯᠭ᠎ᠠ ᠢ᠋ᠢ ᠱᠢᠯᠢᠳᠡᠭ᠌ᠵᠢᠭᠦᠯᠬᠦ᠌〉 ᠵᠠᠮ ᠢ᠋ᠢᠡᠷ ᠰᠠᠢᠲᠤᠷ ᠵᠠᠮᠨᠠᠵᠤ᠂ ᠥᠭᠡᠷᠡᠴᠢᠯᠡᠯᠲᠡ ᠢ᠋ᠢᠨ ᠲᠤᠷᠱᠢᠯᠭ᠎ᠠ ᠵᠢ ᠲᠡᠷᠡ ᠬᠡᠪ ᠵᠢᠡᠷ ᠨᠢ ᠲᠠᠯᠬᠡᠷᠡᠬᠦᠯᠬᠦ ᠪᠠ ᠴᠢᠯᠥᠭᠡᠲᠦ ᠠᠷᠠᠯᠵᠢᠶᠠᠨ ᠤ᠋ ᠲᠦᠷᠢᠮ ᠤ᠋ᠨ ᠱᠢᠨ᠎ᠡ ᠢ᠋ᠢ ᠡᠭᠦᠳᠬᠦ᠌ ᠬᠤᠤᠰ ᠴᠢᠭ᠌ᠯᠡᠯ ᠢ᠋ᠢᠡᠷ ᠬᠦᠴᠦᠯᠡᠬᠦ᠌ ᠢ᠋ᠢ ᠪᠠᠷᠢᠮᠲᠠᠯᠠᠨ᠂ ᠤᠯᠠᠮᠵᠢᠯᠠᠯᠲᠤ ᠨᠡᠪᠲᠡᠷᠡᠯ ᠵᠠᠮ ᠤ᠋ᠨ ᠬᠢᠯᠢ ᠵᠢᠨ ᠪᠣᠭᠣᠮᠲᠠ ᠢ᠋ᠢ ᠣᠳᠣᠬᠢᠴᠢᠯᠠᠭ᠍ᠰᠠᠨ ᠣᠯᠠᠨ ᠤᠯᠤᠰ ᠤ᠋ᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠶ᠋ᠰᠦ ᠲᠡᠢᠰᠢ ᠬᠤᠪᠢᠷᠠᠭᠤᠯᠬᠤ ᠢ᠋ᠢ ᠠᠬᠢᠭᠤᠯᠤᠨ᠎ᠠ᠃ ᠤᠯᠤᠰ ᠤ᠋ᠨ ᠡᠭᠦᠳᠡ ᠢ᠋ᠢᠨ ᠠᠮᠤᠷ ᠲᠦᠪᠱᠢᠨ ᠬᠢᠭᠡᠳ ᠪᠣᠭᠣᠮᠲᠠ ᠪᠡᠷ ᠥᠩᠭᠡᠷᠡᠬᠦ᠌ ᠳ᠋ᠤ ᠲᠥᠬᠥᠮ ᠦᠵᠡᠭᠦᠯᠬᠦ᠌ ᠢ᠋ᠢ ᠨᠢᠭᠡᠳᠦᠯᠲᠡᠶ ᠲᠥᠯᠥᠪᠵᠢᠭᠦᠯᠤᠨ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠡᠷ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠳ᠋ᠤ ᠦᠶ᠋ᠯᠡᠴᠢᠯᠡᠵᠦ᠍᠂ ᠥᠪᠥᠷ ᠮᠣᠩᠭᠣᠯ ᠤ᠋ᠨ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠴᠣᠭ᠍ᠴᠠᠯᠠᠬᠤ᠂ ᠥᠨᠳᠥᠷ ᠲᠦᠪᠱᠢᠨ ᠪᠦᠬᠦᠢ ᠨᠡᠭᠡᠭᠡᠯᠲᠠ ᠪᠠ ᠴᠢᠨᠠᠷ ᠰᠠᠢᠲᠠᠶ ᠬᠥᠭ᠌ᠵᠢᠯᠲᠡ ᠢ᠋ᠢ ᠪᠡᠶᠡᠯᠡᠭᠦᠯᠬᠦ᠌ ᠳ᠋ᠤ ᠪᠣᠭᠣᠮᠲᠠ ᠢ᠋ᠢᠨ ᠬᠦᠴᠦᠨ ᠴᠢᠳᠠᠯ ᠢ᠋ ᠡᠷᠭᠦᠨ᠎ᠠ》 ᠭᠡᠵᠤ ᠸᠠᠩ ᠸᠧᠶ ᠬᠡᠯᠡᠵᠤ ᠪᠠᠢᠯ᠎ᠠ᠃