— ᠥᠪᠥᠷ ᠮᠣᠩᠭᠣᠯ᠎ᠤᠨ ᠨᠣᠮᠢᠨ ᠤᠰᠤ ᠬᠦᠬᠡᠮᠳᠦᠭ ᠠᠭᠤᠯᠠ ᠵᠢᠨ 《ᠦᠵᠡᠰᠭᠦᠯᠡᠩᠳᠤ ᠰᠠᠢᠬᠠᠨ》 ᠨᠢ ᠠᠯᠳᠠᠨ ᠠᠭᠤᠯᠠ ᠮᠥᠩᠭᠥᠨ ᠬᠠᠢᠷᠬᠠᠨ᠎ᠤ 《ᠦᠨ᠎ᠠ ᠦᠷᠳᠡᠭ》 ᠪᠤᠯᠵᠤ ᠲᠦᠷᠭᠡᠨ ᠬᠤᠪᠢᠷᠠᠵᠤ ᠪᠤᠢ
ᠪᠤᠯᠤᠩ ᠨᠡᠭᠡᠭᠡᠬᠦ ᠦᠭᠡ
ᠦᠵᠡᠰᠭᠦᠯᠡᠩᠲᠦ ᠰᠠᠢᠬᠠᠨ ᠳᠤᠮᠳᠠᠳᠤ ᠤᠯᠤᠰ ᠨᠢ ᠶᠠᠮᠠᠷᠰᠢᠦ ᠪᠤᠢ? ᠬᠠᠷᠢᠭᠤᠯᠲᠠ ᠨᠢ ᠳᠠᠷᠤᠢ ᠦᠷᠭᠦᠯᠵᠢ ᠬᠠᠷᠠᠭ᠍ᠳᠠᠳᠠᠭ ᠨᠣᠮᠢᠨ ᠤᠰᠤ ᠬᠦᠬᠡᠮᠳᠦᠭ ᠠᠭᠤᠯᠠᠨ ᠳ᠋ᠤ ᠪᠤᠢ᠂ ᠠᠷᠠᠳ ᠤᠯᠠᠨ᠎ᠤ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ᠎ᠡᠴᠡ ᠣᠯᠤᠭ᠍ᠰᠠᠨ ᠲᠦᠷᠦᠭ᠌ᠳᠡᠯ᠎ᠳᠦ ᠪᠤᠢ ᠁ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠴᠢᠬᠤᠯᠠ ᠬᠠᠷᠠᠯᠲᠠ ᠪᠣᠯᠤᠨ᠎ᠠ᠂ ᠨᠡᠩ ᠴᠤ᠌ ᠲᠦᠭ ᠲᠦᠮᠡᠨ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠠᠮᠤᠷ ᠲᠦᠪᠱᠢᠨ᠎ᠦ ᠲᠦᠷᠦᠭ᠌ᠳᠡᠯ᠎ᠲᠡᠶ ᠬᠣᠯᠪᠣᠭ᠍ᠳᠠᠨ᠎ᠠ᠃
ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠪᠠᠷ ᠡᠭᠦᠷᠭᠡ ᠬᠠᠷᠢᠭᠤᠴᠠᠯᠭ᠎ᠠ᠎ᠪᠠᠨ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ ᠦᠵᠡᠰᠭᠦᠯᠡᠩ ᠰᠠᠢᠬᠠᠨ᠂ ᠠᠵᠤ ᠦᠢᠯᠡᠰ ᠦᠷᠨᠢᠭᠦᠨ ᠬᠥᠭ᠌ᠵᠢᠩᠭᠦᠢ᠂ ᠠᠷᠠᠳ᠎ᠤᠨ ᠠᠮᠢᠳᠤᠷᠠᠯ ᠪᠠᠶᠠᠨ ᠴᠢᠨᠡᠭᠡᠯᠢᠭ 《ᠨᠤᠭᠤᠭᠠᠷᠠᠭᠤᠯᠬᠤ ᠵᠢᠨ ᠬᠠᠮᠳᠤ ᠪᠠᠶᠠᠵᠢᠭᠤᠯᠬᠤ ᠬᠠᠷᠢᠭᠤᠯᠲᠠ᠎ᠶ᠋ᠢᠨ ᠬᠠᠭᠤᠳᠠᠰᠤ》 ᠵᠢ ᠴᠢᠷᠮᠠᠢᠨ ᠪᠢᠴᠢᠭ᠌ᠯᠡᠪᠡ᠃ ᠠᠮᠢ ᠠᠬᠤᠢ᠎ᠶ᠋ᠢᠨ ᠬᠠᠯᠬᠠᠪᠴᠢ ᠡᠳᠦᠷ ᠢᠷᠡᠬᠦᠶ᠎ᠡ ᠪᠡᠬᠢᠵᠢᠵᠦ᠍᠂ ᠠᠭᠤᠯᠠ ᠲᠠᠯ᠎ᠠ ᠬᠦᠭᠡᠷᠡᠨ ᠨᠤᠭᠤᠭᠠᠷᠠᠵᠤ᠂ ᠨᠤᠮᠢᠨ ᠤᠰᠤ ᠲᠤᠯᠬᠢᠶᠠᠯᠠᠨ ᠲᠠᠪᠠᠯᠭᠠᠯᠠᠨᠠ; ᠡᠨᠧᠷᠭᠢ᠎ᠶ᠋ᠢᠨ ᠰᠠᠭᠤᠷᠢᠨ ᠦᠷᠨᠢᠩᠭᠦᠢ ᠬᠦᠭᠵᠢᠵᠦ᠂ ᠰᠠᠯᠬᠢ ᠭᠡᠷᠡᠯ ᠤ᠋ᠨ ᠡᠨ᠋ᠸᠷᠬᠢ ᠪᠠᠶᠠᠯᠢᠭ ᠬᠠᠳᠠᠭᠠᠯᠠᠭᠳᠠᠵᠤ᠂ ᠪᠤᠬᠢᠷᠳᠤᠯ ᠦᠭᠡᠢ ᠴᠠᠬᠢᠯᠭᠠᠨ ᠲᠠᠰᠤᠯᠳᠠᠰᠢ ᠦᠭᠡᠢ ᠬᠠᠩᠭᠠᠭᠳᠠᠨ᠎ᠠ; ᠠᠷᠠᠳ᠎ᠤᠨ ᠠᠮᠢᠳᠤᠷᠠᠯ ᠬᠥᠭ᠌ᠵᠢᠶᠡᠨᠲᠡᠢ ᠪᠤᠯᠵᠤ᠂ 《ᠪᠠᠭ᠎ᠠ ᠭᠡᠷ》 ᠬᠦᠷ ᠬᠥᠭ᠌ᠵᠢᠶᠡᠨ᠎ᠢᠶᠡᠷ ᠪᠢᠯᠬᠠᠵᠤ᠂ 《ᠲᠤᠮᠤ ᠭᠡᠷ》 ᠡᠳᠦᠷ᠎ᠡᠴᠡ ᠡᠳᠦᠷ ᠥᠭᠡᠳᠡᠯᠡᠨ ᠲᠠᠪᠰᠢᠨ᠎ᠠ᠃
ᠥᠪᠥᠷ ᠮᠣᠩᠭᠣᠯ᠎ᠤᠨ ᠡᠳᠦᠷ᠎ᠦᠨ ᠰᠣᠨᠢᠨ ᠲᠤᠰ ᠡᠳᠦᠷ᠎ᠡᠴᠡ ᠡᠬᠢᠯᠡᠨ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠥᠪᠥᠷ ᠮᠣᠩᠭᠣᠯ ᠳ᠋ᠡᠬᠢ ᠠᠶᠠᠯᠠᠯ》 ᠭᠡᠬᠦ᠌ ᠲᠤᠰᠭᠠᠶ ᠪᠤᠯᠤᠩ ᠨᠡᠭᠡᠭᠡᠵᠦ᠍᠂ ᠪᠥᠬᠥ᠌ ᠣᠷᠣᠨ᠎ᠤ ᠡᠯ᠎ᠡ ᠭᠠᠵᠠᠷᠤᠨᠬᠢᠨᠦ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠶᠠᠪᠤᠴᠠ᠎ᠳᠤ ᠲᠤᠭᠤᠰᠢᠯᠠᠭᠤᠯᠤᠭᠰᠠᠨ ᠠᠮᠢᠳᠤᠯᠢᠭ ᠦᠶ᠋ᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠎ᠡ᠃ ᠲᠠ ᠨᠠᠷ ᠰᠤᠷᠪᠤᠯᠵᠢᠯᠠᠭ᠍ᠴᠢ᠎ᠶ᠋ᠢ ᠳᠠᠭᠠᠵᠤ᠂ ᠦᠶ᠎ᠡ ᠦᠶ᠎ᠡ᠎ᠶ᠋ᠢᠨ ᠡᠯᠡᠰᠦ ᠵᠠᠰᠠᠭ᠍ᠴᠢᠳ ᠤ᠋ᠨ ᠡᠯᠡᠰᠦᠨ ᠴᠥᠯ᠎ᠢ ᠬᠡᠷᠬᠢᠨ ᠨᠣᠭᠣᠭᠠᠷᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠨᠣᠮᠢᠨ ᠨᠣᠭᠣᠭᠠᠨ ᠬᠡᠷ ᠣᠷᠣᠨ᠎ᠢᠶᠠᠨ ᠬᠡᠷᠬᠢᠨ ᠰᠠᠬᠢᠨ ᠬᠠᠮᠠᠭᠠᠯᠠᠵᠤ᠂ ᠬᠣᠲᠠ ᠪᠣᠯᠤᠨ ᠬᠥᠳᠡᠭᠡ ᠲᠣᠰᠭᠣᠨ ᠬᠡᠷᠬᠢᠨ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠂ ᠱᠢᠨ᠎ᠡ᠎ᠶ᠋ᠢ ᠡᠭᠦᠳᠬᠦ᠌ ᠨᠡᠭᠡᠭᠡᠯᠲᠡ ᠳᠤᠮᠳᠠ ᠠᠮᠢ ᠠᠬᠤᠶ᠎ᠶ᠋ᠢᠨ ᠪᠣᠯᠪᠠᠰᠤᠨ᠎ᠤ ᠴᠣ ᠱᠢᠨ᠎ᠡ ᠬᠠᠭᠤᠳᠠᠰᠤ᠎ᠶ᠋ᠢ ᠵᠢᠷᠤᠭ᠍ᠯᠠᠭ᠍ᠰᠠᠨᠢ ᠣᠯᠵᠤ ᠬᠠᠷᠠᠬᠤ ᠪᠣᠯᠤᠨ᠎ᠠ᠃
ᠵᠣᠨ᠎ᠤ ᠤᠯᠠᠷᠢᠯ᠎ᠳᠤ᠂ ᠠᠩᠬ᠎ᠠ ᠤᠳᠠᠭ᠎ᠠ ᠠᠶᠠᠨ᠎ᠳᠠᠭᠠᠨ ᠦᠷᠡᠵᠢᠵᠦ᠍ ᠪᠣᠢᠵᠢᠭ᠍ᠰᠠᠨ 7 ᠲᠤᠪᠤᠭᠤᠷ ᠬᠠᠮᠠᠷ᠎ᠲᠤ ᠬᠤᠨ ᠭᠠᠯᠠᠭᠤ᠎ᠶ᠋ᠢᠨ ᠵᠤᠯᠵᠠᠭ᠎ᠠ ᠨᠢ ᠤᠯᠠᠭᠠᠨᠰᠤᠬᠠᠢ ᠨᠠᠭᠤᠷ᠎ᠲᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠯ᠎ᠡ; ᠤᠯᠠᠭᠠᠨᠪᠤᠬ᠎ᠠ ᠵᠢᠨ ᠡᠯᠡᠰᠦᠨ ᠴᠦᠯ᠎ᠳᠦ ᠠᠵᠢᠯᠴᠢᠳ ᠵᠠᠭ ᠮᠣᠳᠣ ᠲᠠᠷᠢᠵᠦ᠍ ᠤᠰᠤᠯᠠᠨ ᠶᠠᠭᠠᠷᠠᠯᠳᠤᠨ᠎ᠠ; ᠬᠣᠷᠴᠢᠨ᠎ᠤ ᠡᠯᠡᠰᠦᠷᠬᠡᠭ ᠭᠠᠵᠠᠷ᠎ᠲᠤ᠂ 2026 ᠣᠨ᠎ᠤ᠋ ᠥᠪᠥᠷ ᠮᠣᠩᠭᠣᠯ ᠯᠢᠶᠣᠤᠨᠢᠩ᠎ᠤᠨ ᠵᠠᠭᠠᠭᠲᠠᠬᠢ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠲᠥᠷᠥᠯ ᠵᠦᠶ᠋ᠯ᠎ᠢ ᠬᠦᠷᠢᠶ᠎ᠡ ᠬᠣᠱᠢᠭᠤᠨ᠎ᠳᠤ ᠡᠮᠬᠢ ᠵᠢᠷᠤᠮ᠎ᠲᠠᠶ ᠠᠬᠢᠭᠤᠯᠤᠨ᠎ᠠ ᠁
ᠪᠣᠬᠢᠷᠲᠤᠯ ᠥᠬᠡᠶ ᠨᠤᠲᠤᠭ ᠳᠡᠪᠢᠰᠭᠡᠷ ᠦᠷᠭᠦᠯᠵᠢᠯᠡᠨ ᠥᠷᠭᠡᠳᠴᠦ᠍᠂ ᠠᠮᠢ ᠠᠬᠤᠶ᠎ᠶ᠋ᠢᠨ ᠬᠠᠯᠬᠠᠪᠴᠢ ᠨᠠᠩ ᠪᠠᠲᠤ ᠪᠠᠬᠢᠵᠢᠵᠣ᠂ ᠥᠪᠥᠷ ᠮᠣᠩᠭᠣᠯ ᠠᠮᠢ ᠠᠬᠤᠢ ᠵᠢ ᠤᠷᠢᠳ᠎ᠢᠶᠡᠷ ᠪᠤᠳᠤᠯᠬᠢᠯᠠᠬᠤ ᠵᠢ ᠬᠥᠭ᠌ᠵᠢᠯᠲᠡ᠎ᠶ᠋ᠢᠨ ᠠᠬᠢᠴᠠ᠎ᠳᠠᠭᠠᠨ ᠣᠷᠣᠭᠤᠯᠪᠠ᠃
2023 ᠣᠨ᠎ᠤ 6 ᠰᠠᠷ᠎ᠠ᠎ᠶ᠋ᠢᠨ 5᠎ᠤ᠋ ᠡᠳᠦᠷ᠎ᠡᠴᠡ 6᠎ᠤ᠋ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠳᠤ ᠱᠢᠨᠵᠢᠯᠡᠨ ᠪᠠᠢᠴᠠᠭᠠᠬᠤ᠎ᠶ᠋ᠢᠨ ᠬᠠᠮᠲᠤ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ ᠡᠭᠦᠷᠭᠡᠯᠡᠵᠦ᠍᠂ ᠬᠦᠴᠢᠷ ᠪᠡᠷᠬᠡᠱᠢᠶᠡᠯ᠎ᠡᠴᠡ ᠦᠯᠦ ᠬᠠᠯᠠᠰᠢᠷᠠᠵᠤ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭ᠍ᠰᠠᠨ ᠱᠢᠨ᠎ᠡ ᠭᠠᠢᠬᠠᠮᠱᠢᠭ᠎ᠢ ᠴᠢᠷᠮᠠᠢᠨ ᠡᠭᠦᠳᠴᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠬᠠᠯᠬᠠᠪᠴᠢ᠎ᠶ᠋ᠢ ᠨᠠᠩ ᠪᠠᠲᠤ ᠪᠠᠬᠢ ᠪᠠᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠲᠠᠯ᠎ᠠ᠎ᠪᠠᠷ ᠨᠠᠩ ᠶᠡᠬᠡ ᠠᠮᠵᠢᠯᠲᠠ ᠪᠦᠲᠦᠮᠵᠢ ᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠴᠢᠩ ᠰᠡᠳᠬᠢᠯ ᠤ᠋ᠨ ᠬᠦᠰᠡᠯ ᠨᠠᠢᠳᠠᠯᠭ᠎ᠠ᠎ᠶᠢ ᠬᠦᠯᠢᠶᠡᠵᠦ᠂ ᠬᠦᠨᠳᠦ ᠡᠭᠦᠷᠭᠡ ᠵᠢ ᠮᠦᠷᠦᠨ ᠳ᠋ᠡᠭᠡᠨ ᠡᠭᠦᠷᠭᠡᠯᠡᠨ᠎ᠡ᠃ 3 ᠵᠢᠯ᠎ᠦᠨ ᠲᠤᠷᠰᠢ᠂ ᠥᠪᠥᠷ ᠮᠣᠩᠭᠣᠯ᠎ᠤᠨ 118.3 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ᠂ ᠰᠦᠷ ᠳᠠᠯᠠᠢᠴᠠᠲᠠᠢ ᠠᠮᠢ ᠠᠬᠤᠢ᠎ᠶ᠋ᠢᠨ ᠵᠠᠰᠠᠯᠲᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠪᠦᠬᠦ᠌ ᠲᠠᠯ᠎ᠠ᠎ᠪᠠᠷ ᠡᠬᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠪᠥᠬᠥ᠌ ᠣᠷᠣᠨ ᠨᠡᠢᠲᠡ 1.27 ᠳ᠋ᠦᠩᠱᠢᠭᠤᠷ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ 6688 ᠲᠦᠮᠡᠨ ᠮᠥ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠵᠤ᠂ ᠴᠥᠮ ᠪᠥᠬᠥ᠌ ᠤᠯᠤᠰ ᠲᠤ᠌ ᠲᠦᠷᠦᠬᠦᠯᠡᠪᠡ; ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 21.98%᠎ᠳ᠋ᠤ ᠬᠦᠷᠦᠭᠦᠯᠵᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 45%᠎ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠬᠠᠲᠤᠨ ᠭᠤᠤᠯ᠎ᠤᠨ ᠭᠤᠤᠯ ᠤᠷᠤᠰᠭᠠᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ᠎ᠤ ᠴᠢᠨᠠᠷ 6 ᠵᠢᠯ ᠳᠠᠷᠠᠭᠠᠯᠠᠨ Ⅱ ᠲᠡᠰᠢ ᠪᠠᠲᠤᠯᠠᠵᠠᠢ᠃ 2025 ᠣᠨ᠎ᠳᠤ᠂ ᠥᠪᠥᠷ ᠮᠣᠩᠭᠣᠯ 5062 ᠲᠦᠮᠡᠨ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠭ᠍ᠰᠠᠨ᠎ᠨᠢ 2368 ᠲᠦᠮᠡᠨ ᠮᠥ᠍ ᠪᠠᠢᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠬᠢᠭᠡᠳ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠬᠡᠪᠴᠢᠶ᠎ᠡ᠎ᠨᠢ ᠴᠥᠮ ᠪᠥᠬᠥ᠌ ᠤᠯᠤᠰ ᠲᠤ᠌ ᠲᠦᠷᠦᠬᠦᠯᠡᠪᠡ᠃ ᠢᠳᠡᠯᠢᠭ ᠬᠦᠴᠦᠳᠡᠢ ᠲᠣᠭ᠎ᠠ ᠪᠠᠷᠢᠮᠲᠠ ᠨᠤᠭᠤᠳ ᠨᠢ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠡᠷᠴᠢᠮ ᠪᠣᠯᠤᠨ ᠬᠤᠷᠳᠤᠴᠠ᠎ᠶ᠋ᠢ ᠬᠡᠮᠵᠢᠵᠦ᠍᠂ ᠪᠠᠰᠠ 《ᠬᠠᠯᠬᠠᠪᠴᠢ᠎ᠶ᠋ᠢ ᠪᠡᠬᠢᠵᠢᠭᠦᠯᠬᠦ᠌》 ᠢᠳᠡᠭᠡᠯ ᠵᠣᠷᠢᠭ ᠪᠣᠯᠤᠨ ᠦᠷ᠎ᠡ ᠪᠦᠲᠦᠮᠵᠢ᠎ᠶ᠋ᠢ ᠭᠡᠷᠡᠴᠢᠯᠡᠵᠦ᠍ ᠪᠠᠢᠨ᠎ᠠ᠃
ᠢᠲᠡᠭᠡᠯ ᠪᠢᠱᠢᠷᠡᠯ ᠪᠠᠲᠤ ᠴᠢᠩᠭ᠎ᠠ ᠪᠠᠢᠵᠤ᠂ ᠥᠪᠥᠷ ᠮᠣᠩᠭᠣᠯ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠲᠡᠷᠢᠭᠦᠨ᠎ᠳᠦ ᠲᠠᠯᠪᠢᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠵᠤ᠂ ᠡᠬᠡ ᠤᠯᠤᠰ᠎ᠤᠨ ᠤᠮᠠᠷᠠᠲᠤ᠎ᠶ᠋ᠢᠨ ᠪᠠᠲᠤ ᠪᠡᠬᠢ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠪᠠ᠃
ᠪᠠᠶᠠᠨᠨᠠᠭᠤᠷ ᠬᠤᠳᠠ᠎ᠶ᠋ᠢᠨ ᠯᠢᠨᠾᠧ ᠲᠣᠭᠣᠷᠢᠭ᠎ᠤᠨ ᠤᠯᠤᠰ᠎ᠤᠨ ᠡᠵᠡᠩᠨᠡᠯᠲᠡ᠎ᠶ᠋ᠢᠨ ᠱᠢᠨ ᠬᠤᠸᠠ ᠤᠢ ᠱᠢᠭᠤᠢ᠎ᠶ᠋ᠢᠨ ᠲᠠᠯᠠᠪᠠᠢ᠎ᠳᠤ ᠬᠦᠷᠬᠦ᠌᠎ᠳᠦ ᠮᠣᠳᠣᠳ ᠨᠤᠭᠤᠭᠠᠷᠠᠨ ᠬᠠᠷᠠᠭ᠍ᠳᠠᠨ᠎ᠠ᠃ ᠣᠢ ᠱᠢᠭᠤᠶ᠎ᠶ᠋ᠢᠨ ᠲᠠᠯᠠᠪᠠᠢ ᠵᠢᠨ ᠬᠢᠨ 60 ᠭᠠᠷᠤᠶ ᠵᠢᠯ ᠵᠢᠡᠷ ᠡᠯᠡᠰᠦ᠎ᠶ᠋ᠢ ᠵᠠᠰᠠᠵᠤ ᠨᠣᠭᠣᠭᠠᠷᠠᠭᠤᠯᠵᠤ᠂ ᠲᠣᠬᠢᠷᠠᠮᠵᠢᠲᠠᠶ ᠭᠠᠵᠠᠷ ᠲᠣᠬᠢᠷᠠᠮᠵᠢᠲᠠᠶ ᠮᠣᠳᠣ ᠲᠠᠷᠢᠬᠤ᠂ ᠱᠢᠨᠵᠢᠯᠡᠬᠦ᠌ ᠤᠬᠠᠭᠠᠨᠴᠢ᠎ᠪᠠᠷ ᠣᠢᠵᠢᠭᠤᠯᠬᠤ ᠵᠠᠷᠴᠢᠮ᠎ᠢ ᠪᠠᠷᠢᠮᠲᠠᠯᠠᠵᠤ᠂ ᠨᠣᠭᠣᠭᠠᠷᠠᠭᠤᠯᠤᠯᠲᠠ᠎ᠶ᠋ᠢ ᠥᠷᠭᠡᠳᠭᠡᠨ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠮᠣᠳᠣᠨ᠎ᠤ ᠲᠥᠷᠥᠯ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠠᠮᠢ ᠠᠬᠤᠢ᠎ᠶ᠋ᠢᠨ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠪᠡ᠃ 《ᠨᠣᠭᠣᠭᠠᠨ ᠪᠦᠰᠡ᠎ᠶ᠋ᠢᠨ ᠠᠵᠢᠯᠯᠠᠭ᠎ᠠ》 ᠶ᠋ᠢ ᠭᠦᠨᠵᠡᠭᠡᠢ ᠬᠡᠷᠡᠭ᠌ᠵᠢᠭᠦᠯᠵᠦ᠍᠂ ᠪᠦᠬᠦ᠌ ᠠᠷᠠᠳ᠎ᠢ ᠥᠷᠭᠡᠨ᠎ᠢᠶᠡᠷ ᠳᠠᠢᠴᠢᠯᠠᠨ ᠠᠯᠪᠠᠨ ᠵᠢᠷᠤᠮ᠎ᠤᠨ ᠮᠣᠳᠣ ᠲᠠᠷᠢᠬᠤ᠎ᠳᠤ ᠣᠷᠣᠯᠴᠠᠭᠤᠯᠵᠤ᠂ 3 ᠵᠢᠯ᠎ᠦᠨ ᠬᠣᠭᠣᠷᠣᠨᠳᠣ 325 ᠲᠦᠮᠡᠨ ᠰᠠᠭᠤᠷᠢ ᠴᠢᠬᠢ ᠮᠣᠳᠣ ᠲᠠᠷᠢᠵᠤ᠂ ᠬᠡᠰᠡᠭ ᠪᠤᠰᠠᠭ ᠡᠯᠡᠰᠦᠨ ᠳᠣᠪᠣᠴᠠᠭ᠎ᠢ ᠪᠦᠬᠦᠨ᠎ᠢ ᠵᠠᠰᠠᠵᠤ᠂ ᠣᠢ ᠱᠢᠭᠤᠢ᠎ᠶ᠋ᠢᠨ ᠲᠠᠯᠠᠪᠠᠢ᠎ᠶ᠋ᠢᠨ ᠣᠢ ᠱᠢᠭᠤᠢ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 65%᠎ᠡᠴᠡ 88% ᠪᠣᠯᠲᠠᠯ᠎ᠠ ᠳᠡᠭᠡᠭ᠌ᠰᠢᠯᠡᠭᠦᠯᠵᠦ᠍᠂ ᠡᠷᠭᠢᠨ ᠲᠣᠭᠣᠷᠢᠨ᠎ᠤ ᠨᠠᠭᠤᠷ ᠴᠥᠭᠥᠷᠥᠮ ᠨᠤᠭᠤ ᠭᠠᠵᠠᠷ᠎ᠤᠨ ᠲᠠᠯᠠᠪᠠᠢ᠎ᠶ᠋ᠢ 500 ᠮᠦ᠍᠎ᠡᠴᠡ 700 ᠮᠦ᠍ ᠪᠣᠯᠲᠠᠯ᠎ᠠ ᠥᠷᠭᠡᠳᠭᠡᠪᠡ᠃ ᠥᠩᠭᠡᠷᠡᠭ᠌ᠰᠡᠨ᠎ᠳᠦ ᠱᠢᠷ᠎ᠠ ᠡᠯᠡᠰᠦ ᠪᠤᠵᠢᠬᠢᠨᠠᠵᠤ᠂ ᠡᠯᠡᠰᠦᠨ ᠳᠣᠪᠣᠷᠬᠠᠭ ᠦᠷᠭᠦᠯᠵᠢᠯᠡᠨ ᠵᠠᠯᠭᠠᠯᠳᠤᠭ᠍ᠰᠠᠨ ᠠᠲᠠᠷ ᠲᠠᠩ ᠥᠨᠥᠳᠦᠷ ᠡᠪᠡᠰᠦ ᠮᠣᠳᠣ ᠴᠡᠯᠭᠡᠷᠡᠨ ᠨᠣᠭᠣᠭᠠᠷᠠᠭ᠍ᠰᠠᠨ ᠨᠣᠭᠣᠭᠠᠨ ᠪᠦᠷᠢᠳᠦ ᠪᠣᠯᠤᠨ ᠬᠤᠪᠢᠷᠠᠵᠤ᠂ 《ᠤᠮᠠᠷᠠᠲᠤ᠎ᠶ᠋ᠢᠨ ᠭᠤᠷᠪᠠᠨ ᠤᠷᠤᠨ ᠤ᠋ ᠬᠠᠯᠬᠠᠪᠴᠢ ᠣᠶ + ᠲᠠᠷᠢᠶᠠᠨ ᠭᠠᠵᠠᠷ᠎ᠤᠨ ᠬᠠᠯᠬᠠᠪᠴᠢ ᠣᠶ + ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠬᠤ ᠣᠶ》 ᠶ᠋ᠢᠨ ᠪᠣᠰᠣᠭ᠎ᠠ ᠴᠣᠭ᠍ᠴᠠᠲᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠡᠯᠡᠰᠦᠨ᠎ᠦ ᠭᠠᠮᠱᠢᠭ ᠬᠡᠴᠡᠭᠦᠳᠡᠵᠦ᠍ ᠪᠠᠢᠭ᠍ᠰᠠᠨ ᠡᠴᠡ᠎ᠪᠠᠨ ᠠᠮᠢ ᠠᠬᠤᠶ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠲᠠᠪᠠᠯᠳᠠᠳᠤ ᠬᠡᠯᠪᠡᠷᠢ ᠵᠢᠨ ᠬᠤᠪᠢᠷᠠᠯᠳᠠ᠎ᠶ᠋ᠢ ᠪᠡᠶᠡᠯᠡᠭᠦᠯᠪᠡ᠃
ᠥᠪᠥᠷ ᠮᠣᠩᠭᠣᠯ ᠪᠦᠬᠦ᠌ ᠤᠯᠤᠰ᠎ᠤᠨ 60% ᠡᠴᠡ ᠳᠡᠭᠡᠭ᠌ᠰᠢᠬᠢ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢ ᠶᠡᠷᠦᠩᠬᠡᠢᠯᠡᠨ ᠵᠠᠰᠠᠬᠤ ᠡᠭᠦᠷᠭᠡ ᠪᠣᠯᠤᠨ 《ᠤᠮᠠᠷᠠᠲᠤ᠎ᠶ᠋ᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠦᠨ 9700 ᠭᠠᠷᠤᠢ ᠲᠦᠮᠡᠨ ᠮᠦ᠍ ᠡᠯᠡᠰᠦ᠎ᠶ᠋ᠢ ᠵᠠᠰᠠᠬᠤ ᠡᠭᠦᠷᠭᠡ᠎ᠶ᠋ᠢ ᠡᠭᠦᠷᠭᠡᠯᠡᠵᠦ᠍᠂ 《ᠤᠮᠠᠷᠠᠲᠤ᠎ᠶ᠋ᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠣᠣᠯ ᠲᠠᠯᠠᠪᠤᠷ ᠪᠣᠯᠤᠨ᠎ᠠ᠃ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨᠢᠶᠡᠷᠠᠬᠢᠭᠤᠯᠵᠤ᠂ ᠢᠯᠠᠯᠲᠠ᠎ᠶ᠋ᠢᠨ ᠮᠡᠳᠡᠭᠡ ᠵᠠᠯᠭᠠᠭ᠎ᠠ᠎ᠪᠠᠷ ᠤᠯᠠᠮᠵᠢᠯᠠᠭ᠍ᠳᠠᠨ᠎ᠠ —
ᠬᠠᠲᠤᠨ ᠭᠤᠤᠯ᠎ᠤᠨ 《ᠶᠡᠬᠡ ᠲᠣᠬᠣᠶ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠣᠷᠣᠨ᠎ᠳᠤ᠂ ᠥᠪᠥᠷ ᠮᠣᠩᠭᠣᠯ᠎ᠤᠨ ᠬᠠᠲᠤᠨ ᠭᠤᠤᠯ᠎ᠤᠨ ᠬᠣᠶᠠᠷ ᠡᠷᠭᠢ᠎ᠳᠦ ᠪᠥᠲᠥᠭᠡᠨ ᠪᠠᠢᠭᠤᠯᠤᠭ᠍ᠰᠠᠨ 620 ᠺᠢᠯᠣᠮᠧᠲ᠋ᠷ᠎ᠦᠨ ᠬᠠᠯᠬᠠᠪᠴᠢ ᠣᠶ ᠰᠢᠭᠤᠢ ᠡᠪᠡᠰᠦᠨ᠎ᠦ ᠪᠦᠰᠡ ᠪᠥᠬᠥ᠌ ᠱᠤᠭᠤᠮ᠎ᠢᠶᠠᠷ ᠨᠡᠪᠲᠡᠷᠡᠪᠡ; ᠬᠥᠪᠴᠢ᠎ᠶ᠋ᠢᠨ ᠡᠯᠡᠰᠦᠨ᠎ᠳᠦ ᠨᠣᠭᠣᠭᠠᠷᠠᠭᠤᠯᠤᠯᠲᠠ᠎ᠶ᠋ᠢᠨ ᠪᠦᠰᠡ᠂ ᠨᠦᠯᠦᠮᠡᠯ ᠭᠠᠵᠠᠷ᠎ᠤᠨ ᠬᠠᠱᠢᠯᠭ᠎ᠠ᠂ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠪᠦᠰᠡ ᠪᠠ ᠵᠠᠬ᠎ᠠ᠎ᠶᠢ ᠨᠢ ᠬᠤᠮᠢᠨ ᠵᠠᠰᠠᠬᠤ ᠣᠶ ᠰᠢᠭᠤᠢ ᠡᠪᠡᠰᠦᠨ᠎ᠦ ᠪᠦᠰᠡ ᠵᠡᠷᠭᠡ 《ᠳᠥᠷᠪᠡᠨ ᠰᠡᠷᠭᠡᠢᠯᠡᠯᠲᠡ᠎ᠶ᠋ᠢᠨ ᠱᠤᠭᠤᠮ》 ᠢ᠋ ᠪᠠᠢᠭᠤᠯᠵᠤ᠂ ᠮᠤᠤᠠᠤᠰᠤ᠎ᠶ᠋ᠢᠨ ᠡᠯᠡᠰᠦᠷᠬᠡᠭ ᠭᠠᠵᠠᠷ᠎ᠢ ᠵᠠᠰᠠᠭ᠍ᠰᠠᠨ ᠨᠣᠷᠮ᠎ᠠ᠎ᠶ᠋ᠢ 80%᠎ᠳ᠋ᠤ ᠬᠦᠷᠦᠭᠦᠯᠪᠡ᠃
ᠬᠣᠷᠴᠢᠨ᠂ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠲᠠᠢᠯᠠᠯᠳᠤᠭᠠᠨ᠎ᠤ ᠲᠣᠭᠣᠷᠢᠭ᠎ᠲᠤ᠂ 15 ᠬᠣᠱᠢᠭᠤ ᠱᠢᠶᠠᠨ᠎ᠤ ᠨᠡᠭᠦᠳᠡᠯ ᠡᠯᠡᠰᠦᠷᠬᠡᠭ ᠭᠠᠵᠠᠷ᠎ᠢ ᠪᠦᠬᠦᠨ᠎ᠢ ᠵᠠᠰᠠᠬᠤ᠎ᠶ᠋ᠢ ᠠᠬᠢᠭᠤᠯᠵᠤ᠂ 2700 ᠺᠢᠯᠣᠮᠧᠲ᠋ᠷ ᠡᠯᠡᠰᠦ᠎ᠶ᠋ᠢ ᠳᠤᠭᠤᠯᠤᠭ᠍ᠰᠠᠨ ᠵᠠᠰᠠᠮᠠᠯ ᠵᠠᠮ᠎ᠢ ᠱᠢᠨ᠎ᠡ᠎ᠪᠡᠷ ᠥᠭᠡᠷᠡᠴᠢᠯᠡᠨ ᠵᠠᠰᠠᠵᠤ᠂ 559 ᠲᠦᠮᠡᠨ ᠮᠥ᠍ ᠡᠯᠡᠰᠦ᠎ᠶ᠋ᠢ ᠵᠠᠰᠠᠬᠤ᠎ᠶ᠋ᠢ ᠳᠠᠢᠴᠢᠯᠠᠪᠠ᠃
ᠾᠧ ᠰᠢ᠎ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠳᠠᠬᠢ ᠬᠤᠷᠢᠬᠯᠠᠯᠳᠠ ᠵᠢᠨ ᠲᠠᠢᠯᠠᠯᠳᠤᠭᠠᠨ ᠤ᠋ ᠲᠣᠭᠣᠷᠢᠭ᠎ᠲᠤ ᠪᠠᠳᠠᠶ᠎ᠶ᠋ᠢᠨ ᠵᠢᠷᠠᠨ᠂ ᠲᠩᠷᠢ ᠡᠯᠡᠰᠦᠨ ᠴᠥᠯᠳ᠋ᠤ 336.8 ᠺᠢᠯᠣᠮᠧᠲ᠋ᠷ ᠤ᠋ᠨ ᠵᠠᠬ᠎ᠠ᠎ᠶ᠋ᠢ ᠨᠢ ᠬᠤᠮᠢᠨ ᠵᠠᠰᠠᠬᠤ ᠣᠶ ᠰᠢᠭᠤᠢ ᠡᠪᠡᠰᠦᠨ᠎ᠦ ᠪᠦᠰᠡ᠎ᠶ᠋ᠢ ᠪᠥᠲᠥᠭᠡᠨ ᠪᠠᠢᠭᠤᠯᠵᠤ᠂ ᠬᠣᠶᠠᠷ ᠶᠡᠬᠡ ᠡᠯᠡᠰᠦᠨ ᠴᠥᠯ᠎ᠦᠨ 《ᠨᠡᠢᠯᠡᠬᠦ》 ᠪᠠᠢᠳᠠᠯ᠎ᠢ ᠦᠨᠳᠦᠰᠦᠨ᠎ᠳᠡᠭᠡᠨ ᠬᠣᠷᠢᠭ᠍ᠯᠠᠪᠠ᠃
ᠨᠣᠭᠣᠭᠠᠷᠠᠭᠤᠯᠤᠯᠳᠠ ᠤᠷᠤᠭ᠍ᠰᠢᠯᠠᠵᠤ᠂ ᠥᠪᠥᠷ ᠮᠣᠩᠭᠣᠯ 《ᠱᠢᠰᠲ᠋ᠧᠮ᠎ᠲᠡᠶ ᠵᠠᠰᠠᠬᠤ》 ᠤᠶᠤᠨ ᠤᠬᠠᠭᠠᠨ᠎ᠢᠶᠠᠷ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠠᠬᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠡᠴᠡ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠠᠯᠪᠠᠨ ᠵᠢᠷᠤᠮ᠎ᠤᠨ ᠮᠣᠳᠣ ᠳᠠᠷᠢᠬᠤ ᠱᠢᠰᠲ᠋ᠧᠮ᠎ᠢ ᠪᠠᠢᠭᠤᠯᠤᠨ ᠪᠦᠷᠢᠨᠱᠢᠭᠦᠯᠵᠦ᠍᠂ ᠪᠥᠬᠥ᠌ ᠣᠷᠣᠨ᠎ᠤ ᠬᠡᠪᠴᠢᠶᠡᠨ᠎ᠳᠦ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠨᠡᠢᠲᠡ 4408 ᠲᠦᠮᠡᠨ ᠬᠥᠮᠦᠨ ᠤᠳᠠᠭ᠎ᠠ ᠣᠷᠣᠯᠴᠠᠵᠤ᠂ 2 ᠳ᠋ᠦᠩᠱᠢᠭᠤᠷ ᠱᠢᠬᠠᠮ ᠰᠠᠭᠤᠷᠢ ᠮᠣᠳᠣ ᠳᠠᠷᠢᠪᠠ᠃ 《 ᠪᠣᠬᠢᠷᠲᠤᠯ ᠦᠭᠡᠢ᠎ᠵᠢᠨ ᠨᠦᠬᠡᠴᠡ》 ᠶᠠᠪᠤᠬᠤ ᠲᠤᠳᠤᠮ ᠵᠤᠵᠠᠭᠠᠷᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠨᠡᠩ ᠪᠡᠬᠢᠵᠢᠪᠡ᠃
ᠬᠠᠲᠤᠨ ᠭᠤᠤᠯ᠎ᠤᠨ 《ᠶᠡᠬᠡ ᠲᠤᠬᠤᠢ ᠤᠷᠤᠨ》 ᠤ᠋ ᠦᠵᠦᠭᠦᠷ᠎ᠲᠠᠬᠢ ᠤᠯᠠᠭᠠᠨᠰᠤᠬᠠᠢ ᠨᠠᠭᠤᠷ᠎ᠲᠤ᠂ 《ᠪᠣᠭᠣᠮᠲᠠ᠎ᠶ᠋ᠢᠨ ᠭᠠᠳᠠᠨᠠᠬᠢ ᠭᠡᠷᠡᠯᠲᠦ ᠰᠤᠪᠤᠳ》 ᠬᠡᠷᠡᠯ ᠭᠢᠯᠪᠠᠭ᠎ᠠ ᠰᠠᠴᠤᠷᠠᠭᠤᠯᠤᠨ᠎ᠠ — 《ᠠᠮᠢ ᠠᠬᠤᠶ᠎ᠶᠢ ᠰᠡᠷᠭᠦᠭᠡᠬᠦ — ᠬᠢᠨᠠᠨ ᠬᠡᠮᠵᠢᠵᠦ ᠬᠠᠮᠢᠶᠠᠷᠤᠨ ᠬᠠᠮᠠᠭᠠᠯᠠᠬᠤ — ᠱᠢᠨᠵᠢᠯᠡᠬᠦ᠌ ᠤᠬᠠᠭᠠᠨ᠎ᠤ ᠰᠤᠳᠤᠯᠭᠠᠨᠵᠢᠡᠷ ᠡᠨ᠋ᠸᠷᠬᠢ ᠤᠯᠭᠤᠵᠤ ᠨᠡᠢᠭᠡᠮ ᠨᠡᠢᠳᠡ ᠪᠡᠷ᠎ᠵᠢᠡᠨ ᠣᠷᠣᠯᠴᠠᠬᠤ》 ᠪᠥᠬᠥ᠌ ᠬᠡᠯᠬᠢᠶᠡᠨ᠎ᠦ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ 《ᠠᠮᠢ ᠠᠬᠤᠶ᠎ᠶᠢ ᠰᠡᠷᠭᠦᠭᠡᠬᠦ᠎ᠪᠡᠷ ᠰᠠᠭᠤᠷᠢ ᠪᠣᠯᠭᠠᠬᠤ᠂ ᠬᠠᠮᠢᠶᠠᠷᠤᠨ ᠬᠠᠮᠠᠭᠠᠯᠠᠬᠤ ᠲᠣᠭ᠍ᠲᠡᠴᠡ᠎ᠪᠠᠷ ᠬᠥᠲᠥᠯᠪᠦᠷᠢ ᠪᠣᠯᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢᠶᠠᠷ ᠭᠤᠤᠯ ᠪᠣᠯᠭᠠᠬᠤ᠂ ᠨᠡᠢᠭᠡᠮ᠎ᠦᠨ ᠣᠷᠣᠯᠴᠠᠯᠭ᠎ᠠ᠎ᠪᠠᠷ ᠬᠠᠪᠰᠤᠷᠤᠮᠵᠢ ᠪᠣᠯᠭᠠᠬᠤ》 ᠶᠡᠷᠦᠩᠬᠡᠢᠯᠡᠭ᠌ᠰᠡᠨ ᠵᠠᠰᠠᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠨᠤᠭᠤ ᠭᠠᠵᠠᠷ᠎ᠤᠨ ᠤᠰᠤᠨ᠎ᠤ ᠨᠥᠬᠥᠴᠡᠯ ᠬᠢᠭᠡᠳ ᠣᠷᠣᠱᠢᠨ ᠠᠮᠢᠳᠤᠷᠠᠬᠤ ᠭᠠᠵᠠᠷ᠎ᠤᠨ ᠶᠠᠰᠤ ᠴᠢᠨᠠᠷ᠎ᠢ ᠰᠠᠢᠵᠢᠷᠠᠭᠤᠯᠪᠠ; 《ᠭᠤᠷᠪᠠᠨ ᠳᠠᠷᠤᠭ᠎ᠠ ᠬᠣᠯᠪᠣᠭᠠᠯᠠᠨ ᠬᠥᠳᠡᠯᠦᠯᠴᠡᠬᠦ᠌ + ᠬᠦᠮᠦᠨ᠎ᠤ ᠬᠦᠴᠦᠨ᠎ᠢᠶᠡᠷ ᠰᠡᠷᠭᠡᠢᠯᠡᠬᠦ ᠮᠡᠷᠭᠡᠵᠢᠯ᠎ᠢᠶᠡᠷ ᠰᠡᠷᠭᠡᠢᠯᠡᠬᠦ》᠎ᠶ᠋ᠢᠨ ᠬᠤᠤᠰ ᠬᠠᠮᠢᠶᠠᠷᠤᠯᠲᠠ ᠬᠠᠮᠠᠭᠠᠯᠠᠯᠲᠠ᠎ᠶ᠋ᠢᠨ ᠲᠣᠭ᠍ᠲᠡᠴᠡ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠯᠭᠠᠭᠤᠷᠢᠯᠠᠬᠤ ᠲᠤᠤᠷ᠎ᠢ ᠪᠦᠷᠢᠯᠳᠦᠭᠦᠯᠵᠦ᠍᠂ ᠲᠤᠰᠭᠠᠶ ᠬᠢᠨᠠᠨ ᠬᠡᠮᠵᠢᠯᠲᠡ᠎ᠶ᠋ᠢ ᠦᠷᠭᠦᠯᠵᠢᠯᠡᠨ ᠥᠷᠨᠢᠭᠦᠯᠪᠡ ᠁ 《ᠪᠣᠭᠣᠮᠲᠠ᠎ᠶ᠋ᠢᠨ ᠭᠠᠳᠠᠨᠠᠬᠢ ᠭᠡᠷᠡᠯᠲᠦ ᠰᠤᠪᠤᠳ》 ᠨᠤᠮᠢᠨ ᠳᠤᠯᠬᠢᠶᠠᠨ ᠬᠠᠶᠠᠯᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠨᠡᠢᠲᠡᠯᠢᠭ ᠵᠢᠱ᠌ᠢᠶ᠎ᠡ ᠪᠣᠯᠵᠠᠢ᠃
ᠥᠪᠥᠷ ᠮᠣᠩᠭᠣᠯ ᠡᠯᠡᠰᠦ᠎ᠵᠢ ᠵᠠᠰᠠᠬᠤ ᠵᠠᠭ᠍ᠪᠤᠷ᠎ᠢ ᠲᠠᠰᠤᠷᠠᠯᠲᠠ ᠥᠬᠡᠶ ᠰᠦᠪᠡᠭ᠌ᠴᠢᠯᠡᠨ ᠱᠢᠨ᠎ᠡ᠎ᠶ᠋ᠢ ᠡᠭᠦᠳᠴᠦ᠍᠂ 《ᠬᠡᠷᠡᠯᠴᠢ ᠴᠡᠨᠡᠭ + ᠡᠯᠡᠰᠦ᠎ᠵᠢ ᠵᠠᠰᠠᠬᠤ》 ᠨᠢ ᠶᠠᠭ ᠴᠦᠯᠯᠡᠷᠭᠡᠭ᠌ᠵᠢᠯ᠎ᠢ ᠵᠠᠰᠠᠬᠤ᠎ᠶ᠋ᠢᠨ ᠨᠢᠭᠡᠨ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠣ ᠪᠠᠢᠨ᠎ᠠ᠃ ᠬᠥᠪᠴᠢ᠎ᠶ᠋ᠢᠨ ᠡᠯᠡᠰᠦᠨ᠎ᠦ ᠬᠣᠢᠲᠤ ᠵᠠᠬ᠎ᠠ᠎ᠳᠤ᠂ ᠨᠢᠭᠡ ᠵᠤᠷᠪᠤᠰ ᠶᠡᠷᠦᠨᠭᠬᠡᠢ ᠤᠷᠲᠤ ᠨᠢ 400 ᠱᠢᠬᠠᠮ ᠺᠢᠯᠤᠮᠸᠲᠷ᠂ ᠳᠤᠮᠳᠠᠴᠢᠦᠷᠭᠡᠨ ᠨᠢ 5 ᠺᠢᠯᠤᠮᠸᠲᠷ᠂ 1 ᠳ᠋ᠦᠩᠱᠢᠭᠤᠷ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢᠲᠠᠶ 《ᠭᠡᠷᠡᠯᠴᠢ ᠴᠡᠨᠡᠭ᠎ᠦᠨ ᠤᠷᠳᠤ ᠴᠠᠭᠠᠨ ᠬᠡᠷᠡᠮ》᠎ᠢ᠋ ᠶᠠᠭ ᠲᠦᠷᠭᠡᠨ ᠤᠷᠲᠤᠳᠭᠠᠵᠤ ᠪᠠᠢᠨ᠎ᠠ᠃ ᠡᠨᠡ ᠬᠦ᠌ 《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》᠎ᠢ᠋ 2030 ᠣᠨ᠎ᠳᠤ ᠪᠠᠢᠭᠤᠯᠵᠤ ᠳᠠᠭᠤᠰᠭᠠᠬᠤ ᠪᠡᠷ ᠲᠦᠯᠦᠪᠯᠡᠵᠦ᠂ ᠬᠡᠷᠡᠯᠴᠢ ᠴᠡᠨᠡᠭ᠎ᠢᠶᠡᠷ 300 ᠲᠦᠮᠡᠨ ᠮᠥ᠍ ᠡᠯᠡᠰᠦ᠎ᠶ᠋ᠢ ᠵᠠᠰᠠᠬᠤ᠂ ᠠᠮᠢ ᠠᠬᠤᠶ ᠪᠡᠷ 900 ᠲᠦᠮᠡᠨ ᠮᠥ᠍ ᠡᠯᠡᠰᠦ᠎ᠶ᠋ᠢ ᠵᠠᠰᠠᠬᠤ ᠪᠤᠯᠤᠨ᠎ᠠ᠃ 《ᠡᠨᠡ ᠨᠢ 〈ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ〉 ᠪᠣᠯᠬᠤ᠎ᠪᠠᠷ ᠪᠠᠷᠠᠬᠤ ᠥᠬᠡᠶ᠂ ᠨᠠᠩ ᠴᠤ᠌ 〈ᠠᠮᠢ ᠠᠬᠤᠶ᠎ᠶ᠋ᠢᠨ ᠣᠷᠳᠣ ᠴᠠᠭᠠᠨ ᠬᠡᠷᠡᠮ〉᠂ 〈ᠠᠵᠤ ᠦᠶ᠋ᠯᠡᠰ᠎ᠦᠨ ᠣᠷᠳᠣ ᠴᠠᠭᠠᠨ ᠬᠡᠷᠡᠮ〉᠂ 〈ᠠᠷᠠᠳ᠎ᠢ ᠪᠠᠶᠠᠵᠢᠭᠤᠯᠬᠤ ᠣᠷᠳᠣ ᠴᠠᠭᠠᠨ ᠬᠡᠷᠡᠮ〉 ᠪᠣᠯᠤᠨ᠎ᠠ》 ᠭᠡᠵᠦ᠍ ᠤᠷᠳᠤᠰ ᠬᠤᠳᠠ᠎ᠶ᠋ᠢᠨ ᠲᠠᠯᠠᠳ ᠬᠣᠱᠢᠭᠤᠨ᠎ᠤ ᠡᠨᠧᠷᠭᠢ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠵᠠᠩ ᠱᠢᠤᠢ ᠬᠡᠯᠡᠪᠡ᠃
ᠡᠳᠦᠭᠡ᠂ ᠥᠪᠥᠷ ᠮᠣᠩᠭᠣᠯ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠎ᠵᠢ 《ᠬᠡᠪᠴᠢᠶ᠎ᠡ ᠬᠤᠷᠳᠤᠴᠠ》 ᠡᠴᠡ 《ᠶᠠᠰᠤ ᠴᠢᠨᠠᠷ ᠦᠷ᠎ᠡ ᠠᠱᠢᠭ》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ 《〈ᠤᠮᠠᠷᠠᠲᠤ᠎ᠶ᠋ᠢᠨ ᠭᠤᠷᠪᠠᠨ ᠣᠷᠣᠨ〉᠎ᠤ᠋ ᠢᠨᠵᠧᠨᠧᠷᠢᠩ᠎ᠦᠨ ᠶᠠᠰᠤ ᠴᠢᠨᠠᠷ᠎ᠤᠨ ᠣᠨ᠎ᠤ ᠠᠵᠢᠯᠯᠠᠭ᠎ᠠ》 ᠵᠢ ᠬᠡᠷᠡᠭ᠌ᠵᠢᠭᠦᠯᠵᠦ᠍᠂ ᠤᠷᠳᠤ ᠬᠤᠭᠤᠴᠠᠭᠠᠨ᠎ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭ᠍ᠲᠡᠴᠡ᠎ᠶ᠋ᠢ ᠪᠦᠷᠢᠨᠱᠢᠬᠦᠯᠵᠤ᠂ ᠮᠠᠱᠢᠨ᠎ᠢᠶᠠᠷ ᠡᠯᠡᠰᠦ᠎ᠵᠢ ᠵᠠᠰᠠᠬᠤ ᠪᠦᠷᠬᠦᠴᠡ᠎ᠶ᠋ᠢᠨ ᠨᠤᠷᠮ᠎ᠠ 54% ᠳ᠋ᠤ᠌ ᠬᠦᠷᠴᠦ᠍᠂ ᠴᠢᠬᠢ ᠮᠣᠳᠣᠨ᠎ᠤ ᠬᠢᠷᠢ ᠲᠡᠩᠴᠡᠭ᠌ᠰᠡᠨ ᠨᠤᠷᠮ᠎ᠠ 98% ᠡᠴᠡ ᠳᠡᠭᠡᠭ᠌ᠰᠢ᠎ᠳᠦ ᠬᠦᠷᠴᠡᠢ᠃
ᠥᠪᠥᠷ ᠮᠣᠩᠭᠣᠯ ᠥᠭᠡᠷᠡᠴᠢᠯᠡᠯᠲᠡ᠎ᠶ᠋ᠢᠨ ᠠᠷᠭ᠎ᠠ᠎ᠪᠠᠷ ᠨᠤᠲᠤᠭ ᠪᠡᠯᠴᠢᠭᠡᠷ᠎ᠤᠨ ᠳᠠᠭᠠᠭᠠᠴᠠ ᠡᠴᠡ ᠬᠡᠲᠦᠷᠡᠲᠡᠯ᠎ᠡ ᠮᠠᠯᠵᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠪᠡ᠃ ᠪᠦᠬᠦ᠌ ᠣᠷᠣᠨ᠎ᠢᠶᠠᠷ᠎ᠢᠶᠠᠨ 《ᠪᠡᠯᠴᠢᠭᠡᠷᠯᠡᠭᠦᠯᠬᠦ᠌᠎ᠶ᠋ᠢ ᠴᠠᠭᠠᠵᠠᠯᠠᠪᠠᠴᠤ᠌ ᠲᠡᠵᠢᠭᠡᠬᠦ ᠶ᠋ᠢ ᠴᠠᠭᠠᠵᠠᠯᠠᠬᠤ ᠦᠭᠡᠢ》᠂《ᠲᠤᠭ᠎ᠠ᠎ᠵᠢ ᠴᠦᠭᠡᠳᠭᠡᠪᠡᠴᠤ ᠤᠷᠤᠯᠭ᠎ᠠ᠎ᠵᠢ ᠪᠠᠭᠠᠰᠭᠠᠬᠤ ᠦᠭᠡᠢ》 ᠪᠠᠢᠬᠤ᠎ᠶ᠋ᠢ ᠪᠠᠷᠢᠮᠲᠠᠯᠠᠵᠤ᠂ 102 ᠭᠠᠵᠠᠷ ᠣᠷᠣᠨ ᠪᠣᠯᠤᠨ ᠨᠢᠭᠡᠴᠢ ᠪᠡᠯᠴᠢᠭᠡᠷ᠎ᠤᠨ ᠳᠠᠭᠠᠭᠠᠴᠠ ᠡᠴᠡ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠪᠠᠢᠭᠠᠯᠢ᠎ᠶ᠋ᠢᠨ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠦᠨ ᠲᠡᠩᠴᠡᠭᠦᠷᠢ᠎ᠶ᠋ᠢᠨ ᠵᠢᠭᠠᠯᠲᠠ ᠲᠣᠭ᠎ᠠ᠎ᠶ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠶᠡᠷᠦᠩᠬᠡᠢ᠎ᠳᠡᠭᠡᠨ ᠳᠠᠭᠠᠭᠠᠴᠠ ᠡᠴᠡ ᠬᠡᠲᠦᠷᠡᠲᠡᠯ᠎ᠡ ᠮᠠᠯᠵᠢᠬᠤ ᠦᠭᠡᠢ ᠪᠠᠢᠬᠤ᠎ᠶ᠋ᠢ ᠪᠡᠶᠡᠯᠡᠭᠦᠯᠪᠡ᠃ 2025 ᠣᠨ᠎ᠳᠤ᠂ 3004.3 ᠲᠦᠮᠡᠨ ᠮᠥ᠍ ᠲᠠᠴᠢᠷᠳᠠᠭ᠍ᠰᠠᠨ ᠨᠤᠲᠤᠭ ᠪᠡᠯᠴᠢᠭᠡᠷ᠎ᠢ ᠵᠠᠰᠠᠵᠤ᠂ ᠪᠥᠬᠥ᠌ ᠣᠷᠣᠨ᠎ᠤ ᠡᠪᠡᠰᠦ ᠪᠣᠷᠳᠣᠭᠠᠨ᠎ᠤ ᠬᠠᠩᠭᠠᠯᠭ᠎ᠠ᠎ᠶ᠋ᠢᠨ ᠴᠢᠳᠠᠪᠤᠷᠢ 8100 ᠲᠦᠮᠡᠨ ᠲᠣᠨ᠎ᠡᠴᠡ ᠳᠡᠭᠡᠭ᠌ᠰᠢ᠎ᠳᠦ ᠬᠦᠷᠪᠡ᠃
ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠤᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠌ ᠨᠢ ᠶᠡᠷᠦ᠍᠎ᠡᠴᠡ 《ᠭᠠᠭ᠍ᠴᠠ ᠬᠠᠷᠢᠭᠤᠯᠲᠠ ᠲᠠᠢ ᠰᠤᠨᠭᠭᠤᠬᠤ ᠰᠡᠳᠦᠪ》 ᠪᠢᠰᠢ ᠶᠤᠮ᠃ ᠥᠪᠥᠷ ᠮᠣᠩᠭᠣᠯ ᠠᠮᠢ ᠠᠬᠤᠶ᠎ᠪᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠥᠷᠭᠡᠨ ᠣᠯᠠᠨ ᠲᠦᠮᠡᠨ᠎ᠳᠦ ᠠᠮᠢ ᠠᠬᠤᠶ᠎ᠶ᠋ᠢᠨ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠭᠦᠯᠵᠦ᠍ ᠪᠠᠢᠨ᠎ᠠ᠃ 2024 — 2025 ᠣᠨ᠎ᠳᠤ᠂ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠲᠥᠷᠥᠯ ᠵᠦᠶ᠋ᠯ᠎ᠢ ᠬᠡᠷᠡᠭ᠌ᠵᠢᠭᠦᠯᠬᠦ᠌ ᠶᠠᠪᠤᠴᠠ᠎ᠳᠤ ᠬᠦᠳᠡᠯᠮᠦᠷᠢ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠶᠡᠬᠡᠪᠡᠷ ᠳᠡᠯᠭᠡᠷᠡᠭᠦᠯᠵᠦ᠍᠂ ᠨᠡᠢᠲᠡ 18.67 ᠲᠦᠮᠡᠨ ᠮᠠᠯᠴᠢᠨ ᠲᠠᠷᠢᠶᠠᠴᠢᠨ᠎ᠢ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠳᠤ ᠣᠷᠣᠯᠴᠠᠭᠤᠯᠵᠤ᠂ 26.65 ᠳ᠋ᠦᠩᠱᠢᠭᠤᠷ ᠲᠥᠭᠥᠷᠢᠭ᠎ᠤᠨ ᠬᠥᠳᠡᠯᠮᠦᠷᠢ ᠦᠶ᠋ᠯᠡᠴᠢᠯᠡᠭᠡᠨ᠎ᠦ ᠬᠥᠯᠥᠰᠥ᠍ ᠣᠯᠭᠣᠮᠵᠢ ᠲᠠᠷᠬᠠᠭᠠᠵᠤ᠂ ᠬᠥᠮᠦᠨ ᠳᠤᠮᠳᠠᠴᠢ᠎ᠶ᠋ᠢᠨ ᠵᠢᠯ᠎ᠦᠨ ᠨᠡᠮᠡᠭᠳᠡᠯ ᠣᠷᠣᠯᠭ᠎ᠠ᠎ᠨᠢ 1.4 ᠲᠦᠮᠡᠨ ᠲᠥᠭᠥᠷᠢᠭ᠎ᠲᠦ ᠬᠦᠷᠴᠡᠶ᠃
ᠠᠮᠢ ᠠᠬᠤᠢ᠎ᠶ᠋ᠢᠨ ᠦᠢᠯᠡᠳᠭᠦᠨ᠎ᠦ ᠦᠷᠳᠡᠭ᠎ᠦᠨ ᠪᠡᠶᠡᠯᠡᠭ᠌ᠳᠡᠬᠦ᠌ ᠲᠣᠭ᠍ᠲᠡᠴᠡ ᠶᠠᠭ ᠲᠦᠷᠭᠡᠨ ᠨᠠᠢᠳᠠᠪᠤᠷᠢᠵᠢᠭᠤᠯᠤᠭ᠍ᠳᠠᠵᠤ ᠪᠠᠢᠨ᠎ᠠ᠃ 2025 ᠣᠨ᠎ᠳᠤ᠂ ᠬᠥᠯᠥᠨ ᠪᠣᠢᠷ ᠬᠣᠲᠠ᠎ᠨᠢ ᠤᠯᠤᠰ᠎ᠤᠨ ᠵᠢᠷᠤᠮᠵᠢᠯ ᠶᠣᠰᠣᠭᠠᠷ ᠠᠮᠢ ᠠᠬᠤᠶ᠎ᠶ᠋ᠢᠨ ᠦᠢᠯᠡᠳᠭᠦᠨ᠎ᠦ ᠶᠡᠷᠦᠩᠬᠡᠶ ᠥᠷᠲᠡᠭᠲᠦ ᠲᠣᠭᠠᠴᠡᠭ᠎ᠠ ᠬᠢᠬᠦ᠌᠎ᠶ᠋ᠢ ᠪᠡᠶᠡᠯᠡᠭᠦᠯᠦᠭ᠌ᠰᠡᠨ ᠥᠪᠥᠷ ᠮᠣᠩᠭᠣᠯ᠎ᠤᠨ ᠠᠩᠬᠠᠳᠠᠭ᠍ᠴᠢ ᠭᠠᠵᠠᠷ ᠣᠷᠣᠨ ᠪᠣᠯᠵᠣ᠂ ᠳᠥᠷᠪᠡᠨ ᠶᠡᠬᠡ ᠬᠦᠷᠢᠶᠡᠨ᠎ᠦ ᠠᠮᠢ ᠠᠬᠤᠶ᠎ᠶ᠋ᠢᠨ ᠦᠢᠯᠡᠳᠭᠦᠨ᠎ᠦ ᠶᠡᠷᠦᠩᠬᠡᠶ ᠥᠷᠲᠡᠭ 7000 ᠳ᠋ᠦᠩᠱᠢᠭᠤᠷ ᠲᠥᠭᠥᠷᠢᠭ᠎ᠢ ᠳᠠᠪᠠᠪᠠ᠃ ᠬᠢᠩᠭᠠᠨ ᠠᠢᠮᠠᠭ᠎ᠤᠨ ᠣᠢᠵᠢᠭᠤᠯᠵᠤ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠥᠷᠥᠯ ᠵᠦᠶ᠋ᠯ ᠪᠥᠬᠥ᠌ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠲᠦ ᠠᠮᠵᠢᠯᠲᠠ᠎ᠲᠠᠶ ᠭᠠᠷᠪᠠ; ᠥᠪᠥᠷ ᠮᠣᠩᠭᠣᠯ᠎ᠤᠨ ᠲᠦᠷᠦᠭᠦᠦ ᠪᠦᠯᠦᠭ᠎ᠦᠨ 《ᠵᠢᠵᠢᠭ ᠰᠠᠪᠠ ᠭᠠᠵᠠᠷ + ᠢᠳᠡᠭ᠌ᠳᠡᠯ ᠭᠤᠤ》 ᠶ᠋ᠢᠨ ᠬᠥᠷᠥᠰᠥ᠍ ᠱᠢᠷᠣᠶ᠎ᠶ᠋ᠢᠨ ᠢᠳᠡᠭᠳᠡᠯ᠎ᠢ ᠵᠠᠰᠠᠬᠤ ᠠᠮᠢ ᠠᠬᠤᠶ᠎ᠶ᠋ᠢᠨ ᠦᠢᠯᠡᠳᠭᠦᠨ᠎ᠦ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠭᠡᠷ᠎ᠡ᠎ᠶᠢ ᠠᠮᠵᠢᠯᠲᠠ᠎ᠲᠠᠶ ᠲᠣᠭ᠍ᠲᠠᠪᠠ᠃ ᠲᠠᠯ᠎ᠠ ᠨᠤᠲᠤᠭ᠎ᠤᠨ ᠠᠮᠢ ᠠᠬᠤᠢ᠎ᠶ᠋ᠢᠨ ᠨᠥᠬᠥᠪᠥᠷᠢ᠎ᠡᠴᠡ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ ᠬᠦᠷᠲᠡᠯ᠎ᠡ᠂ ᠡᠯᠡᠰᠦᠷᠬᠡᠭ ᠭᠠᠵᠠᠷ᠎ᠢ ᠵᠠᠰᠠᠬᠤ ᠠᠵᠤ ᠦᠢᠯᠡᠰᠵᠢᠯᠲᠡ᠎ᠡᠴᠡ ᠬᠥᠷᠥᠰᠥ᠍ ᠱᠢᠷᠣᠶ᠎ᠶ᠋ᠢᠨ ᠢᠳᠡᠭᠳᠡᠯ᠎ᠢ ᠵᠠᠰᠠᠬᠤ ᠵᠠᠬ᠎ᠠ ᠳᠡᠯᠭᠡᠭᠦᠷᠴᠢᠯᠡᠯᠲᠡ ᠬᠦᠷᠲᠡᠯ᠎ᠡ᠂ ᠨᠤᠮᠢᠨ ᠤᠰᠤ ᠬᠥᠬᠡᠮᠳᠦᠭ ᠠᠭᠤᠯᠠ ᠵᠢᠨ 《ᠦᠩᠭᠡ ᠦᠵᠡᠮᠵᠢ》 ᠨᠢ ᠶᠠᠭ ᠠᠯᠳᠠᠨ ᠠᠭᠤᠯᠠ ᠮᠥᠩᠭᠥᠨ ᠬᠠᠢᠷᠬᠠᠨ᠎ᠤ 《ᠦᠨ᠎ᠡ ᠦᠷᠳᠡᠭ》 ᠪᠣᠯᠤᠨ ᠲᠦᠷᠭᠡᠨ ᠬᠤᠪᠢᠷᠠᠵᠤ ᠪᠠᠢᠨ᠎ᠠ᠃
ᠬᠠᠲᠤᠨ ᠭᠤᠤᠯ᠎ᠤᠨ 《ᠶᠡᠬᠡ ᠲᠣᠬᠣᠶ ᠤᠷᠤᠨ》 ᠡᠴᠡ ᠬᠣᠷᠴᠢᠨ᠎ᠤ ᠡᠯᠡᠰᠦᠷᠬᠡᠭ ᠭᠠᠵᠠᠷ ᠬᠦᠷᠲᠡᠯ᠎ᠡ᠂ ᠤᠯᠠᠭᠠᠨᠪᠤᠬ᠎ᠠ ᠵᠢᠨ ᠡᠯᠡᠰᠦᠨ ᠴᠥᠯ᠎ᠡᠴᠡ ᠬᠥᠯᠥᠨ ᠪᠣᠢᠷ᠎ᠤᠨ ᠲᠠᠯ᠎ᠠ ᠨᠤᠲᠤᠭ ᠬᠦᠷᠲᠡᠯ᠎ᠡ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠡᠴᠡ ᠠᠮᠢ ᠠᠬᠤᠶ᠎ᠶ᠋ᠢᠨ ᠦᠢᠯᠡᠳᠭᠦᠨ᠎ᠦ ᠥᠷᠲᠡᠭ᠎ᠢ ᠪᠡᠶᠡᠯᠡᠭᠦᠯᠬᠦ᠌ ᠬᠦᠷᠲᠡᠯ᠎ᠡ ᠁ ᠥᠪᠥᠷ ᠮᠣᠩᠭᠣᠯ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠳᠦ ᠡᠳᠦᠷ ᠢᠷᠡᠬᠦᠶ᠎ᠡ ᠪᠠᠲᠤ ᠪᠠᠬᠢ ᠪᠣᠯᠵᠣ ᠪᠠᠢᠭ᠎ᠠ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠴᠣᠭ᠍ᠴᠠᠯᠠᠪᠠ᠃
ᠢᠷᠡᠭᠡᠳᠦᠢ᠎ᠳᠦ ᠬᠠᠨᠳᠤᠵᠤ᠂ ᠥᠪᠥᠷ ᠮᠣᠩᠭᠣᠯ ᠨᠡᠩ ᠠᠤᠭ᠎ᠠ ᠶᠡᠬᠡ ᠪᠣᠬᠢᠷᠲᠤᠯ ᠦᠭᠡᠢ ᠠᠯᠤᠰ᠎ᠤᠨ ᠲᠦᠰᠦᠪ᠎ᠢ ᠵᠢᠷᠤᠭ᠍ᠯᠠᠪᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯᠴᠢ ᠪᠣᠯᠬᠤ᠎ᠳᠤ᠂ ᠪᠦᠬᠦ᠌ ᠣᠷᠣᠨ᠎ᠤ ᠵᠠᠰᠠᠵᠤ ᠪᠣᠯᠬᠤ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠨᠣᠷᠮ᠎ᠠ ᠵᠢ 68.48%᠎ᠳ᠋ᠤ᠌ ᠬᠦᠷᠭᠡᠨ᠎ᠡ; ᠪᠥᠬᠥ᠌ ᠣᠷᠣᠨ᠎ᠤ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 22.24%᠎ᠳ᠋ᠤ ᠬᠦᠷᠦᠭᠦᠯᠵᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 45%᠎ᠡᠴᠡ ᠳᠡᠭᠡᠭ᠌ᠰᠢ᠎ᠳᠦ ᠲᠣᠭ᠍ᠲᠠᠭᠤᠨ ᠪᠠᠢᠯᠭᠠᠵᠤ᠂ ᠠᠮᠢ ᠠᠬᠤᠶ᠎ᠶ᠋ᠢᠨ ᠱᠢᠰᠲ᠋ᠧᠮ᠎ᠦᠨ ᠨᠡᠭᠦᠷᠡᠰᠦᠲᠥ᠋ᠷᠥᠭ᠌ᠴᠢ᠎ᠶ᠋ᠢᠨ ᠬᠠᠳᠠᠭᠠᠯᠠᠭ᠍ᠳᠡᠴᠡᠶ᠋ᠢ 110 ᠳ᠋ᠦᠩᠱᠢᠭᠤᠷ ᠲᠣᠨ᠎ᠡᠴᠡ ᠳᠡᠭᠡᠭ᠌ᠰᠢ᠎ᠳᠦ ᠬᠦᠷᠦᠭᠦᠯᠦᠨ᠎ᠡ᠃
2026 ᠣᠨ᠎ᠤ 1 — 5 ᠰᠠᠷ᠎ᠠ᠎ᠳᠤ᠂ ᠥᠪᠥᠷ ᠮᠣᠩᠭᠣᠯ ᠨᠢᠭᠡᠨᠲᠡ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ 1148.41 ᠲᠦᠮᠡᠨ ᠮᠥ᠍ ᠪᠡᠶᠡᠯᠡᠭᠦᠯᠵᠦ᠍᠂ 488.04 ᠲᠦᠮᠡᠨ ᠮᠥ᠍ ᠮᠠᠭᠤᠳᠠᠭ᠍ᠰᠠᠨ ᠨᠤᠲᠤᠭ ᠪᠡᠯᠴᠢᠭᠡᠷ᠎ᠢ ᠵᠠᠰᠠᠵᠤ᠂ ᠣᠷᠣᠨ ᠳᠠᠶᠠᠭᠠᠷ ᠪᠥᠬᠥ᠌ ᠵᠢᠯ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ 4000 ᠲᠦᠮᠡᠨ ᠮᠤ᠌᠎ᠡᠴᠡ ᠳᠡᠭᠡᠭ᠌ᠰᠢ ᠪᠡᠶᠡᠯᠡᠭᠦᠯᠬᠦ᠌᠎ᠪᠡᠷ ᠬᠦᠴᠦᠯᠡᠨ ᠴᠢᠷᠮᠠᠢᠵᠤ ᠪᠠᠢᠨ᠎ᠠ᠃
ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠥᠪᠥᠷ ᠮᠣᠩᠭᠣᠯ ᠶᠠᠭ ᠨᠡᠩ ᠡᠷᠡᠰ ᠪᠠᠲᠤ ᠠᠯᠬᠤᠭ᠎ᠠ᠎ᠪᠠᠷ ᠰᠢᠨ᠎ᠡ ᠠᠶᠠᠨ᠎ᠳᠠᠭᠠᠨ ᠮᠤᠷᠳᠠᠵᠤ᠂ ᠡᠬᠡ ᠤᠯᠤᠰ᠎ᠤᠨ ᠤᠮᠠᠷᠠᠲᠤ᠎ᠵᠢᠨ ᠡᠨᠡᠬᠦ ᠲᠦᠮᠡᠨ ᠭᠠᠵᠠᠷ᠎ᠤᠨ ᠨᠤᠮᠢᠨ ᠨᠤᠭᠤᠭᠠᠨ ᠤᠷᠲᠤ ᠴᠠᠭᠠᠨ ᠬᠡᠷᠡᠮ᠎ᠢ ᠨᠡᠩ ᠪᠠᠲᠤ ᠪᠡᠬᠢ᠂ ᠨᠡᠩ ᠰᠦᠷᠯᠢᠭ ᠰᠠᠢᠬᠠᠨ ᠪᠤᠯᠭᠠᠨ ᠴᠤᠭᠴᠠᠯᠠᠵᠤ ᠪᠤᠢ᠃