ᠬᠤᠩᠭᠤ᠎ᠶ᠋ᠢᠨ ᠳᠠᠪᠠᠭᠠᠨ᠎ᠤ 2029 ᠤᠯᠠᠭ᠎ᠠ᠎ᠥᠷᠲᠡᠭᠡ᠎ᠶ᠋ᠢᠨ ᠪᠦᠲᠦᠭᠡᠨ ᠪᠠᠢᠭᠤᠯᠤᠯᠲᠠ ᠱᠢᠪᠲᠤᠯᠤᠯᠲᠠ᠎ᠶ᠋ᠢᠨ ᠱᠠᠲᠤᠨ᠎ᠳᠤ ᠣᠷᠣᠪᠠ
2026-06-08 11:26:24
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠡᠱᠢᠭ᠌ᠲᠡᠨ ᠬᠤᠱᠢᠭᠤᠨ᠎ᠤ᠋ ᠰᠤᠶᠤᠯ ᠵᠢᠭᠤᠯᠴᠢᠯᠠᠯ᠎ᠤᠨ ᠰᠢᠨ᠎ᠡ ᠭᠠᠵᠠᠷ ᠵᠦᠢ ᠵᠢᠨ ᠢᠯᠡᠷᠬᠡᠢᠯᠡᠯ ᠪᠤᠯᠬᠤ ᠬᠤᠩᠭᠤ ᠵᠢᠨ ᠲᠠᠪᠠᠭᠠᠨ᠎ᠤ 2029 ᠤᠯᠠᠭ᠎ᠠ ᠥᠷᠲᠡᠭᠡ ᠵᠢᠨ ᠲᠥᠷᠥᠯ ᠵᠦᠢᠯ᠎ᠦ᠋ᠨ ᠪᠠᠷᠢᠯᠭ᠎ᠠ᠎ᠶᠢᠨ ᠲᠤᠬᠠᠢ ᠵᠢᠨ ᠲᠠᠯᠠᠪᠠᠢ ᠳ᠋ᠦ ᠠᠵᠢᠯ ᠶᠠᠭᠠᠷᠠᠯᠲᠠᠢ ᠶᠠᠪᠤᠭᠳᠠᠨ᠂ ᠪᠦᠬᠦᠯᠢ ᠴᠣᠭ᠍ᠴᠠ᠎ᠶᠢᠨ ᠪᠠᠷᠢᠯᠭ᠎ᠠ᠎ᠵᠢᠨ ᠪᠦᠲᠦᠭᠡᠨ ᠪᠠᠢᠭᠤᠯᠤᠯᠲᠠ ᠰᠢᠪᠲᠤᠯᠤᠯᠲᠠ ᠵᠢᠨ ᠱᠠᠲᠤᠨ ᠳ᠋ᠤ ᠣᠷᠣᠪᠠ᠃

ᠲᠥᠷᠥᠯ ᠵᠦᠢᠯ᠎ᠢ ᠡᠷᠲᠡ ᠠᠱᠢᠭ᠍ᠯᠠᠯᠲᠠ᠎ᠳᠤ ᠣᠷᠣᠭᠤᠯᠬᠤ᠎ᠶ᠋ᠢᠨ ᠲᠥᠯᠥᠭᠡ᠂ ᠪᠠᠷᠢᠯᠭ᠎ᠠ ᠵᠢᠨ ᠨᠢᠭᠡᠴᠢ ᠪᠠᠷᠢᠯᠭ᠎ᠠ ᠵᠢᠨ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠵᠢᠭᠦᠯᠦᠨ᠂ ᠡᠭᠦᠷᠭᠡ᠎ᠶ᠋ᠢ ᠨᠠᠷᠢᠯᠢᠬ᠍ᠵᠢᠭᠤᠯᠵᠤ᠂ ᠬᠥᠮᠦᠨ᠎ᠤ ᠬᠦᠴᠦᠨ᠂ ᠮᠠᠱᠢᠨ ᠮᠧᠬᠠᠨᠢᠭ ᠵᠢᠴᠢ ᠪᠣᠳᠠᠰ᠎ᠤᠨ ᠬᠦᠴᠦᠨ᠎ᠢ ᠵᠦᠶ ᠵᠣᠬᠢᠰᠲᠠᠶ ᠳᠣᠭᠢᠷᠠᠭᠤᠯᠤᠨ᠂ ᠪᠠᠷᠢᠯᠭ᠎ᠠ᠎ᠶ᠋ᠢᠨ ᠶᠠᠰᠤ ᠴᠢᠨᠠᠷ ᠬᠢᠭᠡᠳ ᠠᠮᠤᠷ ᠲᠦᠪᠱᠢᠨ᠎ᠢ ᠴᠢᠩᠭ᠎ᠠ ᠡᠵᠡᠮᠳᠡᠵᠦ᠍᠂ ᠲᠥᠷᠥᠯ ᠵᠦᠢᠯ᠎ᠢ ᠥᠨᠳᠥᠷ ᠪᠦᠲᠦᠮᠵᠢᠲᠡᠶ᠎ᠠᠬᠢᠭᠤᠯᠬᠤ᠎ᠶ᠋ᠢ ᠦᠨᠡᠨ ᠬᠦ᠌ ᠪᠠᠲᠤᠯᠠᠵᠤ ᠪᠤᠢ᠃

ᠤᠯᠠᠭᠠᠨᠬᠠᠳᠠ᠎ᠶ᠋ᠢᠨ ᠵᠠᠮ ᠬᠠᠷᠢᠯᠴᠠᠭᠠᠨ ᠤ᠋ ᠪᠡᠯᠡ ᠤᠷᠤᠭᠤᠯᠤᠯᠳᠠ ᠵᠢᠨ ᠪᠦᠯᠦᠭᠯᠡᠯ ᠤ᠋ᠨ ᠵᠠᠮ ᠬᠥᠭᠦᠷᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠳ᠋ᠦᠩ ᠡᠸ᠋ ᠢ᠄ 《ᠣᠳᠣᠬᠠᠨ᠎ᠳᠤ ᠲᠥᠷᠥᠯ ᠵᠦᠢᠯ᠎ᠤᠨ ᠵᠢᠭᠤᠯᠴᠢᠯᠠᠭᠰᠠᠳ᠎ᠤᠨ ᠲᠥᠪ᠂ ᠭᠠᠯ ᠰᠡᠷᠭᠡᠢᠯᠡᠵᠦ ᠭᠠᠯ ᠤᠨᠲᠠᠷᠠᠭᠠᠬᠤ ᠤᠰᠤᠨ ᠲᠠᠳᠠᠭᠠᠯ᠂ ᠪᠠᠭᠤᠳᠠᠯ᠂ ᠤᠰᠤᠨ ᠦᠵᠡᠮᠵᠢ ᠵᠢᠨ ᠦᠷᠦᠭᠡ᠂ ᠦᠵᠡᠮᠵᠢ ᠰᠣᠨᠢᠷᠬᠠᠬᠤ ᠲᠡᠢᠰᠠ᠎ᠵᠢᠨ ᠭᠤᠣᠯ ᠴᠣᠭ᠍ᠴᠠ ᠵᠢᠨ ᠪᠦᠲᠦᠭᠡᠨ ᠪᠠᠢᠭᠤᠯᠤᠯᠳᠠ ᠦᠨᠳᠦᠰᠦᠨ᠎ᠳᠡᠭᠡᠨ ᠳᠠᠭᠤᠰᠴᠤ᠂ ᠵᠠᠰᠠᠵᠤ ᠴᠢᠮᠡᠭᠯᠡᠬᠦ ᠡᠴᠡ ᠡᠮᠦᠨᠡᠬᠢ ᠵᠦᠢᠯ ᠵᠢᠴᠢ ᠰᠢᠯ ᠬᠦᠬᠦᠷᠭᠡ ᠵᠢᠨ ᠭᠤᠤᠯ ᠴᠤᠭᠴᠠ ᠵᠢ ᠶᠠᠭᠠᠷᠠᠯᠲᠠᠢ ᠪᠠᠢᠭᠤᠯᠵᠤ ᠪᠠᠢᠨ᠎ᠠ᠃ ᠡᠨᠡ ᠵᠢᠯ᠎ᠤᠨ 7 ᠰᠠᠷ᠎ᠠ᠎ᠶ᠋ᠢᠨ ᠳᠤᠮᠳᠠᠴᠢ᠎ᠪᠠᠷ ᠠᠱᠢᠭ᠍ᠯᠠᠯᠲᠠ᠎ᠳᠤ ᠣᠷᠣᠭᠤᠯᠬᠤ᠎ᠪᠠᠷ ᠴᠢᠷᠮᠠᠢᠨ᠎ᠠ》ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠤᠢᠯᠠᠭᠠᠭᠰᠠᠨ ᠵᠢᠡᠷ᠂ ᠲᠣᠰ ᠲᠥᠷᠥᠯ ᠵᠦᠢᠯ᠎ᠤᠨ ᠶᠡᠷᠦᠩᠬᠡᠢ ᠪᠡᠯᠡ ᠤᠷᠤᠭᠤᠯᠤᠯᠲᠠ ᠨᠢ 3500 ᠲᠦᠮᠡᠨ ᠲᠥᠭᠦᠷᠢᠭ ᠲᠦ᠍ ᠬᠦᠷᠴᠦ᠂ ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠭᠦᠯᠬᠦ ᠤᠢᠯᠠᠭᠠᠭᠳᠠᠬᠤᠨ᠎ᠢ ᠪᠠᠷᠢᠮᠳᠠᠯᠠᠨ᠂ ᠰᠣᠶᠣᠯ ᠵᠢᠭᠤᠯᠴᠢᠯᠠᠯ ᠰᠡᠯᠡᠭᠦᠴᠡᠯ᠂ ᠦᠵᠡᠮᠵᠢ ᠰᠣᠨᠢᠷᠬᠠᠬᠤ᠂ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠴᠢᠳᠠᠮᠵᠢ ᠶ᠋ᠢ ᠨᠢᠭᠡ ᠴᠤᠭ᠍ᠴᠠᠵᠢᠭᠤᠯᠵᠤ᠂ ᠪᠡᠶᠡᠴᠢᠯᠡᠨ ᠤᠢᠯᠠᠭᠠᠬᠤ ᠮᠠᠶᠢᠭ᠎ᠤᠨ ᠡᠵᠡᠩᠨᠡᠯᠲᠡ ᠵᠢᠨ ᠬᠡᠯᠪᠡᠷᠢ᠎ᠵᠢᠨ ᠰᠢᠨ᠎ᠡ ᠵᠢ ᠡᠭᠦᠳᠴᠡᠢ᠃ ᠡᠭᠦᠨ ᠳ᠋ᠤ ᠳᠡᠭᠦᠵᠢᠩ ᠺᠣᠹᠧ᠎ᠶ᠋ᠢᠨ ᠲᠢᠩᠬᠢᠮ᠂ ᠱᠢᠯ ᠬᠥᠭᠦᠷᠭᠡᠨ ᠵᠠᠮ᠂ ᠳᠡᠭᠦᠵᠢᠩ ᠬᠡᠯᠪᠡᠷᠢᠲᠦ ᠤᠳᠤ ᠰᠤᠨᠢᠷᠬᠠᠬᠤ ᠲᠢᠩᠬᠢᠮ ᠵᠡᠷᠭᠡ ᠤᠨᠴᠠᠯᠢᠭᠳᠤ ᠲᠥᠬᠦᠭᠡᠷᠦᠮᠵᠢ ᠪᠠᠢᠵᠤ᠂ ᠥᠪᠡᠷᠮᠢᠴᠡ ᠵᠢᠷᠤᠭ ᠲᠥᠯᠥᠪᠯᠡᠭᠡ ᠪᠠ ᠦᠷᠭᠡᠨ ᠬᠠᠷᠠᠭ᠎ᠠ ᠳ᠋ᠠᠭᠠᠨ ᠲᠦᠰᠢᠭᠯᠡᠨ᠂ ᠬᠡᠱᠢᠭ᠌ᠲᠡᠨ ᠬᠤᠱᠢᠭᠤᠨ᠎ᠤ ᠪᠠᠰᠠ ᠨᠢᠭᠡᠨ ᠵᠢᠭᠤᠯᠴᠢᠯᠠᠯ ᠤ᠋ᠨ ᠬᠠᠯᠠᠮᠰᠢᠯ ᠤᠷᠤᠨ ᠪᠤᠯᠵᠤ᠂ ᠵᠢᠭᠤᠯᠴᠢᠯᠠᠭᠰᠠᠳ ᠬᠤᠩᠭᠤ᠎ᠶ᠋ᠢᠨ ᠳᠠᠪᠠᠭᠠᠨ᠎ᠤ ᠰᠦᠷᠯᠢᠭ ᠰᠠᠢᠬᠠᠨ ᠦᠵᠡᠮᠵᠢ᠎ᠶ᠋ᠢ ᠪᠦᠬᠦ᠌ ᠲᠠᠯ᠎ᠠ᠎ᠪᠠᠷ ᠤᠯᠵᠤ ᠰᠤᠨᠢᠷᠬᠠᠬᠤ ᠪᠤᠯᠤᠨ᠎ᠠ᠃

《ᠬᠤᠩᠭᠤ᠎ᠶ᠋ᠢᠨ ᠳᠠᠪᠠᠭᠠᠨ᠎ᠤ 2029 ᠤᠯᠠᠭ᠎ᠠ ᠥᠷᠲᠡᠭᠡ ᠠᠱᠢᠭ᠍ᠯᠠᠯᠲᠠ᠎ᠳᠤ ᠣᠷᠣᠭᠰᠠᠨ᠎ᠤ ᠳᠠᠷᠠᠭ᠎ᠠ᠂ ᠷᠠᠰᠢᠶᠠᠨ ᠡᠴᠡ ᠠᠰᠬᠠᠳᠤ ᠬᠦᠷᠬᠦ ᠵᠠᠮ ᠳᠠᠭᠠᠤ᠎ᠲᠡᠷᠭᠡ ᠵᠣᠭ᠍ᠰᠣᠭᠠᠵᠤ ᠦᠵᠡᠮᠵᠢ ᠰᠤᠨᠢᠷᠬᠠᠬᠤ ᠳᠠᠷᠤᠭᠠᠰᠤ ᠵᠢ ᠶᠡᠬᠡ ᠪᠡᠷ ᠬᠦᠩᠭᠡᠷᠡᠭᠦᠯᠬᠦ ᠪᠦᠭᠡᠳ ᠤᠶᠤᠨᠴᠢ ᠲᠡᠷᠭᠡᠨ ᠵᠤᠭᠰᠤᠭᠠᠯ ᠠᠰᠢᠭᠯᠠᠯᠲᠠ ᠳ᠋ᠤ ᠤᠷᠤᠭᠰᠠᠨ᠎ᠤ ᠳᠠᠷᠠᠭ᠎ᠠ ᠨᠢᠭᠡ ᠪᠦᠯᠦᠭ ᠰᠢᠨ᠎ᠡ ᠡᠨᠧᠷᠭᠢ᠎ᠶ᠋ᠢᠨ ᠮᠠᠱᠢᠨ ᠲᠡᠷᠭᠡ ᠡᠨᠳᠡ ᠴᠠᠬᠢᠯᠭᠠᠨ ᠴᠡᠨᠡᠭ᠌ᠯᠡᠵᠦ ᠪᠤᠯᠤᠨ᠎ᠠ᠃ ᠢᠯᠠᠩᠭᠤᠶ᠎ᠠ ᠮᠠᠨ᠎ᠤ ᠰᠢᠨ᠎ᠡ ᠪᠠᠢᠭᠤᠯᠤᠭᠰᠠᠨ 202.9 ᠮᠧᠲᠷ᠎ᠤᠨ ᠱᠢᠯ ᠬᠥᠭᠦᠷᠭᠡᠨ ᠵᠠᠮ ᠵᠢᠭᠤᠯᠴᠢᠯᠠᠭᠰᠠᠳ᠎ᠤᠨ ᠰᠤᠨᠢᠷᠬᠠᠯ᠎ᠢ ᠲᠠᠲᠠᠬᠤ ᠨᠢ ᠯᠠᠪᠲᠠᠢ》 ᠭᠡᠵᠦ ᠬᠡᠱᠢᠭ᠌ᠲᠡᠨ ᠬᠤᠱᠢᠭᠤᠨ᠎ᠤ ᠰᠣᠶᠣᠯ ᠵᠢᠭᠤᠯᠴᠢᠯᠠᠯ᠎ᠤᠨ ᠪᠦᠯᠦᠭ᠌ᠯᠡᠯ᠎ᠤᠨ ᠳᠡᠳ᠋ ᠶᠡᠷᠦᠩᠬᠡᠢ ᠳᠠᠭᠠᠭᠠᠮᠠᠯ ᠯᠢᠦ ᠭᠦᠸᠸ ᠮᠸᠩ ᠶᠠᠷᠢᠯ᠎ᠠ᠃

ᠬᠤᠩᠭᠤ ᠵᠢᠨ ᠲᠠᠪᠠᠭᠠᠨ᠎ᠤ 2029 ᠤᠯᠠᠭ᠎ᠠ ᠥᠷᠲᠡᠭᠡ ᠠᠰᠢᠭᠯᠠᠯᠲᠠ ᠳ᠋ᠤ ᠤᠷᠤᠭᠰᠠᠨ᠎ᠤ ᠳᠠᠷᠠᠭ᠎ᠠ᠂ ᠲᠡᠭᠦᠨ᠎ᠤ ᠶᠡᠷᠦᠩᠬᠡᠢᠯᠡᠭᠰᠡᠨ ᠦᠷᠲᠡᠭ ᠨᠢ ᠰᠠᠭᠤᠷᠢ ᠵᠢᠭᠤᠯᠴᠢᠯᠠᠯ ᠦᠢᠯᠡᠴᠢᠯᠡᠭᠡᠨ᠎ᠤ ᠴᠢᠳᠠᠮᠵᠢ ᠡᠴᠡ ᠬᠤᠯᠠ ᠳᠠᠪᠠᠵᠤ᠂ ᠤᠯᠠᠨ ᠡᠰᠢᠴᠢᠯᠡᠭᠰᠡᠨ ᠪᠡᠶ᠎ᠡ ᠪᠡᠷ ᠵᠢᠡᠨ ᠤᠷᠤᠯᠴᠠᠵᠤ ᠭᠦᠨᠵᠡᠭᠡᠢ ᠤᠢᠯᠠᠭᠠᠬᠤ ᠮᠠᠶᠢᠭ᠎ᠤᠨ ᠵᠢᠭᠤᠯᠴᠢᠯᠠᠨ ᠨᠠᠭᠠᠳᠬᠤ ᠲᠦᠷᠦᠯ ᠵᠢᠡᠷ ᠳᠠᠮᠵᠢᠨ᠂ ᠵᠢᠭᠤᠯᠴᠢᠯᠠᠭᠰᠠᠳ᠎ᠤᠨ ᠵᠢᠭᠤᠯᠴᠢᠯᠠᠨ ᠰᠠᠭᠠᠲᠠᠬᠤ ᠴᠠᠭ᠎ᠢ ᠪᠦᠲᠦᠮᠵᠢᠲᠠᠢ ᠤᠷᠲᠤᠤᠬᠠᠠᠵᠤ᠂ ᠵᠠᠮ ᠳᠠᠭᠠᠤ ᠰᠤᠶᠤᠯ ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠭᠦᠢᠴᠡᠳ ᠪᠠᠳᠠᠷᠠᠭᠤᠯᠤᠨ᠎ᠠ᠃ ᠡᠭᠦᠨ᠎ᠤ ᠬᠠᠮᠲᠤ᠂ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ ᠳ᠋ᠤ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠵᠢᠡᠨ ᠳᠡᠯᠭᠡᠨ ᠦᠵᠡᠭᠦᠯᠬᠦ᠂ ᠪᠣᠷᠣᠯᠠᠭᠤᠯᠬᠤ ᠲᠠᠪᠴᠠᠩ ᠬᠠᠩᠭᠠᠨ᠂ ᠣᠯᠠᠨ ᠲᠦᠮᠡᠨ᠎ᠢ ᠳᠠᠢᠴᠢᠯᠠᠨ᠂ ᠠᠵᠢᠯ ᠣᠯᠭᠤᠵᠤ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠠᠮᠢ ᠠᠬᠤᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号