ᠡᠶ᠎ᠡ ᠨᠠᠢᠷᠲᠠᠢ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠬᠥᠳᠡᠭᠡ ᠲᠣᠰᠭᠣᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠬᠦᠴᠢᠷ ᠠᠰᠠᠭᠤᠳᠠᠯ᠎ᠢ ᠱᠢᠶ᠋ᠳᠪᠦᠷᠢᠯᠡᠬᠦ ᠵᠢᠨ ᠲᠦᠯᠦᠭᠡ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠯᠤᠤ ᠵᠢᠤᠸᠠᠨ ᠭᠸᠦ ᠱᠢᠶᠠᠩ ᠨᠠᠰᠤᠲᠠᠢᠴᠤᠳ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠬᠥᠳᠡᠭᠡ ᠲᠣᠰᠭᠣᠨ᠎ᠤ ᠰᠤᠯᠠ ᠪᠠᠢᠭ᠎ᠠ ᠡᠬᠢ ᠪᠠᠶᠠᠯᠢᠭ᠎ᠢ ᠨᠡᠢᠳᠬᠡᠨ᠂ ᠤᠷᠤᠨ ᠨᠤᠲᠤᠭ᠎ᠤᠨ ᠰᠣᠶᠣᠯ᠎ᠢ ᠠᠮᠢᠳᠤᠯᠢᠭᠵᠢᠭᠤᠯᠵᠤ᠂ ᠦᠢᠯᠡᠴᠢᠯᠡᠭᠡᠨ᠎ᠦ ᠵᠠᠭ᠍ᠪᠤᠷ᠎ᠤᠨ ᠱᠢᠨ᠎ᠡ᠎ᠶ᠋ᠢ ᠡᠭᠦᠳᠴᠤ᠂ ᠣᠷᠣᠨ ᠪᠦᠰᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠢ ᠥᠨᠳᠥᠷ ᠪᠠᠷᠢᠮᠵᠢᠶ᠎ᠠ᠎ᠪᠠᠷ ᠪᠠᠢᠭᠤᠯᠤᠨ᠂《ᠰᠣᠶᠣᠯ᠎ᠢᠶᠠᠷ ᠨᠠᠰᠤᠲᠠᠢᠴᠤᠳ ᠤ᠋ᠨ ᠤᠶᠤᠨ ᠰᠠᠨᠠᠭ᠎ᠠ ᠵᠢ ᠤᠮᠳᠠᠯᠠᠬᠤ ᠂ ᠰᠡᠳᠬᠢᠯ ᠢ᠋ ᠲᠤᠯᠠᠭᠠᠴᠠᠭᠤᠯᠬᠤ ᠬᠣᠭᠣᠯᠠᠨ ᠤ᠋ ᠲᠤᠰᠠᠯᠠᠮᠵᠢ ᠂ ᠲᠤᠬᠢᠯᠢᠭ ᠤᠷᠤᠨ ᠰᠠᠭᠤᠴᠠ ᠡᠷᠡᠭᠦᠯᠵᠢᠯ ᠰᠤᠪᠢᠯᠠᠯᠲᠠ》 ᠪᠠᠷ ᠭᠠᠷᠳᠠᠴᠠ ᠪᠣᠯᠭᠠᠨ᠂ ᠱᠢᠪᠡᠭᠡ ᠬᠠᠱᠢᠶ᠎ᠠ᠎ᠶ᠋ᠢᠨ ᠬᠠᠯᠠᠭᠤᠨ ᠳᠤᠯᠠᠭᠠᠨ ᠭᠡᠷ ᠣᠷᠣᠨ᠎ᠢ ᠰᠠᠢᠲᠤᠷ ᠪᠠᠢᠭᠤᠯᠵᠤ᠂ ᠠᠷᠠᠳ᠎ᠲᠤ ᠳᠥᠭᠥᠮ ᠦᠵᠡᠭᠦᠯᠬᠦ ᠨᠠᠰᠤᠲᠠᠢᠴᠤᠳ ᠲᠤ᠌ ᠵᠤᠷᠢᠭᠤᠯᠤᠭᠰᠨᠨ ᠬᠣᠭᠣᠯᠠᠨ ᠭᠡᠷ᠎ᠢ ᠰᠠᠢᠲᠤᠷ ᠡᠷᠬᠢᠯᠡᠨ᠂ ᠰᠣᠶᠣᠯ᠎ᠤᠨ ᠵᠣᠷᠢᠭ ᠰᠠᠨᠠᠭᠠᠨ᠎ᠤ ᠱᠢᠮ᠎ᠡ ᠲᠡᠵᠢᠭᠡᠯ᠎ᠢ ᠪᠣᠳᠠᠲᠠᠢᠵᠢᠭᠤᠯᠤᠨ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠲᠠᠷᠢᠶᠠᠨ ᠭᠠᠵᠠᠷ᠎ᠲᠤ ᠬᠦᠷᠲᠡᠯ᠎ᠡ ᠤᠷᠲᠤᠳᠭᠠᠨ᠂ ᠨᠠᠰᠤᠲᠠᠳ ᠤ᠋ᠨ ᠡᠭᠦᠳᠡᠨ᠎ᠳᠦ ᠬᠦᠷᠭᠡᠵᠤ᠂ ᠬᠥᠳᠡᠭᠡ ᠲᠣᠰᠭᠣᠨ᠎ᠤ ᠨᠠᠰᠤᠲᠠᠳ᠎ᠢ ᠭᠡᠷ᠎ᠦᠨ ᠡᠭᠦᠳᠡᠨ᠎ᠳᠦᠨᠢ ᠵᠣᠯ ᠵᠢᠷᠭᠠᠯ᠎ᠲᠠᠶ ᠥᠲᠡᠯᠦᠭᠡ ᠨᠠᠰᠤᠨ ᠤ᠋ ᠠᠮᠢᠳᠤᠷᠠᠯ ᠢ᠋ ᠡᠳ᠋ᠯᠡᠭᠦᠯᠵᠤ᠂ ᠰᠡᠳᠬᠢᠯ ᠢ᠋ ᠲᠤᠯᠠᠭᠠᠯᠠᠬᠤ ᠨᠠᠰᠤᠵᠢᠯ᠎ᠤᠨ ᠠᠰᠠᠷᠠᠮᠵᠢ ᠪᠡᠷ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ᠃
ᠯᠤᠤ ᠵᠢᠤᠸᠨᠨ ᠭᠸᠦ ᠱᠢᠶᠠᠩ᠎ᠤᠨ ᠵᠢᠷᠭᠠᠯᠠᠩᠲᠤ ᠬᠦᠷᠢᠶᠡᠯᠡᠩ᠎ᠳᠦ ᠣᠷᠣᠪᠠᠯ᠂ ᠬᠡᠭᠡᠨᠴᠢᠷ ᠰᠠᠢᠬᠠᠨ ᠱᠢᠪᠡᠭᠡ ᠬᠠᠱᠢᠶ᠎ᠠ ᠴᠡᠪᠡᠷ ᠲᠤᠬᠢᠯᠢᠭ ᠬᠠᠷᠠᠭᠳᠠᠵᠤ᠂ ᠬᠥᠳᠡᠭᠡ ᠲᠣᠰᠭᠣᠨ ᠤ᠋ ᠬᠦᠭᠵᠢᠶᠠᠨᠲᠠᠢ ᠪᠤᠷᠤᠭᠵᠢᠭᠤᠨ ᠠᠮᠢᠳᠤᠷᠠᠯ ᠤ᠋ᠨ ᠠᠭᠤᠷ ᠠᠮᠢᠰᠭᠤᠯ᠎ᠢ ᠬᠠᠳᠠᠭᠠᠯᠠᠬᠤ ᠵᠢᠨ ᠬᠠᠮᠲᠤ ᠪᠠᠰᠠ ᠣᠷᠣᠱᠢᠨ ᠰᠠᠭᠤᠬᠤ᠎ᠳᠤ ᠲᠠᠭᠠᠯᠠᠮᠵᠢᠲᠠᠶ ᠡᠷᠡᠭᠦᠯ ᠮᠡᠨᠳᠦ᠍᠎ᠶ᠋ᠢᠨ ᠰᠤᠪᠢᠯᠠᠯᠲᠠ᠎ᠶ᠋ᠢᠨ ᠴᠢᠳᠠᠮᠵᠢ ᠵᠢ ᠬᠠᠳᠠᠭᠠᠯᠠᠭᠰᠠᠨ ᠬᠠᠷᠠᠬᠳᠠᠨ᠎ᠠ᠃
ᠵᠢᠵᠢᠭ ᠰᠢᠪᠡᠭᠡ ᠬᠠᠰᠢᠶᠠᠨ᠎ᠳᠦ ᠵᠤᠭ᠎ᠠ ᠴᠡᠩᠭᠡᠯ᠎ᠦᠨ ᠲᠣᠭᠣᠷᠢᠭ᠂ ᠡᠳᠦᠷ ᠲᠤᠲᠤᠮ᠎ᠤᠨ ᠠᠵᠢᠯᠯᠠᠭᠠᠨ᠎ᠦ ᠲᠣᠭᠣᠷᠢᠭ ᠭᠠᠷᠭᠠᠵᠤ᠂ ᠨᠠᠰᠤᠲᠠᠢᠴᠤᠳ ᠨᠡᠷᠡᠨ᠎ᠳᠦ ᠡᠭᠡᠭᠡᠵᠦ᠍᠂ ᠭᠡᠷ ᠵᠠᠭᠤᠷ᠎ᠠ᠎ᠶ᠋ᠢᠨ ᠵᠣᠭᠣᠭ ᠳᠡᠯᠭᠡᠵᠦ᠍ ᠲᠠᠭᠠᠳᠠᠢ ᠰᠠᠭᠤᠵᠠᠭᠠᠨ᠎ᠠ᠃ ᠲᠤᠰ ᠬᠤᠰᠢᠭᠤ ᠱᠢᠪᠡᠭᠡ ᠬᠠᠱᠢᠶᠠᠨ᠎ᠳᠦ ᠲᠦᠱᠢᠭ᠌ᠯᠡᠨ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠪᠢᠴᠢᠯ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠤᠯᠠᠮᠵᠢᠯᠠᠯᠲᠤ ᠨᠠᠰᠤᠵᠢᠯ᠎ᠤᠨ ᠠᠰᠠᠷᠠᠮᠵᠢ᠎ᠶ᠋ᠢᠨ ᠵᠠᠭ᠍ᠪᠤᠷ᠎ᠢ ᠡᠪᠳᠡᠨ᠂ ᠨᠠᠰᠤᠲᠠᠢᠴᠤᠳ᠎ᠢ ᠨᠤᠲᠤᠭ ᠤᠰᠤ᠎ᠠᠴᠠ ᠨᠢ ᠰᠠᠯᠭᠠᠬᠤ ᠦᠭᠡᠢ᠂ ᠭᠡᠷ ᠣᠷᠣᠨ᠎ᠠᠴᠠ ᠨᠢ ᠬᠤᠯᠠᠳᠠᠭᠤᠯᠬᠤ ᠦᠭᠡᠢ᠂ ᠲᠠᠨᠢᠯ ᠲᠠᠰᠤᠯ ᠣᠷᠴᠢᠨ ᠲᠣᠭᠣᠷᠢᠨ ᠳ᠋ᠤᠨᠢ ᠳᠣᠲᠣᠨᠣ ᠬᠠᠷᠠᠭᠠᠯᠵᠠᠯ ᠬᠦᠷᠲᠡᠭᠡᠵᠦ᠍᠂ ᠬᠥᠳᠡᠭᠡ ᠲᠣᠰᠭᠣᠨ᠎ᠤ ᠳᠤᠷᠠᠰᠤᠮᠵᠢ᠎ᠶ᠋ᠢ ᠨᠢ ᠦᠯᠡᠳᠡᠭᠡᠵᠤ᠂ ᠭᠡᠷ ᠣᠷᠣᠨ᠎ᠤ ᠬᠠᠢᠷ᠎ᠠ ᠬᠠᠯᠠᠮᠵᠢ᠎ᠶ᠋ᠢ ᠮᠡᠳᠡᠷᠡᠭᠦᠯᠵᠦ᠍᠂ ᠲᠡᠳᠡᠨ ᠤ᠋ 《ᠤᠢ᠍ᠢᠷ᠎ᠠ ᠬᠠᠪᠢ᠎ᠳᠠᠭᠠᠨ ᠨᠠᠰᠤᠵᠢᠯ᠎ᠤᠨ ᠠᠰᠠᠷᠠᠮᠵᠢ ᠬᠦᠷᠳᠡᠬᠦ᠌᠂ ᠲᠠᠭᠠᠯᠠᠮᠵᠢᠲᠠᠢ ᠨᠠᠰᠤᠵᠢᠯ᠎ᠤᠨ ᠠᠰᠠᠷᠠᠮᠵᠢ ᠬᠦᠷᠳᠡᠬᠦ᠌》 ᠵᠢ ᠪᠡᠶᠡᠯᠡᠭᠦᠯᠵᠠᠢ᠃
ᠨᠠᠰᠤᠲᠠᠢᠴᠤᠳ᠎ᠤᠨ ᠬᠠᠮᠤᠭ᠎ᠠᠴᠠ ᠠᠩᠬᠠᠷᠴᠤ᠌ ᠪᠠᠢᠭᠰᠠᠨ《ᠨᠢᠭᠡ ᠴᠠᠭ᠎ᠤᠨ ᠬᠠᠯᠠᠭᠤᠨ ᠬᠣᠭᠣᠯᠠ》 ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠰᠤᠵᠢᠯ᠎ᠤᠨ ᠦᠶ᠋ᠯᠡᠴᠢᠯᠡᠭᠡᠨ᠎ᠦ ᠲᠥᠪ᠎ᠨᠢ ᠨᠠᠰᠤᠲᠠᠢᠴᠤᠳ ᠲᠤ᠌ ᠵᠤᠷᠢᠭᠤᠯᠤᠭᠰᠠᠨ ᠬᠣᠭᠣᠯᠠᠨ ᠭᠡᠷ ᠡᠷᠬᠢᠯᠡᠨ᠂ ᠬᠣᠭᠣᠯᠠᠨ ᠭᠡᠷ᠎ᠲᠦ ᠢᠳᠡᠭᠡᠨ᠎ᠦ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠴᠡᠪᠡᠷ ᠴᠡᠮᠴᠡᠭᠡᠷ᠂ ᠡᠮᠬᠢ ᠵᠢᠷᠤᠮ᠎ᠲᠠᠶ ᠪᠠᠢᠵᠤ᠂ ᠨᠠᠰᠤᠲᠠᠢᠴᠤᠳ᠎ᠤᠨ ᠬᠣᠳᠣᠭᠣᠳᠣ ᠭᠡᠳᠡᠰᠦᠨ᠎ᠦ ᠣᠨᠴᠠᠯᠢᠭ ᠪᠠ ᠢᠳᠡᠭᠡᠨ ᠤᠮᠳᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ᠂ ᠰᠢᠡᠭᠭᠡᠬᠦ ᠳ᠋ᠤ ᠬᠢᠯᠪᠡᠷ᠂ ᠱᠢᠮ᠎ᠡ ᠲᠡᠵᠢᠭᠡᠯ ᠲᠡᠩᠴᠡᠭᠦᠷᠢᠲᠡᠶ ᠪᠠᠢᠬᠤ ᠬᠣᠭᠣᠯᠠ ᠲᠣᠬᠢᠷᠠᠭᠤᠯᠬᠤ ᠪᠠᠷᠢᠮᠵᠢᠶ᠎ᠠ᠎ᠶ᠋ᠢ ᠪᠠᠷᠢᠮᠲᠠᠯᠠᠵᠤ᠂ ᠡᠳᠦᠷ ᠪᠦᠷᠢ᠎ᠶ᠋ᠢᠨ ᠢᠳᠡᠭᠡᠨ᠎ᠦ ᠵᠣᠷ᠎ᠢ ᠵᠦᠶ ᠵᠣᠬᠢᠰᠲᠠᠶ ᠲᠣᠭ᠍ᠲᠠᠭᠠᠵᠤ᠂ ᠨᠣᠭᠣᠭ᠎ᠠ᠎ᠨᠢ ᠱᠢᠨ᠎ᠡ ᠰᠣᠷᠭᠣᠭ᠂ ᠠᠮᠲᠠ ᠨᠢ ᠲᠣᠬᠢᠷᠠᠮᠵᠢᠲᠠᠶ᠂ ᠦᠨ᠎ᠡ ᠬᠠᠩᠰᠢ ᠨᠢ ᠬᠢᠮᠳᠠ ᠪᠠᠢᠬᠤ ᠵᠢ ᠪᠠᠷᠢᠮᠳᠠᠯᠠᠵᠦ ᠪᠠᠢᠨ᠎ᠠ᠃
ᠨᠠᠰᠤᠵᠢᠯ᠎ᠤᠨ ᠠᠰᠠᠷᠠᠮᠵᠢ ᠨᠢ 《ᠪᠡᠶ᠎ᠡ ᠰᠤᠪᠢᠯᠠᠬᠤ》᠎ᠪᠡᠷ ᠵᠣᠭ᠍ᠰᠣᠬᠤ ᠪᠢᠰᠢ᠂ ᠨᠡᠩ ᠴᠢᠬᠤᠯᠠ ᠨᠢ《ᠰᠡᠳᠭᠢᠯ ᠢ ᠰᠤᠪᠢᠯᠠᠬᠤ》 ᠳ᠋ᠤ ᠪᠠᠢᠨ᠎ᠠ᠃ ᠯᠤᠤ ᠵᠢᠤᠸᠠᠨ ᠭᠸᠤ ᠱᠢᠶᠠᠩ ᠰᠣᠶᠣᠯ᠎ᠢᠶᠠᠷ ᠨᠠᠰᠤᠲᠠᠳ ᠤ᠋ᠨ ᠤᠶᠤᠨ ᠰᠠᠨᠠᠭ᠎ᠠ ᠵᠢ ᠤᠮᠳᠠᠯᠠᠬᠤ ᠣᠢᠯᠠᠭᠠᠭ᠍ᠳᠠᠬᠤᠨ ᠢ᠋ ᠬᠦᠨᠵᠡᠭᠡᠢ ᠦᠨᠳᠤᠰᠤᠯᠡᠭᠦᠯᠵᠤ᠂ ᠨᠤᠲᠤᠭ᠎ᠤᠨ ᠰᠣᠶᠣᠯ᠂ ᠠᠷᠠᠳ᠎ᠤᠨ ᠵᠠᠩ ᠦᠶ᠋ᠯᠡ᠎ᠶ᠋ᠢᠨ ᠰᠣᠶᠣᠯ᠂ ᠬᠤᠪᠢᠰᠭᠠᠯ᠎ᠤᠨ ᠰᠣᠶᠣᠯ᠎ᠢ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠥᠬᠥ᠌ ᠶᠠᠪᠤᠴᠠ᠎ᠳᠤ ᠠᠭᠤᠰᠬᠠᠵᠠᠢ᠃ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠦᠨ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠎ᠲᠤ ᠲᠦᠱᠢᠭ᠌ᠯᠡᠨ᠂ ᠡᠷᠡᠭᠦᠯ ᠮᠡᠨᠳᠦ᠍᠎ᠶ᠋ᠢᠨ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌᠂ ᠱᠢᠲᠠᠷ᠎ᠠ ᠬᠥᠵᠥᠷ ᠤ᠋ᠨ ᠲᠤᠭᠯᠠᠭᠠᠮ᠂ ᠠᠷᠠᠳ᠎ᠤᠨ ᠵᠠᠩ ᠦᠶ᠋ᠯᠡ᠎ᠶ᠋ᠢ ᠪᠡᠶᠡᠴᠢᠯᠡᠨ ᠣᠢᠯᠠᠭᠠᠬᠤ ᠵᠡᠷᠭᠡ ᠡᠯᠪᠡᠭ ᠪᠠᠶᠠᠯᠢᠭ ᠰᠣᠶᠣᠯ᠎ᠤᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠨᠠᠰᠤᠲᠠᠢᠴᠤᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠬᠥᠳᠡᠭᠡ ᠲᠣᠰᠭᠣᠨ᠎ᠤ ᠨᠠᠰᠤᠲᠠᠢᠴᠤᠳ᠎ᠤᠨ ᠣᠶᠤᠨ ᠰᠠᠨᠠᠭᠠᠨ᠎ᠤ ᠠᠮᠢᠳᠤᠷᠠᠯ᠎ᠤᠨ ᠲᠠᠩ ᠴᠤᠯᠭᠤᠶ᠂ ᠰᠡᠯᠡᠭᠦᠴᠡᠯ᠎ᠦᠨ ᠠᠷᠭ᠎ᠠ ᠵᠠᠮ ᠬᠢᠵᠠᠭᠠᠷ᠎ᠲᠠᠶ ᠪᠠᠢᠬᠤ ᠬᠦᠴᠢᠷᠳᠡᠯ᠎ᠢ ᠱᠢᠶ᠋ᠳᠪᠦᠷᠢᠯᠡᠬᠦ ᠪᠡᠷ ᠴᠢᠷᠮᠠᠢᠵᠠᠢ᠃ ᠡᠭᠦᠨ᠎ᠦ ᠬᠠᠮᠲᠤ ᠨᠠᠰᠤᠲᠠᠢᠴᠤᠳ᠎ᠤᠨ ᠨᠤᠲᠤᠭ᠎ᠤᠨ ᠰᠤᠷᠲᠠᠯ᠎ᠤᠨ ᠪᠣᠯᠪᠠᠰᠤᠨ᠎ᠤ ᠪᠠᠢᠭᠤᠯᠤᠯᠲᠠ᠂ ᠲᠣᠰᠭᠣᠨ᠎ᠤ ᠱᠠᠲᠤᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠬᠤ᠎ᠶ᠋ᠢ ᠢᠳᠡᠪᠬᠢᠲᠡᠶ ᠬᠥᠲᠥᠯᠥᠨ ᠵᠢᠯᠣᠭᠣᠳᠴᠤ᠌᠂ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷᠴᠤᠳ ᠢ᠋ ᠵᠤᠷᠢᠭᠵᠢᠭᠤᠯᠤᠨ᠂ ᠥᠲᠡᠯᠦᠭᠡ ᠨᠠᠰᠤᠨ ᠳ᠋ᠠᠭᠠᠨ ᠰᠤᠷᠤᠯᠴᠠᠬᠤ ᠵᠤᠢᠯ᠎ᠲᠠᠶ᠂ ᠪᠠᠶᠠᠷ ᠪᠠᠶᠠᠰᠤᠯ᠎ᠲᠠᠶ᠂ ᠬᠢᠬᠦ᠌ ᠠᠵᠢᠯ᠎ᠲᠠᠶ ᠪᠠᠢᠬᠤ᠎ᠶ᠋ᠢ ᠪᠡᠶᠠᠯᠡᠭᠦᠯᠪᠠ᠃
ᠯᠣᠣ ᠵᠢᠤᠸᠠᠨ ᠭᠸᠦ ᠱᠢᠶᠠᠩ ᠣᠷᠣᠨ ᠪᠦᠰᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠥᠪ᠎ᠢᠶᠡᠷ ᠬᠣᠯᠪᠣᠭᠠᠰᠤ ᠪᠣᠯᠭᠠᠵᠤ᠂ ᠱᠢᠪᠡᠭᠡ ᠬᠠᠱᠢᠶᠠᠨ ᠤ᠋ ᠣᠷᠣᠱᠢᠨ ᠰᠠᠭᠤᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠂ ᠨᠠᠰᠤᠲᠠᠢᠴᠤᠳ ᠲᠤ᠌ ᠵᠤᠷᠢᠭᠤᠯᠤᠭᠰᠠᠨ ᠬᠣᠭᠣᠯᠠᠨ ᠭᠡᠷ᠎ᠲᠦ ᠠᠷᠠᠳ᠎ᠲᠤ ᠲᠦᠬᠦᠮ ᠦᠵᠡᠭᠦᠯᠭᠦ᠂ ᠰᠣᠶᠣᠯ᠎ᠢᠶᠠᠷ ᠨᠠᠰᠤᠲᠠᠳ ᠤ᠋ᠨ ᠤᠶᠤᠨ ᠰᠠᠨᠠᠭ᠎ᠠ ᠵᠢ ᠤᠮᠳᠠᠯᠠᠬᠤ ᠵᠢ ᠬᠤᠯᠪᠤᠵᠤ᠂ ᠣᠷᠣᠱᠢᠨ ᠰᠠᠭᠤᠬᠤ᠎ᠳᠤ ᠴᠢᠨᠠᠷ ᠴᠢᠨᠰᠠᠭ᠎ᠠ᠎ᠲᠠᠶ᠂ ᠬᠣᠭᠣᠯᠠ ᠢᠳᠡᠬᠦ᠌᠎ᠳᠦ ᠪᠠᠲᠤᠯᠠᠭ᠎ᠠ᠎ᠲᠠᠶ᠂ ᠤᠶᠤᠨ ᠰᠠᠨᠠᠭᠠᠨ᠎ᠤ ᠨᠠᠢᠳᠠᠯᠭ᠎ᠠ᠎ᠲᠠᠶ᠂ ᠦᠢᠯᠡᠴᠢᠯᠡᠭᠡ᠎ᠳᠦ ᠬᠠᠢᠷ᠎ᠠ ᠬᠠᠯᠠᠮᠵᠢ᠎ᠲᠠᠶ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠵᠦ᠍᠂ ᠬᠥᠳᠡᠭᠡ ᠲᠣᠰᠭᠣᠨ᠎ᠤ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠴᠢᠳᠠᠮᠵᠢ᠎ᠶ᠋ᠢ ᠲᠡᠭᠦᠯᠳᠡᠷᠵᠢᠭᠦᠯᠵᠤ᠂ ᠨᠠᠰᠤᠲᠠᠢᠴᠤᠳ᠎ᠤᠨ ᠬᠦᠷᠲᠡᠮᠵᠢ᠎ᠶ᠋ᠢᠨ ᠲᠦᠷᠦᠭ᠌ᠳᠡᠯ᠎ᠢ ᠦᠨᠡᠨ ᠬᠦ᠌ ᠲᠡᠭᠡᠭᠰᠢᠯᠡᠭᠦᠯᠵᠤ ᠪᠤᠢ᠃