ᠬᠦᠯ ᠪᠦᠮᠪᠦᠭᠡ᠎ᠶᠢᠨ ᠷᠢᠳᠢ ᠰᠢᠳᠢ ᠪᠠ ᠬᠤᠲᠠ᠎ᠶᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠦᠭᠰᠡᠨ ᠦᠪᠡᠳᠡᠭᠰᠢ ᠤᠷᠤᠯᠳᠤᠭᠠᠨ
2026-06-08 10:30:01
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

— 2026 ᠤᠨ᠎ᠤ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠥᠯ ᠪᠥᠮᠪᠥᠭᠡ᠎ᠶ᠋ᠢᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ᠎ᠤ ᠲᠤᠬᠠᠢ


2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠶᠠᠭ ᠢᠳᠡ ᠬᠦᠭ ᠲᠠᠢ ᠶᠠᠪᠤᠭᠳᠠᠵᠦ ᠪᠤᠢ᠂ ᠤᠳᠤᠬᠠᠨ ᠪᠤᠯᠳᠠᠯ᠎ᠠ ᠲᠦᠷᠦᠭᠦᠦ ᠭᠤᠷᠪᠠᠨ ᠡᠭᠡᠯᠵᠢ᠎ᠶ᠋ᠢᠨ ᠤᠷᠤᠯᠳᠤᠭᠠᠨ ᠲᠡᠭᠦᠰ ᠠᠮᠵᠢᠯᠲᠠ᠎ᠲᠠᠶ ᠥᠨᠳᠥᠷᠯᠡᠪᠡ᠃ ᠮᠠᠨ᠎ᠤ ᠣᠷᠣᠨ᠎ᠤ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠬᠠᠮᠤᠷᠬᠤ ᠬᠡᠪᠴᠢᠶ᠎ᠡ᠎ᠪᠡᠷ ᠬᠠᠮᠤᠭ᠎ᠤᠨ ᠥᠷᠭᠡᠨ᠂ ᠣᠯᠠᠨ ᠲᠦᠮᠡᠨ᠎ᠦ ᠣᠷᠣᠯᠴᠠᠭ᠍ᠰᠠᠨ ᠬᠡᠮᠵᠢᠶ᠎ᠡ᠎ᠪᠡᠷ ᠬᠠᠮᠤᠭ᠎ᠤᠨ ᠤᠯᠠᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠤᠷᠤᠯᠳᠤᠭᠠᠨ ᠪᠣᠯᠤᠭ᠍ᠰᠠᠨ᠎ᠤ ᠬᠤᠪᠢ᠎ᠳᠤ᠂ ᠲᠣᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ᠎ᠳᠦ ᠪᠥᠬᠥ᠌ ᠣᠷᠣᠨ᠎ᠤ 12 ᠠᠢᠮᠠᠭ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠤᠷᠤᠯᠴᠠᠨ᠂ ᠲᠣᠭᠣᠷᠢᠭ ᠬᠤᠪᠢᠶᠠᠨ ᠲᠣᠭᠣᠷᠢᠨ ᠤᠷᠤᠯᠳᠤᠬᠤ ᠬᠡᠯᠪᠡᠷᠢ᠎ᠪᠡᠷ ᠪᠥᠬᠥ᠌ ᠣᠷᠣᠨ᠎ᠤ ᠣᠯᠠᠨ ᠭᠠᠵᠠᠷ᠎ᠲᠤ ᠬᠥᠷ ᠬᠥᠭ᠌ᠵᠢᠶᠡᠨᠲᠡᠶ ᠶᠠᠪᠤᠭᠳᠠᠵᠦ ᠪᠠᠢᠭ᠎ᠠ ᠠᠵᠢ᠃ ᠣᠯᠠᠨ ᠡᠭᠡᠯᠵᠢ᠎ᠶ᠋ᠢᠨ ᠥᠨᠳᠥᠷ ᠡᠷᠴᠢᠮ᠎ᠲᠡᠶ ᠮᠥᠷᠥᠢᠴᠡᠭᠡᠨ᠎ᠳᠦ᠂ ᠡᠯ᠎ᠡ ᠡᠩᠨᠡᠭᠡ ᠡᠷᠡᠯᠬᠡᠭ᠌ᠯᠡᠨ ᠲᠡᠮᠡᠴᠡᠵᠦ᠍᠂ ᠵᠣᠷᠢᠭ᠍ᠲᠠᠶ᠎ᠪᠠᠷ ᠤᠷᠤᠯᠳᠤᠵᠦ᠂ ᠣᠯᠠᠨ ᠲᠠᠯᠠᠪᠤᠷ ᠴᠢᠨᠠᠷ ᠰᠠᠢᠲᠠᠶ ᠭᠣᠢᠳᠠ ᠰᠠᠢᠬᠠᠨ ᠤᠷᠤᠯᠳᠤᠭᠠᠨ᠎ᠢ ᠤᠯᠠᠠ ᠲᠦᠮᠡᠨ᠎ᠳᠦ ᠬᠦᠷᠭᠡᠭᠰᠡᠨ᠎ᠢᠶᠠᠷ ᠪᠠᠷᠠᠬᠤ ᠥᠬᠡᠶ᠂ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠬᠥᠯ ᠪᠥᠮᠪᠥᠭᠡ᠎ᠶ᠋ᠢᠨ ᠬᠠᠯᠠᠭᠤᠨ ᠤᠷᠮ᠎ᠠ᠎ᠶ᠋ᠢ ᠦᠷᠭᠦᠯᠵᠢᠯᠡᠨ ᠬᠥᠭ᠌ᠵᠢᠭᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠ ᠲᠠᠯ᠎ᠠ ᠨᠤᠲᠤᠭ᠎ᠤᠨ ᠬᠥᠯ ᠪᠥᠮᠪᠥᠭᠡ᠎ᠶ᠋ᠢᠨ ᠦᠶ᠋ᠯᠡᠰ᠎ᠦᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠪᠠ᠃


5ed4c011-a829-40e0-87a4-ce4b4d818839.png


ᠲᠣᠰ ᠤᠷᠤᠯᠳᠤᠭᠠᠨ᠎ᠤ ᠴᠤ ᠱᠢᠨ᠎ᠡ ᠤᠷᠤᠯᠳᠤᠭᠠᠨ᠎ᠤ ᠲᠦᠷᠢᠮ᠎ᠦᠨ ᠪᠠᠢᠷᠢᠱᠢᠭᠤᠯᠤᠯᠲᠠ᠂ ᠵᠠᠯᠠᠭᠤᠵᠢᠭ᠍ᠰᠠᠨ ᠤᠷᠤᠯᠳᠤᠭᠠᠨ᠎ᠤ ᠡᠩᠨᠡᠭᠡ ᠪᠠ ᠪᠥᠬᠥ᠌ ᠠᠷᠠᠳ᠎ᠢᠶᠠᠷ᠎ᠢᠶᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠭᠤᠯ ᠨᠢ ᠨᠡᠢᠭᠡᠮ᠎ᠦᠨ ᠡᠯ᠎ᠡ ᠡᠲᠡᠭᠡᠳ᠎ᠦᠨ ᠠᠩᠬᠠᠷᠤᠯ᠎ᠢ ᠶᠡᠬᠡᠳᠡ ᠲᠠᠲᠠᠵᠠᠶ᠃ ᠤᠷᠤᠯᠳᠤᠭᠠᠨ᠎ᠨᠢ ᠬᠥᠯ ᠪᠥᠮᠪᠥᠭᠡ᠎ᠶ᠋ᠢᠨ ᠬᠥᠳᠡᠯᠭᠡᠭᠡᠨ᠎ᠢ ᠲᠦᠭᠡᠮᠡᠯᠵᠢᠭᠦᠯᠬᠦ᠌᠂ ᠪᠡᠶ᠎ᠡ᠎ᠶᠢᠨ ᠲᠠᠮᠢᠷ ᠪᠠ ᠰᠤᠷᠭᠠᠨ ᠬᠦᠮᠦᠵᠢᠯ᠎ᠢ ᠠᠭᠤᠰᠤᠯᠴᠠᠭᠤᠯᠬᠤ᠂ ᠨᠤᠲᠤᠭ᠎ᠤᠨ ᠪᠥᠮᠪᠥᠭᠡᠴᠢᠨ᠎ᠢ ᠳᠠᠪᠲᠠᠨ ᠪᠣᠯᠪᠠᠰᠤᠷᠠᠭᠤᠯᠬᠤ᠂ ᠬᠥᠯ ᠪᠥᠮᠪᠥᠭᠡ᠎ᠶ᠋ᠢᠨ ᠰᠣᠶᠣᠯ᠎ᠢ ᠪᠣᠢᠵᠢᠭᠤᠯᠬᠤ᠌᠎ᠳᠦ ᠰᠠᠭᠤᠷᠢᠯᠠᠨ᠂ ᠬᠥᠯ ᠪᠥᠮᠪᠥᠭᠡ᠎ᠶ᠋ᠢᠨ ᠤᠷᠤᠯᠳᠤᠭᠠᠨ᠎ᠢ ᠡᠯ᠎ᠡ ᠠᠢᠮᠠᠭ ᠬᠣᠲᠠ᠎ᠶ᠋ᠢᠨ ᠤᠷᠤᠯᠳᠤᠭᠠᠨ᠎ᠤ ᠲᠠᠯᠠᠪᠤᠷ᠎ᠲᠤ ᠣᠷᠣᠭᠤᠯᠵᠤ᠂ ᠣᠯᠠᠨ ᠲᠦᠮᠡᠨ᠎ᠦ ᠠᠮᠢᠳᠤᠷᠠᠯ᠎ᠳᠤ ᠣᠢᠷᠠᠲᠤᠭᠤᠯᠤᠨ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠴᠣᠭ ᠵᠢᠪᠬᠤᠭ᠎ᠠ᠎ᠶ᠋ᠢ ᠳᠡᠯᠭᠡᠨ ᠦᠵᠡᠭᠦᠯᠬᠦ᠌᠂ ᠣᠯᠠᠨ ᠲᠦᠮᠡᠨ᠎ᠦ ᠪᠡᠶ᠎ᠡ᠎ᠶ᠋ᠢᠨ ᠲᠠᠮᠢᠷ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠬᠦ᠌ ᠴᠢᠬᠤᠯᠠ ᠴᠤᠩᠬᠤᠪᠴᠢ ᠪᠤᠯᠵᠠᠢ᠃ ᠤᠷᠤᠯᠳᠤᠭᠠᠨ ᠡᠬᠢᠯᠡᠭ᠌ᠰᠡᠨ᠎ᠡᠴᠡ ᠨᠠᠭᠠᠰᠢ᠂ ᠡᠯ᠎ᠡ ᠤᠷᠤᠯᠳᠤᠭᠠᠨ᠎ᠤ ᠲᠠᠯᠠᠪᠤᠷ᠎ᠲᠤ ᠨᠡᠢᠲᠡ ᠬᠡᠳᠦᠨ ᠲᠦᠮᠡᠨ ᠬᠣᠲᠠ᠎ᠶ᠋ᠢᠨ ᠠᠷᠠᠳ ᠲᠤᠬᠠᠶ᠎ᠶ᠋ᠢᠨ ᠲᠠᠯᠠᠪᠤᠷ᠎ᠲᠤ ᠬᠦᠷᠦᠯᠴᠡᠨ ᠢᠷᠡᠵᠦ ᠤᠷᠤᠯᠳᠤᠭᠠᠨ᠎ᠢ ᠰᠣᠨᠢᠷᠬᠠᠵᠤ᠂ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌ ᠬᠠᠯᠠᠮᠱᠢᠯ ᠦᠷᠭᠦᠯᠵᠢᠯᠡᠨ ᠨᠡᠮᠡᠭ᠌ᠳᠡᠵᠦ᠍᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠥᠷᠨᠢᠩᠭᠦᠶ ᠬᠥᠭ᠌ᠵᠢᠯᠲᠡ᠎ᠶ᠋ᠢᠨ ᠰᠠᠢᠨ ᠰᠠᠢᠬᠠᠨ ᠪᠠᠢᠳᠠᠯ᠎ᠢ ᠪᠥᠬᠥ᠌ ᠲᠠᠯ᠎ᠠ᠎ᠪᠠᠷ ᠢᠯᠡᠷᠡᠭᠦᠯᠪᠡ᠃


bccbe28e-ab86-4783-85b9-2b878280dd74.png


ᠭᠤᠷᠪᠠᠨ ᠡᠭᠡᠯᠵᠢ᠎ᠶ᠋ᠢᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂ ᠪᠦᠬᠦ᠌ ᠣᠷᠣᠨ᠎ᠤ ᠬᠥᠯ ᠪᠥᠮᠪᠥᠭᠡ᠎ᠶ᠋ᠢᠨ ᠲᠠᠪᠴᠠᠩ᠎ᠤᠨ ᠪᠠᠢᠷᠢᠱᠢᠯ ᠠᠯᠬᠤᠮ ᠠᠯᠬᠤᠮ᠎ᠢᠶᠠᠷ ᠲᠣᠳᠣᠷᠬᠠᠶ ᠪᠣᠯᠵᠤ᠂ ᠤᠯᠠᠭᠠᠨᠬᠠᠳᠠ᠎ᠶ᠋ᠢᠨ ᠠᠩᠭᠢ ᠵᠢᠨ ᠬᠢᠨ ᠤᠷ᠎ᠠ ᠴᠢᠳᠠᠪᠤᠷᠢ ᠪᠠᠨ ᠲᠣᠭ᠍ᠲᠠᠭᠤᠨ ᠪᠠᠳᠠᠷᠠᠭᠤᠯᠵᠤ᠂ ᠦᠷᠭᠦᠯᠵᠢᠯᠡᠨ ᠭᠤᠷᠪᠠᠨ ᠤᠳᠠᠭ᠎ᠠ ᠢᠯᠠᠵᠤ᠂ ᠳᠠᠭᠠᠷᠢᠵᠤ ᠰᠠᠬᠢᠬᠤ᠎ᠶ᠋ᠢ ᠬᠣᠣᠰᠯᠠᠭᠤᠯᠤᠭ᠍ᠰᠠᠨ ᠭᠠᠷᠮᠠᠭᠠᠶ ᠢᠯᠡᠷᠡᠯ᠎ᠢᠶᠠᠷ ᠬᠤᠷᠠᠮᠳᠤᠯ ᠬᠤᠪᠢ᠎ᠶ᠋ᠢᠨ ᠲᠡᠷᠢᠭᠦᠨ᠎ᠳᠦ ᠣᠷᠣᠪᠠ᠃  ᠤᠯᠠᠭᠠᠨᠬᠠᠳᠠ᠎ᠶ᠋ᠢᠨ ᠠᠩᠭᠢ ᠵᠢᠨ ᠬᠢᠨ ᠲᠣᠰ ᠭᠠᠵᠠᠷ ᠣᠷᠣᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠱᠢᠰᠲ᠋ᠧᠮ᠎ᠳᠦ ᠰᠠᠭᠤᠷᠢᠯᠠᠵᠤ᠂ ᠭᠡᠱᠢᠭᠦᠳ᠎ᠦᠨ ᠣᠯᠠᠩᠬᠢ᠎ᠨᠢ ᠰᠤᠷᠭᠠᠭᠤᠯᠢ᠎ᠶ᠋ᠢᠨ ᠬᠦᠷᠢᠶᠡᠨ᠎ᠳᠦ ᠬᠥᠮᠦᠵᠢᠭᠦᠯᠦᠭ᠌ᠰᠡᠨ ᠲᠣᠰ ᠭᠠᠵᠠᠷ ᠣᠷᠣᠨ᠎ᠤ ᠲᠠᠮᠢᠷᠴᠢᠨ ᠪᠠᠢᠵᠤ᠂ ᠮᠠᠨ᠎ᠤ ᠣᠷᠣᠨ᠎ᠤ ᠦᠨᠳᠦᠰᠦᠨ ᠱᠠᠲᠤᠨ᠎ᠤ ᠬᠥᠯ ᠪᠥᠮᠪᠥᠭᠡ᠎ᠶ᠋ᠢᠨ ᠴᠢᠳᠠᠪᠤᠷᠢᠲᠠᠨ᠎ᠢ ᠬᠥᠮᠦᠵᠢᠭᠦᠯᠦᠭ᠌ᠰᠡᠨ ᠦᠷ᠎ᠡ ᠪᠦᠲᠦᠭᠡᠯ᠎ᠦᠨ ᠠᠮᠢᠳᠤᠯᠢᠭ ᠬᠤᠷᠢᠶᠠᠩᠭᠤᠢ ᠳᠦᠷᠰᠦ ᠪᠣᠯᠵᠠᠶ᠃ ᠪᠠᠶᠠᠨᠨᠠᠭᠤᠷ᠂ ᠲᠦᠩᠯᠢᠶᠣᠤ᠂ ᠣᠷᠳᠣᠰ᠎ᠤᠨ ᠡᠩᠨᠡᠭᠡ ᠯᠠᠪᠳᠠᠭᠤᠨ ᠪᠠᠲᠤᠲᠠᠶ ᠤᠷᠤᠯᠳᠤᠵᠦ᠂ ᠴᠢᠩᠭ᠎ᠠ ᠰᠡᠷᠭᠡᠢᠯᠡᠯᠲᠡ ᠪᠠ ᠪᠦᠲᠦᠮᠵᠢᠲᠡᠶ ᠭᠡᠳᠡᠷᠭᠦ᠌ ᠴᠣᠬᠢᠯᠲᠠ ᠦᠭᠬᠦ᠎ᠳᠤ ᠲᠦᠱᠢᠭ᠌ᠯᠡᠨ ᠵᠠᠩᠭᠢᠯᠠᠭ᠎ᠠ᠎ᠶ᠋ᠢᠨ ᠬᠤᠷᠠᠮᠳᠤᠯ ᠬᠤᠪᠢ ᠣᠯᠵᠤ᠂ ᠦᠨᠳᠦᠰᠦᠨ ᠱᠠᠲᠤᠨ᠎ᠤ ᠣᠯᠠᠨ ᠲᠦᠮᠡᠨᠴᠢ ᠬᠥᠯ ᠪᠥᠮᠪᠥᠭᠡ᠎ᠶ᠋ᠢᠨ ᠯᠠᠪᠳᠠᠭᠤᠨ ᠪᠠᠲᠤᠲᠠᠶ ᠰᠠᠭᠤᠷᠢ᠎ᠶ᠋ᠢ ᠢᠯᠡᠷᠡᠭᠦᠯᠪᠡ᠃ ᠡᠭᠦᠨ᠎ᠲᠡᠶ ᠬᠠᠷᠢᠴᠠᠭᠤᠯᠪᠠᠯ᠂ ᠬᠥᠬᠡᠬᠣᠲᠠ᠎ᠶ᠋ᠢᠨ ᠠᠩᠭᠢ᠎ᠶ᠋ᠢᠨ ᠬᠢᠨ ᠭᠤᠷᠪᠠᠨ ᠡᠭᠡᠯᠵᠢ᠎ᠳᠦ ᠪᠦᠷ ᠢᠯᠠᠵᠤ ᠴᠢᠳᠠᠭᠰᠠᠨ ᠦᠭᠡᠢ ᠪᠠᠢᠵᠤ᠂ ᠲᠤᠰ ᠭᠠᠵᠠᠷ᠎ᠤᠨ ᠴᠢᠳᠠᠪᠤᠷᠢᠲᠠᠨ᠎ᠤ ᠨᠥᠭᠡᠴᠡ ᠬᠦᠴᠦᠨ᠎ᠤ ᠲᠤᠳᠠᠭᠤᠳᠠᠯ ᠢᠯᠡᠷᠡᠵᠡᠢ᠃ ᠪᠤᠭᠤᠲᠤ᠂ ᠬᠥᠯᠥᠨ ᠪᠣᠢᠷ᠎ᠤᠨ ᠡᠩᠨᠡᠭᠡ᠎ᠶ᠋ᠢᠨ ᠳᠠᠢᠴᠢᠨ ᠬᠦᠴᠦᠨ ᠴᠢᠩᠭ᠎ᠠ᠂ ᠱᠢᠯᠢ᠎ᠶ᠋ᠢᠨ ᠭᠤᠤᠯ᠂ ᠬᠢᠩᠭᠠᠨ ᠠᠢᠮᠠᠭ᠂ ᠠᠯᠠᠱᠠ ᠵᠢᠨ ᠡᠩᠨᠡᠭᠡ ᠨᠢ ᠭᠠᠵᠠᠷ ᠣᠷᠣᠨ᠎ᠤ ᠴᠢᠳᠠᠪᠤᠷᠢᠲᠠᠨ᠎ᠤ ᠰᠠᠭᠤᠷᠢ ᠲᠣᠭ᠎ᠠ᠎ᠳ᠋ᠤ ᠬᠢᠵᠠᠭᠠᠷᠯᠠᠭ᠍ᠳᠠᠵᠤ᠂ ᠬᠥᠯ ᠪᠥᠮᠪᠥᠭᠡ᠎ᠶ᠋ᠢᠨ ᠰᠠᠭᠤᠷᠢ ᠲᠦᠬᠦᠭᠡᠷᠦᠮᠵᠢ᠂ ᠪᠣᠭᠣᠮᠲᠠ ᠱᠢᠪᠲᠤᠯᠬᠤ ᠴᠢᠳᠠᠪᠤᠷᠢ ᠵᠢᠨ ᠵᠦᠷᠢᠶ᠎ᠡ ᠵᠢ ᠢᠯᠡᠷᠡᠬᠦᠯᠵᠦ᠂ ᠬᠤᠷᠠᠮᠳᠤᠯ ᠬᠤᠪᠢ᠎ᠶ᠋ᠢᠨ ᠨᠡᠷᠡᠰ᠎ᠦᠨ ᠵᠢᠭ᠍ᠰᠠᠭᠠᠯᠲᠠ ᠨᠢ ᠬᠠᠷᠢᠴᠠᠩᠭᠤᠶ᠎ᠪᠠᠷ ᠬᠣᠴᠣᠷᠴᠤ᠌ ᠪᠤᠢ᠃ ᠡᠯ᠎ᠡ ᠡᠩᠨᠡᠭᠡᠨ᠎ᠦ ᠪᠣᠳᠠᠲᠤ ᠬᠦᠴᠦᠨ᠎ᠦ ᠵᠥᠷᠢᠶ᠎ᠡ ᠨᠢ ᠮᠠᠨ᠎ᠤ ᠣᠷᠣᠨ᠎ᠤ ᠵᠡᠭᠦᠨ ᠪᠠᠷᠠᠭᠤᠨ ᠣᠷᠣᠨ᠎ᠤ ᠬᠥᠯ ᠪᠥᠮᠪᠥᠭᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠂ ᠦᠨᠳᠦᠰᠦᠨ ᠱᠠᠲᠤᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠪᠠᠢᠭᠤᠯᠤᠯᠲᠠ᠎ᠶ᠋ᠢᠨ ᠲᠡᠩᠴᠡᠭᠦᠷᠢ ᠥᠬᠡᠶ ᠬᠥᠭ᠌ᠵᠢᠯᠲᠡ᠎ᠶ᠋ᠢᠨ ᠪᠠᠢᠳᠠᠯ᠎ᠢ ᠦᠨᠡᠨ ᠪᠣᠳᠠᠲᠠᠶ᠎ᠪᠠᠷ ᠲᠤᠰᠭᠠᠪᠠ᠃


5ade98b6-b06f-407e-93b7-67305b5ca202.png


ᠲᠦᠷᠦᠭᠦᠦ ᠭᠤᠷᠪᠠᠨ ᠡᠭᠡᠯᠵᠢ᠎ᠶ᠋ᠢᠨ ᠤᠷᠤᠯᠳᠤᠭᠠᠨ᠎ᠠᠴᠠ ᠦᠵᠡᠪᠡᠯ᠂ ᠲᠤᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ᠎ᠤ ᠪᠦᠬᠦᠯᠢ ᠴᠣᠭ᠍ᠴᠠ᠎ᠶ᠋ᠢᠨ ᠤᠷᠤᠯᠳᠤᠭᠠᠨ᠎ᠤ ᠬᠢᠷᠢ ᠲᠦᠪᠱᠢᠨ ᠢᠯᠡᠳᠲᠡ ᠳᠡᠭᠡᠭ᠌ᠰᠢᠯᠡᠵᠦ᠍᠂ ᠡᠯ᠎ᠡ ᠡᠩᠨᠡᠭᠡᠨ᠎ᠦ ᠪᠣᠳᠠᠲᠤ ᠬᠦᠴᠦᠨ᠎ᠦ ᠵᠥᠷᠢᠶ᠎ᠡ ᠦᠷᠭᠦᠯᠵᠢᠯᠡᠨ ᠪᠠᠭᠠᠰᠴᠠᠢ᠃ ᠤᠷᠤᠯᠳᠤᠭᠠᠨ᠎ᠳᠤ ᠣᠷᠣᠯᠴᠠᠭ᠍ᠰᠠᠨ ᠪᠥᠮᠪᠥᠭᠡᠴᠢᠨ ᠨᠢ ᠡᠯ᠎ᠡ ᠠᠵᠢᠯ ᠲᠥᠷᠥᠯ᠎ᠦᠨ ᠬᠥᠯ ᠪᠥᠮᠪᠥᠭᠡᠨ᠎ᠳᠦ ᠪᠠᠬᠠᠲᠠᠶ ᠬᠥᠮᠦᠰ᠂ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠭᠤᠤᠯᠯᠠᠭ᠍ᠴᠢ ᠬᠦᠴᠦᠨ᠂ ᠲᠣᠰ ᠨᠤᠲᠤᠭ᠎ᠤᠨ ᠪᠡᠶ᠎ᠡ᠎ᠶ᠋ᠢᠨ ᠲᠠᠮᠢᠷ᠎ᠤᠨ ᠠᠵᠢᠯ᠎ᠠᠴᠠ᠎ᠪᠠᠨ ᠬᠠᠯᠠᠭ᠍ᠳᠠᠭ᠍ᠰᠠᠨ ᠪᠥᠮᠪᠥᠭᠡᠴᠢᠨ᠎ᠢ ᠬᠠᠮᠤᠷᠴᠤ᠌᠂ ᠪᠥᠬᠥ᠌ ᠠᠷᠠᠳ ᠣᠷᠣᠯᠴᠠᠬᠤ᠂ ᠬᠦᠯ ᠪᠥᠮᠪᠥᠭᠡ᠎ᠪᠡᠷ ᠨᠠᠢᠵᠠᠯᠠᠬᠤ᠎ᠶ᠋ᠢ ᠦᠨᠡᠨ ᠬᠦ᠌ ᠪᠡᠶᠡᠯᠡᠭᠦᠯᠪᠡ᠃ ᠤᠷᠤᠯᠳᠤᠭᠠᠨ᠎ᠤ ᠲᠠᠯᠠᠪᠠᠢ᠎ᠶ᠋ᠢᠨ ᠳᠣᠲᠣᠨ᠎ᠠ ᠭᠠᠳᠠᠨ᠎ᠠ᠂ ᠦᠨᠳᠦᠰᠦᠲᠡᠨ᠎ᠦ ᠰᠣᠶᠣᠯ᠎ᠤᠨ ᠡᠯᠧᠮᠧᠨ᠋ᠲ ᠪᠣᠯᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠭᠦᠨᠵᠡᠭᠡᠢ ᠠᠭᠤᠰᠤᠯᠴᠠᠵᠤ᠂ ᠥᠪᠡᠷᠮᠢᠴᠡ ᠣᠨᠴᠠᠯᠢᠭ᠎ᠲᠠᠶ ᠦᠨᠳᠦᠰᠦᠲᠡᠨ᠎ᠦ ᠵᠠᠩ ᠦᠢᠯᠡ᠎ᠶ᠋ᠢᠨ ᠦᠵᠡᠭᠦᠯᠭᠡ ᠨᠢ ᠬᠠᠯᠠᠭᠤᠨ ᠲᠤᠲᠤᠨᠤᠰᠤᠭ ᠪᠠ ᠪᠦᠯᠬᠦᠮᠳᠡᠨ ᠲᠡᠮᠡᠴᠡᠵᠦ᠍᠂ ᠡᠷᠡᠯᠬᠡᠭ᠌ᠯᠡᠨ ᠲᠡᠮᠡᠴᠡᠬᠦ᠌ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃

ᠠᠷᠠᠳ᠎ᠲᠤ ᠠᠱᠢᠭ ᠬᠦᠷᠲᠡᠭᠡᠬᠦ᠌ ᠪᠣᠯ ᠲᠤᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ᠎ᠤ ᠢᠯᠡ ᠲᠣᠳᠣ ᠳᠡᠪᠢᠰᠭᠡᠷ ᠦᠩᠭᠡ ᠪᠣᠯᠤᠨ᠎ᠠ᠃ ᠤᠷᠤᠯᠳᠤᠭᠠᠨ᠎ᠨᠢ 12 ᠲᠥᠭᠥᠷᠢᠭ᠂ 24 ᠲᠥᠭᠥᠷᠢᠭ᠂ 36 ᠲᠥᠭᠥᠷᠢᠭ᠎ᠦᠨ ᠭᠤᠷᠪᠠᠨ ᠳᠡᠰ᠎ᠤᠨ ᠪᠢᠯᠧᠲ᠎ᠦᠨ ᠦᠨ᠎ᠡ ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠵᠢᠭ ᠫᠷᠤᠭ᠌ᠷᠠᠮ᠎ᠢᠶᠠᠷ ᠪᠢᠯᠧᠲ ᠬᠤᠳᠠᠯᠳᠤᠨ ᠠᠪᠴᠤ᠌᠂ ᠪᠡᠶ᠎ᠡ᠎ᠶ᠋ᠢᠨ ᠦᠨᠡᠮᠯᠡᠯ᠎ᠢᠶᠡᠷ ᠱᠢᠭᠤᠳ ᠬᠢᠨᠠᠨ ᠱᠢᠯᠭᠠᠭᠤᠯᠵᠤ ᠲᠠᠯᠠᠪᠠᠶ᠎ᠳᠤ ᠤᠷᠤᠬᠤ ᠨᠢ ᠣᠯᠠᠨ ᠨᠡᠢᠲᠡ᠎ᠶ᠋ᠢᠨ ᠤᠷᠤᠯᠳᠤᠭᠠᠨ ᠦᠵᠡᠬᠦ᠌ ᠨᠦᠭᠦᠴᠡᠯ᠎ᠢ ᠤᠯᠠᠮ ᠲᠦᠭᠦᠮ ᠪᠤᠯᠭᠠᠪᠠ᠃ ᠬᠣᠯᠪᠣᠭᠠᠲᠤ ᠤᠷᠤᠯᠳᠤᠭᠠᠨ᠎ᠳᠤ ᠲᠦᠱᠢᠭ᠌ᠯᠡᠨ 《ᠪᠢᠯᠧᠲ᠎ᠦᠨ ᠰᠠᠭᠤᠷᠢ ᠠᠵᠤ ᠠᠬᠤᠶ》 ᠶ᠋ᠢ ᠴᠣᠭ᠍ᠴᠠᠯᠠᠵᠤ᠂ ᠬᠣᠯᠪᠣᠭᠠᠯᠠᠨ ᠬᠥᠳᠡᠯᠦᠯᠴᠡᠬᠦ᠌ ᠬᠤᠳᠠᠯᠳᠤᠭᠠᠨ᠎ᠤ ᠲᠣᠭᠣᠷᠢᠭ᠂ ᠰᠣᠶᠣᠯ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠣᠨᠴᠠᠯᠢᠭ᠍ᠲᠤ ᠢᠳᠡᠭᠡᠨ ᠤᠮᠳᠠᠭᠠᠨ᠎ᠤ ᠲᠤᠭᠤᠷᠢᠭ ᠭᠠᠷᠭᠠᠵᠤ᠂ ᠪᠥᠮᠪᠥᠭᠡᠨ ᠬᠤᠷᠤᠬᠠᠢ᠌ᠲᠠᠳ ᠲᠸ᠋ ᠤᠷᠤᠯᠳᠤᠭᠠᠨ ᠦᠵᠡᠬᠦ ᠪᠢᠯᠧᠲ᠎ᠢᠶᠡᠷ᠎ᠢᠶᠡᠨ ᠲᠣᠭᠣᠷᠢᠨ ᠵᠤᠭᠠᠴᠠᠬᠤ᠂ ᠪᠠᠷᠠᠭ᠎ᠠ ᠬᠤᠳᠠᠯᠳᠤᠨ ᠠᠪᠬᠤ ᠬᠠᠷᠠᠭᠠᠯᠵᠠᠯ᠎ᠢ ᠬᠦᠷᠲᠡᠭᠡᠵᠦ᠍᠂ ᠠᠢᠮᠠᠭ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠪᠦᠲᠦᠮᠵᠢᠲᠡᠶ ᠳᠠᠢᠴᠢᠯᠠᠵᠤ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠵᠢᠡᠷ ᠣᠷᠣᠨ ᠨᠤᠲᠤᠭ᠎ᠤᠨ ᠠᠵᠤ ᠠᠬᠤᠶ ᠵᠢ ᠬᠦᠭᠵᠢᠭᠡᠪᠡ᠃ ᠡᠭᠦᠨ᠎ᠦ ᠬᠠᠮᠲᠤ᠂ ᠣᠯᠠᠨ ᠲᠠᠪᠴᠠᠩ ᠪᠥᠬᠥ᠌ ᠶᠠᠪᠤᠴᠠ᠎ᠶ᠋ᠢ ᠱᠢᠭᠤᠳ ᠨᠡᠪᠲᠡᠷᠡᠭᠦᠯᠵᠦ᠍᠂ ᠮᠠᠯᠵᠢᠬᠤ ᠣᠷᠣᠨ᠎ᠤ ᠣᠯᠠᠨ ᠲᠦᠮᠡᠨ ᠬᠡᠷ᠎ᠡᠴᠡ᠎ᠪᠡᠨ ᠰᠦᠯᠵᠢᠶᠡᠨ ᠳᠡᠭᠡᠷ᠎ᠡ ᠡᠴᠡ  ᠬᠥᠯ ᠪᠥᠮᠪᠥᠭᠡ᠎ᠶ᠋ᠢᠨ ᠤᠷᠤᠯᠳᠤᠭᠠᠨ᠎ᠢ ᠰᠣᠨᠢᠷᠬᠠᠵᠤ ᠲᠡᠢᠯᠬᠦ ᠪᠤᠯᠵᠠᠢ᠃


b991002d-950c-4e11-a208-50166947ef70.png


ᠥᠪᠥᠷ ᠮᠣᠩᠭᠣᠯ᠎ᠤᠨ ᠬᠦᠯ ᠪᠦᠮᠪᠦᠭᠡ᠎ᠶᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠨᠢ ᠣᠯᠠᠨ ᠵᠢᠯ᠎ᠦᠨ ᠲᠤᠷᠰᠢ ᠲᠠᠯ᠎ᠠ ᠨᠤᠲᠤᠭ᠎ᠲᠤ  ᠦᠨᠳᠦᠰᠦᠯᠡᠵᠦ᠍᠂ ᠲᠤᠰᠭᠠᠶ ᠮᠡᠷᠭᠡᠵᠢᠯ᠎ᠦᠨ ᠵᠢᠷᠤᠮᠵᠢᠯ ᠲᠠᠢ᠂ ᠬᠠᠮᠤᠷᠬᠤ ᠬᠡᠪᠴᠢᠶ᠎ᠡ ᠥᠷᠭᠡᠨ ᠣᠯᠠᠨ ᠲᠦᠮᠡᠨᠴᠢ ᠬᠥᠯ ᠪᠥᠮᠪᠥᠭᠡ᠎ᠶ᠋ᠢᠨ ᠤᠷᠤᠯᠳᠤᠭᠠᠨ᠎ᠤ ᠲᠠᠪᠴᠠᠩ᠎ᠢ ᠪᠠᠢᠭᠤᠯᠤᠨ᠂ ᠮᠠᠨ᠎ᠤ ᠣᠷᠣᠨ᠎ᠤ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠣᠯᠠᠨ ᠲᠦᠮᠡᠨ᠎ᠦ ᠰᠠᠭᠤᠷᠢ᠎ᠶ᠋ᠢ ᠪᠦᠲᠦᠮᠵᠢᠲᠡᠶ ᠪᠡᠬᠢᠵᠢᠭᠦᠯᠵᠦ᠍᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠᠢᠯᠳᠤᠬᠤ ᠪᠣᠳᠣᠯᠭ᠎ᠠ᠎ᠶ᠋ᠢ ᠪᠣᠳᠠᠲᠠᠢᠵᠢᠭᠤᠯᠤᠨ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠪᠡ᠃ ᠤᠷᠤᠯᠳᠤᠭᠠᠨ ᠦᠷᠭᠦᠯᠵᠢᠯᠡᠨ ᠶᠠᠪᠤᠭ᠍ᠳᠠᠬᠤ᠎ᠶ᠋ᠢ ᠳᠠᠭᠠᠯᠳᠤᠨ᠂ ᠲᠠᠷᠠᠭᠠᠴᠢ᠎ᠶ᠋ᠢᠨ ᠡᠯ᠎ᠡ ᠡᠭᠡᠯᠵᠢ᠎ᠶ᠋ᠢᠨ ᠥᠷᠢᠰᠥᠯᠳᠦᠭᠡᠨ ᠶᠠᠪᠤᠬᠤ ᠲᠤᠲᠤᠮ ᠱᠢᠷᠦᠭᠦᠰᠴᠦ᠍᠂ ᠡᠯ᠎ᠡ ᠡᠩᠨᠡᠭᠡ ᠴᠦ᠍ ᠪᠠᠢᠯᠳᠤᠬᠤ ᠠᠷᠭ᠎ᠠ᠎ᠪᠠᠨ ᠦᠷᠬᠦᠯᠵᠢᠯᠡᠨ ᠲᠤᠬᠢᠷᠠᠭᠤᠯᠤᠯᠳᠠ ᠬᠢᠵᠦ᠂ ᠨᠠᠩ ᠥᠨᠳᠥᠷ ᠨᠡᠷᠡᠰ᠎ᠦᠨ ᠵᠢᠭ᠍ᠰᠠᠭᠠᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠲᠡᠮᠡᠴᠡᠬᠦ ᠪᠣᠯᠤᠨ᠎ᠠ᠃ ᠲᠣᠰ ᠬᠤᠭᠤᠴᠠᠭᠠᠨ᠎ᠤ  ᠬᠣᠯᠪᠣᠭᠠᠲᠤ ᠤᠷᠤᠯᠳᠤᠭᠠᠨ᠎ᠨᠢ ᠪᠡᠶ᠎ᠡ᠎ᠶ᠋ᠢᠨ ᠲᠠᠮᠢᠷ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠤᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠥᠪᠡᠷᠮᠢᠴᠡ ᠣᠨᠴᠠᠯᠢᠭ ᠪᠥᠬᠥᠶ ᠨᠡᠷ᠎ᠡ᠎ᠶ᠋ᠢᠨ ᠬᠠᠭᠤᠳᠠᠰᠤ᠎ᠶ᠋ᠢ ᠭᠢᠯᠠᠯᠵᠠᠭᠤᠯᠵᠤ᠂ ᠪᠥᠬᠥ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌᠎ᠨᠢ ᠳᠠᠮᠵᠢᠭ ᠦᠭᠡᠢ᠃


ᠰᠤᠷᠪᠤᠯᠵᠢᠯᠠᠭᠰᠠᠨ᠎ᠤ ᠳᠠᠷᠠᠭ᠎ᠠ᠄

ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ  ᠬᠥᠯ ᠪᠥᠮᠪᠥᠭᠡ᠎ᠶ᠋ᠢᠨ ᠬᠡᠲᠦ ᠲᠠᠰ᠎ᠤᠨ ᠬᠣᠯᠪᠣᠭᠠᠲᠤ ᠤᠷᠤᠯᠳᠤᠭᠠᠨ ᠨᠢ ᠲᠠᠯ᠎ᠠ ᠨᠤᠲᠤᠭ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠤᠯᠠᠨ ᠲᠦᠮᠡᠨᠴᠢ ᠬᠥᠯ ᠪᠥᠮᠪᠥᠭᠡ᠎ᠶ᠋ᠢᠨ ᠰᠠᠭᠤᠷᠢ᠎ᠶ᠋ᠢ ᠪᠡᠬᠢᠵᠢᠭᠦᠯᠦᠨ ᠬᠦᠭᠵᠢᠬᠦᠯᠦᠭᠰᠡᠭᠡᠷ ᠢᠷᠡᠵᠡᠢ᠃ ᠲᠤᠰ ᠬᠤᠯᠪᠤᠭᠠᠳᠤ ᠤᠷᠤᠯᠳᠤᠭᠠᠨ ᠪᠣᠯ ᠵᠦᠪᠭᠡᠨ ᠨᠣᠭᠣᠭᠠᠨ ᠵᠦᠯᠭᠡᠨ ᠲᠡᠭᠡᠷᠡᠬᠢ ᠥᠷᠢᠰᠥᠯᠳᠦᠭᠡᠨ ᠲᠡᠳᠦᠢ ᠪᠢᠰᠢ᠂ ᠨᠡᠩ ᠴᠤ᠌ ᠥᠪᠥᠷ ᠮᠣᠩᠭᠣᠯ᠎ᠤᠨ ᠭᠤᠷᠪᠠᠨ ᠶᠡᠬᠡ ᠪᠥᠮᠪᠥᠭᠡ᠎ᠶ᠋ᠢᠨ ᠬᠥᠭ᠌ᠵᠢᠯ ᠮᠠᠨᠳᠤᠯ᠎ᠢ ᠠᠬᠢᠭᠤᠯᠬᠤ᠂ ᠵᠠᠯᠠᠭᠤᠴᠤᠳ᠎ᠤᠨ ᠪᠣᠯᠪᠠᠰᠤᠷᠠᠯ᠎ᠤᠨ ᠡᠩᠨᠡᠭᠡ᠎ᠶ᠋ᠢ ᠲᠡᠭᠦᠯᠳᠡᠷᠵᠢᠭᠦᠯᠬᠦ᠌᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ᠎ᠶ᠋ᠢ ᠲᠦᠭᠡᠮᠡᠯᠵᠢᠭᠦᠯᠬᠦ᠌ ᠴᠢᠬᠤᠯᠠ ᠭᠠᠷᠳᠠᠴᠠ ᠪᠤᠯᠬᠤ ᠶᠤᠮ᠃ ᠰᠤᠷᠭᠠᠭᠤᠯᠢ᠎ᠳᠤ ᠪᠠᠢᠭ᠎ᠠ ᠶᠡᠬᠡ ᠬᠡᠮᠵᠢᠶᠡᠨ᠎ᠦ ᠰᠤᠷᠤᠭ᠍ᠴᠢᠳ ᠬᠣᠯᠪᠣᠭᠠᠲᠤ ᠤᠷᠤᠯᠳᠤᠭᠠᠨ᠎ᠢᠶᠠᠷ ᠳᠠᠮᠵᠢᠭᠤᠯᠤᠨ ᠪᠣᠳᠠᠲᠤ ᠪᠠᠢᠯᠳᠤᠭᠠᠨ᠎ᠤ ᠲᠤᠷᠱᠢᠯᠭ᠎ᠠ ᠬᠤᠷᠠᠮᠳᠤᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠬᠥᠯ ᠪᠥᠮᠪᠥᠭᠡ᠎ᠶ᠋ᠢᠨ ᠪᠡᠯᠡᠳᠭᠡᠯ ᠴᠢᠳᠠᠪᠤᠷᠢᠲᠠᠨ᠎ᠢ ᠲᠠᠰᠤᠷᠠᠯᠲᠠ ᠥᠬᠡᠶ ᠨᠥᠭᠡᠴᠡᠯᠡᠵᠦ᠍ ᠥᠭ᠌ᠪᠡ᠃ ᠲᠦᠷᠪᠡᠳᠦᠭᠡᠷ ᠡᠭᠡᠯᠵᠢ᠎ᠶ᠋ᠢᠨ ᠤᠷᠤᠯᠳᠤᠭᠠᠨ ᠯᠠᠪᠳᠠᠭᠤᠨ᠎ᠢᠶᠠᠷ ᠠᠬᠢᠬᠤ᠎ᠶ᠋ᠢ ᠳᠠᠭᠠᠯᠳᠤᠨ᠂ ᠬᠤᠷᠠᠮᠳᠤᠯ ᠬᠤᠪᠢ᠎ᠶ᠋ᠢᠨ ᠨᠡᠷᠡᠰ᠎ᠦᠨ ᠵᠢᠭ᠍ᠰᠠᠭᠠᠯᠲᠠ᠎ᠶ᠋ᠢᠨ ᠥᠷᠢᠰᠥᠯᠳᠦᠭᠡᠨ ᠶᠠᠪᠤᠬᠤ ᠲᠤᠲᠤᠮ ᠱᠢᠷᠦᠭᠦᠰᠭᠦ ᠪᠣᠯᠤᠨ᠎ᠠ᠃ ᠢᠷᠡᠭᠡᠳᠦᠶ᠎ᠳᠦ᠂ ᠣᠯᠠᠨ ᠲᠦᠮᠡᠨᠴᠢ ᠬᠥᠯ ᠪᠥᠮᠪᠥᠭᠡ᠎ᠶ᠋ᠢᠨ ᠪᠠᠢ᠌ᠩᠭᠤᠵᠢᠭ᠍ᠰᠠᠨ᠂ ᠲᠥᠷᠥᠯ ᠲᠡᠮᠳᠡᠭ᠌ᠵᠢᠭ᠌ᠰᠡᠨ ᠤᠷᠤᠯᠳᠤᠭᠠᠨ᠎ᠳᠤ ᠲᠦᠱᠢᠭ᠌ᠯᠡᠨ᠂ ᠥᠪᠥᠷ ᠮᠣᠩᠭᠣᠯ᠎ᠤᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠰ ᠦᠷᠭᠦᠯᠵᠢᠯᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠦᠨ ᠲᠠᠰ ᠲᠡᠪᠰᠢᠵᠦ᠂ ᠬᠦᠯ ᠪᠥᠮᠪᠥᠭᠡ᠎ᠶ᠋ᠢᠨ ᠬᠠᠯᠠᠭᠤᠨ ᠤᠷᠤᠰᠭᠠᠯ ᠣᠷᠣᠨ᠎ᠤ ᠲᠥᠪ᠎ᠡᠴᠡ ᠬᠥᠯᠥᠨ ᠪᠤᠢ᠌ᠷ᠂ ᠠᠯᠠᠱᠠ᠂ ᠬᠢᠩᠭᠠᠨ ᠠᠢᠮᠠᠭ ᠵᠡᠷᠭᠡ ᠬᠢᠯᠢ᠎ᠶ᠋ᠢᠨ ᠮᠠᠯᠵᠢᠬᠤ ᠣᠷᠣᠨ᠎ᠳᠤ ᠬᠦᠷᠲᠡᠯ᠎ᠡ ᠥᠷᠭᠡᠵᠢᠵᠦ᠍᠂ ᠴᠢᠷᠮᠠᠢᠨ ᠲᠡᠮᠡᠴᠡᠬᠦ᠌ ᠵᠤᠷᠢᠭ ᠰᠠᠨᠠᠭ᠎ᠠ ᠨᠢ ᠱᠢᠨ᠎ᠡ ᠴᠠᠭ ᠦᠶ᠎ᠡ᠎ᠶ᠋ᠢᠨ ᠲᠠᠯ᠎ᠠ ᠨᠤᠲᠤᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠳᠤᠯᠢᠭ ᠲᠠᠢᠯᠪᠤᠷᠢ ᠪᠤᠯᠬᠤ ᠨᠢ ᠯᠠᠪᠲᠠᠢ᠃

(ᠭᠡᠷᠡᠯ ᠵᠢᠷᠤᠭ ᠎ᠤᠳ᠎ᠢ ᠰᠢᠨᠬᠤᠸᠠ ᠰᠦᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号