ᠪᠥᠬᠥ᠌ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠰᠢᠨᠳᠠᠰᠤ ᠰᠢᠯᠭᠠᠬᠤ ᠲᠥᠷᠥᠯ ᠵᠦᠶ᠋ᠯ᠎ᠦᠨ ᠥᠨᠳᠥᠷᠯᠢᠭ ᠭᠠᠵᠠᠷ ᠣᠷᠣᠨ᠎ᠤ ᠦᠷᠢᠰᠦᠯᠳᠦᠬᠦ ᠤᠷᠤᠯᠳᠤᠭᠠᠨ ᠡᠬᠢᠯᠡᠪᠡ
2026-06-08 10:42:57
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 1 ᠎ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠦᠨᠳᠦ ᠬᠥᠩᠭᠡᠨ ᠪᠡᠶ᠎ᠡ᠎ᠶ᠋ᠢᠨ ᠲᠠᠮᠢᠷ᠎ᠤᠨ ᠰᠢᠨᠳᠠᠰᠤ ᠰᠢᠯᠭᠠᠬᠤ ᠲᠥᠷᠥᠯ ᠵᠦᠶ᠋ᠯ᠎ᠦᠨ ᠥᠨᠳᠥᠷᠯᠢᠭ ᠭᠠᠵᠠᠷ᠎ᠤᠨ ᠮᠤᠵᠢ ᠣᠷᠣᠨ᠎ᠤ ᠦᠷᠢᠰᠦᠯᠳᠦᠭᠦ ᠤᠷᠤᠯᠳᠤᠭᠠᠨ ᠵᠢᠴᠢ ᠪᠡᠯᠡᠳᠭᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠬᠤᠸᠠᠷᠠᠨ ᠬᠥᠬᠡᠬᠣᠲᠠ᠎ᠶ᠋ᠢᠨ ᠦᠴᠦᠸᠠᠨ ᠱᠢᠶᠠᠨ᠎ᠳᠤ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠬᠦᠨᠳᠦ ᠬᠥᠩᠭᠡᠨ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠬᠠᠮᠲᠤᠷᠠᠨ ᠡᠷᠭᠢᠯᠡᠵᠦ᠍᠂ 6 ᠰᠠᠷ᠎ᠠ᠎ᠶ᠋ᠢᠨ 7 ᠎ᠤ᠋ ᠡᠳᠦᠷ ᠪᠣᠯᠲᠠᠯ᠎ᠠ ᠪᠥᠬᠥ᠌ ᠤᠯᠤᠰ᠎ᠤᠨ 16 ᠥᠨᠳᠥᠷᠯᠢᠭ ᠭᠠᠵᠠᠷ᠎ᠤᠨ ᠮᠤᠵᠢ ᠣᠷᠣᠨ᠎ᠠᠴᠠ ᠢᠷᠡᠭ᠌ᠰᠡᠨ 257 ᠲᠠᠮᠢᠷᠴᠢᠨ᠂ 55 ᠳᠠᠰᠬᠠᠯᠵᠢᠭᠤᠯᠤᠭᠴᠢ ᠵᠢᠴᠢ 60 ᠬᠢᠨᠠᠭ᠍ᠴᠢ ᠣᠷᠣᠯᠴᠠᠬᠤ ᠪᠣᠯᠤᠨ᠎ᠠ᠃

ᠲᠣᠰ ᠤᠳᠠᠭᠠᠨ᠎ᠤ ᠦᠷᠢᠰᠦᠯᠳᠦᠬᠦ ᠤᠷᠤᠯᠳᠤᠭᠠᠨ ᠪᠣᠯᠤᠨ ᠪᠣᠯᠪᠠᠰᠤᠷᠠᠯ᠎ᠤᠨ ᠬᠤᠸᠠᠷᠠᠨ᠎ᠢ ᠵᠡᠷᠭᠡ᠎ᠪᠡᠷ ᠶᠠᠪᠤᠭᠳᠠᠭᠤᠯᠤᠭᠰᠠᠨ ᠨᠢ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠵᠤ᠂ ᠪᠣᠯᠪᠠᠰᠤᠷᠠᠯ᠎ᠢᠶᠠᠷ ᠰᠤᠷᠤᠯᠴᠠᠯᠭ᠎ᠠ᠎ᠶ᠋ᠢ ᠠᠬᠢᠭᠤᠯᠵᠤ᠂ ᠥᠨᠳᠥᠷᠯᠢᠭ᠎ᠭᠠᠵᠠᠷ᠎ᠤᠨ ᠮᠤᠵᠢ ᠤᠷᠤᠨ᠎ᠤ ᠦᠷᠢᠰᠦᠯᠳᠦᠭᠦ ᠤᠷᠤᠯᠳᠤᠭᠠᠨ᠂ ᠵᠠᠯᠠᠭᠤᠴᠤᠳ ᠪᠠᠭᠠᠴᠤᠳ᠎ᠤᠨ ᠰᠢᠨᠳᠠᠰᠤ ᠰᠢᠯᠭᠠᠬᠤ ᠲᠥᠷᠥᠯ ᠵᠦᠶ᠋ᠯ᠎ᠦᠨ ᠱᠢᠯᠭᠠᠯᠲᠠ᠂ ᠪᠣᠯᠪᠠᠰᠤᠷᠠᠯ᠎ᠤᠨ ᠤᠢᠯᠠᠭᠠᠬᠳᠠᠬᠤᠨ᠎ᠢ ᠰᠤᠳᠤᠯᠤᠨ ᠶᠠᠷᠢᠯᠴᠠᠬᠤ ᠵᠢᠴᠢ ᠵᠢᠭᠠᠨ ᠰᠤᠷᠭᠠᠬᠤ ᠲᠤᠷᠱᠢᠯᠭ᠎ᠠ᠎ᠪᠠᠨ ᠰᠣᠯᠢᠯᠴᠠᠬᠤ ᠵᠡᠷᠭᠡ ᠪᠠᠶᠠᠯᠢᠭ ᠠᠵᠢᠯᠯᠠᠭ᠎ᠠ᠎ᠪᠠᠷ ᠳᠠᠮᠵᠢᠭᠤᠯᠤᠨ᠂ ᠥᠨᠳᠥᠷᠯᠢᠭ᠎ᠭᠠᠵᠠᠷ᠎ᠤᠨ ᠮᠤᠵᠢ ᠣᠷᠣᠨ᠎ᠤ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠰᠢᠯᠢᠳᠡᠭ ᠪᠡᠯᠡᠳᠭᠡᠯ ᠴᠢᠳᠠᠪᠤᠷᠢᠲᠠᠨ ᠎ᠢ ᠠᠭᠤᠳᠠᠯᠵᠤ᠂ ᠳᠠᠰᠬᠠᠯᠵᠢᠭᠤᠯᠤᠭᠴᠢ ᠎ᠶ᠋ᠢᠨ  ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠶᠤᠮ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠥᠨᠳᠥᠷᠯᠢᠭ᠎ᠭᠠᠵᠠᠷ᠎ᠤᠨ ᠮᠤᠵᠢ ᠣᠷᠣᠨ᠎ᠠᠴᠠ ᠢᠷᠡᠭ᠌ᠰᠡᠨ ᠦᠨᠳᠦᠰᠦᠲᠡᠨ᠎ᠨᠦᠭᠦᠳ᠎ᠦᠨ ᠲᠠᠮᠢᠷᠴᠢᠳ᠂ ᠳᠠᠰᠬᠠᠯᠵᠢᠭᠤᠯᠤᠭᠴᠢ ᠨᠢᠭᠡ ᠲᠠᠯᠠᠪᠤᠷ᠎ᠲᠤ ᠤᠷᠤᠯᠳᠤᠨ᠂ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠪᠦᠯᠬᠦᠮᠳᠡᠯ᠎ᠢᠶᠡᠨ ᠵᠤᠵᠠᠭᠠᠳᠭᠠᠵᠤ᠂ ᠨᠥᠬᠥᠷᠯᠡᠯ᠎ᠢᠶᠡᠨ ᠭᠦᠨᠵᠡᠭᠡᠢᠷᠡᠭᠦᠯᠵᠦ᠍᠂ ᠥᠨᠳᠥᠷᠯᠢᠭ ᠭᠠᠵᠠᠷ ᠣᠷᠣᠨ᠎ᠤ ᠪᠡᠶ᠎ᠡ ᠵᠢᠨ ᠲᠠᠮᠢᠷ᠎ᠤᠨ ᠰᠢᠨᠳᠠᠰᠤ ᠰᠢᠯᠭᠠᠬᠤ ᠲᠦᠷᠦᠯ ᠵᠦᠢᠯ᠎ᠦᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠴᠢᠨᠠᠭᠰᠢᠳᠠ ᠲᠡᠭᠡᠭᠰᠢᠯᠡᠬᠦᠯᠪᠡ᠃ ᠲᠠᠷᠠᠭᠠᠴᠢ᠎ᠶ᠋ᠢᠨ ᠪᠣᠯᠪᠠᠰᠤᠷᠠᠯ᠎ᠤᠨ ᠬᠤᠸᠠᠷᠠᠨ ᠳ᠋ᠦ ᠲᠠᠮᠢᠷᠴᠢᠳ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠢ ᠵᠡᠷᠭᠡ᠎ᠪᠡᠷ ᠠᠳᠬᠤᠵᠤ᠂ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠ ᠬᠥᠭᠡᠷᠦᠭᠦᠯᠬᠦ᠌ ᠡᠮ᠎ᠢ ᠡᠰᠡᠷᠭᠦᠴᠡᠬᠦ᠌᠎ᠶ᠋ᠢᠨ ᠴᠢᠬᠤᠯᠠ ᠴᠢᠨᠠᠷ᠎ᠢ ᠴᠢᠩᠳᠠᠯᠠᠵᠤ᠂ ᠠᠷᠢᠭᠤᠨ ᠴᠡᠪᠡᠷ ᠠᠯᠲᠠᠨ ᠮᠧᠳᠠᠯ ᠤᠯᠬᠤ ᠤᠬᠠᠮᠰᠠᠷ᠎ᠢ ᠲᠠᠮᠢᠷᠴᠢᠨ᠂ ᠳᠠᠰᠬᠠᠯᠵᠢᠭᠤᠯᠤᠭᠴᠢᠳ᠎ᠤᠨ ᠦᠵᠡᠯ ᠰᠠᠨᠠᠭᠠᠨ᠎ᠤ ᠭᠦᠨ᠎ᠳᠦ ᠦᠨᠳᠦᠰᠦᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠪᠠ ᠡᠷᠬᠡ ᠲᠡᠭ᠌ᠰᠢ ᠤᠷᠤᠯᠳᠤᠭᠠᠨ᠎ᠤ ᠤᠢᠯᠠᠭᠠᠬᠳᠠᠬᠤᠨ᠎ᠢ ᠬᠦᠨᠳᠦ ᠬᠥᠩᠭᠡᠨ  ᠪᠡᠶ᠎ᠡ ᠵᠢᠨ ᠲᠠᠮᠢᠷ᠎ᠤᠨ ᠲᠠᠯᠠᠪᠠᠶ᠎ᠳᠤ ᠲᠦᠭᠡᠮᠡᠯᠵᠢᠬᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号