ᠬᠥᠬᠡᠬᠣᠲᠠ᠎ᠶ᠋ᠢᠨ ᠬᠠᠭᠠᠰ ᠵᠠᠢᠳᠤ ᠮᠠᠷᠠᠽᠤᠨ ᠤᠷᠤᠯᠳᠤᠭᠠᠨ ᠠᠮᠵᠢᠯᠳᠠᠳᠠᠢ ᠶᠠᠪᠤᠬᠳᠠᠪᠠ
2026-06-08 10:45:23
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 31᠎ᠤ᠋ ᠡᠳᠦᠷ᠂ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠡᠴᠡ ᠳᠠᠭᠠᠭᠠᠴᠢᠯᠠᠨ ᠡᠷᠭᠢᠯᠡᠭᠰᠡᠨ 2026 ᠤᠨ᠎ᠤ ᠬᠥᠬᠡᠬᠣᠲᠠ᠎ᠶ᠋ᠢᠨ ᠬᠠᠭᠠᠰ ᠵᠠᠢᠳᠤ ᠮᠠᠷᠠᠽᠤᠨ ᠤᠷᠤᠯᠳᠤᠭᠠᠨ ᠠᠮᠵᠢᠯᠳᠠᠳᠠᠢ ᠶᠠᠪᠤᠭᠳᠠᠵᠠᠢ᠃ ᠲᠤᠰ ᠤᠳᠠᠭᠠᠨ᠎ᠤ ᠤᠷᠤᠯᠳᠤᠭᠠᠨ᠎ᠤ ᠬᠡᠪᠴᠢᠢ᠎ᠡ ᠨᠢ 10000 ᠬᠥᠮᠦᠨ᠎ᠳᠦ ᠬᠦᠷᠴᠦ᠍᠂ ᠪᠦᠬᠦ᠌ ᠤᠯᠤᠰ᠎ᠤᠨ ᠡᠯ᠎ᠡ ᠭᠠᠵᠠᠷ᠎ᠤᠨ ᠬᠦᠶᠦᠬᠦ ᠲᠤᠷ᠎ᠠ ᠪᠠᠬᠠᠳᠠᠳ ᠬᠥᠬᠡᠬᠣᠲᠠ᠎ᠶ᠋ᠢᠨ ᠤᠳᠤ ᠦᠶ᠎ᠡ᠎ᠶ᠋ᠢᠨ ᠲᠦᠷᠢ ᠲᠥᠷᠬᠦ᠌ ᠪᠣᠯᠤᠨ ᠰᠣᠶᠣᠯ ᠢᠷᠭᠡᠨᠱᠢᠯ᠎ᠦᠨ ᠷᠢᠳᠢ ᠱᠢᠳᠢ᠎ᠶ᠋ᠢ ᠮᠡᠳᠡᠷᠡᠪᠡ᠃

ᠲᠤᠰ ᠬᠤᠭᠤᠴᠠᠭᠠᠨ᠎ᠤ ᠤᠷᠤᠯᠳᠤᠭᠠᠨ᠎ᠤ ᠱᠤᠭᠤᠮ ᠨᠢ ᠲᠤᠷᠭᠠᠨ ᠵᠠᠮ᠎ᠠᠴᠠ ᠡᠬᠢᠯᠡᠵᠦ᠍᠂ ᠪᠢᠨ ᠾᠧ ᠬᠣᠢᠲᠤ ᠵᠡᠭᠡᠯᠢ᠂ ᠦᠬᠠᠶ ᠵᠡᠭᠦᠨ ᠵᠡᠭᠡᠯᠢ᠂ ᠪᠢᠨ ᠾᠧ ᠡᠮᠦᠨ᠎ᠡ ᠵᠡᠭᠡᠯᠢ  ᠵᠡᠷᠭᠡ ᠭᠣᠣᠯ ᠵᠠᠮ᠎ᠢᠶᠠᠷ ᠥᠩᠭᠡᠷᠡᠵᠦ᠍᠂ ᠪᠦᠬᠦ᠌ ᠤᠷᠳᠤ ᠨᠢ 21.0975 ᠺᠢᠯᠣᠮᠧᠲ᠋ᠷ᠃ ᠲᠠᠮᠢᠷᠴᠢᠳ ᠭᠦᠶᠦᠬᠦ᠌ ᠳᠤᠮᠳᠠ ᠪᠡᠨ ᠬᠥᠬᠡᠬᠣᠲᠠ ᠵᠢᠨ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ ᠥᠪᠡᠷᠮᠢᠴᠡ ᠦᠩᠭᠡ ᠦᠵᠡᠮᠵᠢ᠎ᠳ᠋ᠤ ᠰᠤᠭᠳᠤᠭᠤᠷᠠᠵᠤ᠂ ᠵᠠᠮ ᠳᠠᠭᠠᠤ᠎ᠶ᠋ᠢᠨ ᠬᠤᠳᠠ᠎ᠶ᠋ᠢᠨ ᠠᠷᠠᠳ ᠬᠠᠯᠠᠭᠤᠮᠰᠤᠭ᠎ᠢᠶᠠᠷ ᠬᠦᠴᠦ᠍ ᠨᠡᠮᠡᠨ᠂ ᠪᠦᠬᠦ᠌ ᠬᠤᠳᠠ ᠪᠡᠷ ᠵᠢᠡᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠠᠯᠠᠭᠤᠨ ᠠᠭᠤᠷ ᠠᠮᠢᠰᠭᠤᠯ᠎ᠵᠢᠡᠷ ᠪᠢᠯᠬᠠᠪᠠ᠃

2026 ᠤᠨ᠎ᠤ ᠬᠥᠬᠡᠬᠣᠲᠠ᠎ᠶ᠋ᠢᠨ ᠬᠠᠭᠠᠰ ᠵᠠᠢᠳᠤ ᠮᠠᠷᠠᠽᠤᠨ ᠤᠷᠤᠯᠳᠤᠭᠠᠨ᠎ᠢ ᠠᠮᠵᠢᠯᠲᠠ᠎ᠲᠠᠶ ᠡᠷᠬᠢᠯᠡᠭ᠌ᠰᠡᠨ ᠶᠠᠪᠤᠳᠠᠯ ᠪᠣᠯ ᠬᠥᠬᠡᠬᠣᠲᠠ᠎ᠶ᠋ᠢᠨ ᠪᠦᠬᠦ᠌ ᠵᠢᠯ᠎ᠦᠨ ᠭᠣᠣᠯᠳᠠᠯᠭ᠎ᠠ᠎ᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠴᠢᠬᠤᠯᠠ ᠨᠢᠭᠡᠨ ᠭᠣᠭ᠍ᠴᠣᠭ᠎ᠠ ᠪᠣᠯᠤᠨ᠎ᠠ᠃ ᠤᠢᠯᠠᠭᠠᠬᠰᠠᠨ ᠵᠢᠡᠷ᠂ ᠡᠨᠡ ᠵᠢᠯ ᠬᠥᠬᠡᠬᠣᠲᠠ 《ᠠᠷᠪᠠᠨ ᠶᠡᠬᠡ ᠠᠯᠲᠠᠨ ᠮᠧᠳᠠᠯ᠎ᠤᠨ ᠤᠷᠤᠯᠳᠤᠭᠠᠨ》᠂ 《ᠠᠷᠪᠠᠨ ᠶᠡᠬᠡ ᠰᠣᠩᠭᠣᠳᠠᠭ ᠤᠷᠤᠯᠳᠤᠭᠠᠨ》 ᠪᠠ 《ᠠᠷᠪᠠᠨ ᠶᠡᠬᠡ ᠵᠠᠯᠠᠭᠤᠴᠤᠳ᠎ᠤᠨ ᠤᠷᠤᠯᠳᠤᠭᠠᠨ》 ᠵᠡᠷᠭᠡ ᠭᠤᠷᠪᠠᠨ ᠶᠡᠬᠡ ᠵᠢᠭ᠍ᠰᠠᠭᠠᠯ᠎ᠤᠨ ᠭᠠᠵᠠᠷ ᠭᠠᠷᠭᠠᠵᠤ᠂ ᠪᠥᠬᠥ᠌ ᠵᠢᠯ᠎ᠳᠦ 71 ᠭᠤᠤᠯᠳᠠᠯᠭ᠎ᠠ᠎ᠲᠠᠶ ᠤᠷᠤᠯᠳᠤᠭᠠᠨ᠎ᠢ ᠡᠷᠭᠢᠯᠡᠵᠦ᠍᠂ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ᠂ ᠪᠥᠬᠥ᠌ ᠨᠠᠰᠤ᠎ᠪᠠᠷ ᠣᠷᠣᠯᠴᠠᠭ᠍ᠰᠠᠨ ᠤᠷᠤᠯᠳᠤᠭᠠᠨ᠎ᠤ ᠠᠮᠢ ᠠᠬᠤᠶ᠎ᠶ᠋ᠢᠨ ᠱᠢᠰᠲ᠋ᠧᠮ᠎ᠢ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号