ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 2026 ᠣᠨ᠎ᠤ ᠪᠥᠬᠥ᠌ ᠤᠯᠤᠰ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ (ᠱᠠᠩᠷᠤᠤ) ᠵᠢᠴᠢ ᠨᠠᠭᠤᠶᠠ ᠵᠢᠨ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠱᠢᠯᠭᠠᠷᠠᠭᠤᠯᠬᠤ ᠤᠷᠤᠯᠳᠤᠭᠠᠨ ᠵᠢᠶᠠᠩᠰᠢ ᠮᠤᠵᠢ᠎ᠳᠤ ᠶᠠᠪᠤᠭ᠍ᠳᠠᠵᠦ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠠᠩᠭᠢ 7 ᠠᠯᠲᠠᠨ ᠮᠧᠳᠠᠯ᠂ 6 ᠮᠥᠩᠭᠥᠨ ᠮᠧᠳᠠᠯ᠂ 3 ᠬᠦᠷᠡᠯ ᠮᠧᠳᠠᠯ ᠭᠠᠷᠳᠠᠪᠠ᠃
ᠤᠢᠯᠠᠭᠠᠬᠰᠠᠨ ᠵᠢᠡᠷ᠂ ᠲᠤᠰ ᠤᠳᠠᠭᠠᠨ᠎ᠤ ᠤᠷᠤᠯᠳᠤᠭᠠᠨ ᠨᠢ ᠤᠯᠤᠰ᠎ᠤᠨ ᠳᠣᠲᠣᠭᠠᠳᠤ᠎ᠶ᠋ᠢᠨ ᠪᠠᠷᠢᠮᠵᠢᠶ᠎ᠠ ᠪᠡᠷ ᠬᠠᠮᠤᠭ᠎ᠤᠨ ᠦᠨᠳᠦᠷ ᠪᠤᠯᠬᠤ ᠳᠠᠩ ᠲᠦᠷᠦᠯ᠎ᠦᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠤᠷᠤᠯᠳᠤᠭᠠᠨ ᠪᠣᠯᠬᠤ ᠪᠥᠭᠡᠳ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠴᠢᠳᠠᠪᠤᠷᠢᠲᠠᠨ᠎ᠢ ᠱᠢᠯᠭᠠᠷᠠᠭᠤᠯᠬᠤ ᠴᠢᠬᠤᠯᠠ ᠡᠭᠦᠷᠭᠡ ᠶ᠋ᠢ ᠡᠭᠦᠷᠭᠡᠯᠡᠵᠦ ᠪᠠᠢᠳᠠᠭ᠃ ᠲᠤᠰ ᠤᠳᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠤᠯᠪᠤᠭ᠎ᠠ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠵᠥᠪᠯᠡᠯ ᠵᠡᠷᠭᠡ ᠨᠢᠭᠡᠴᠢ᠎ᠡᠴᠡ ᠭᠤᠤᠯᠯᠠᠨ ᠡᠷᠭᠢᠯᠡᠵᠦ᠍᠂ ᠵᠢᠶᠠᠩᠰᠢ ᠮᠤᠵᠢ᠎ᠶ᠋ᠢᠨ ᠵᠡᠮᠳᠡᠭ᠌ᠴᠦᠳ᠎ᠦᠨ ᠬᠤᠯᠪᠤᠭ᠎ᠠ᠂ ᠵᠢᠶᠠᠩᠰᠢ ᠮᠤᠵᠢ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠱᠠᠩᠷᠤᠤ ᠬᠣᠲᠠ᠎ᠶ᠋ᠢᠨ ᠵᠠᠰᠠᠭ᠎ᠤᠨ ᠣᠷᠳᠣᠨ᠎ᠠᠴᠠ ᠳᠠᠭᠠᠭᠠᠴᠢᠯᠠᠨ ᠡᠷᠭᠢᠯᠡᠵᠦ᠍᠂ ᠤᠷᠤᠯᠳᠤᠭᠠᠨ᠎ᠤ ᠠᠵᠢᠯᠯᠠᠭ᠎ᠠ᠎ᠵᠢ 25 ᠨᠠᠰᠤᠨ᠎ᠠᠴᠠ ᠳᠣᠷᠣᠭ᠍ᠰᠢᠬᠢ ᠵᠠᠯᠠᠭᠤ ᠵᠡᠮᠳᠡᠭ ᠲᠠᠮᠢᠷᠴᠢᠳ᠎ᠲᠤ ᠬᠠᠨᠳᠤᠭᠤᠯᠤᠨ᠂ ᠳᠥᠷᠪᠡᠨ ᠶᠡᠬᠡ ᠵᠡᠮᠳᠡᠭᠴᠤᠳ᠎ᠤᠨ ᠳᠤᠭᠤᠢᠯᠠᠩ᠎ᠤᠨ 148 ᠤᠷᠤᠯᠳᠤᠭᠠᠨ᠎ᠤ ᠪᠠᠭ᠎ᠠ ᠲᠦᠷᠦᠯ᠎ᠢ ᠲᠤᠬᠢᠷᠠᠭᠤᠯᠪᠠ᠃ ᠡᠬᠦᠨ᠎ᠳᠤ᠂ ᠪᠦᠬᠦ᠌ ᠤᠯᠤᠰ᠎ᠤᠨ 26 ᠮᠤᠵᠢ ᠣᠷᠣᠨ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ 305 ᠲᠠᠮᠢᠷᠴᠢᠨ ᠣᠷᠣᠯᠴᠠᠵᠠᠶ᠃
ᠥᠪᠥᠷ ᠮᠣᠩᠭᠣᠯ᠎ᠤᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠠᠩᠭᠢ ᠬᠠᠲᠠᠭᠤ ᠴᠢᠩᠭ᠎ᠠ ᠪᠣᠳᠠᠲᠤ ᠬᠦᠴᠦᠨ ᠳ᠋ᠡᠭᠡᠨ ᠲᠦᠰᠢᠭᠯᠡᠵᠦ ᠰᠢᠯᠢᠳᠡᠭ ᠬᠢᠷᠢ ᠪᠦᠲᠦᠮᠵᠢ ᠤᠯᠵᠦ᠂ ᠮᠠᠨ᠎ᠤ ᠣᠷᠣᠨ᠎ᠤ ᠵᠡᠮᠳᠡᠭ ᠲᠠᠮᠢᠷᠴᠢᠳ᠎ᠤᠨ ᠥᠪᠡᠷ᠎ᠢ᠎ᠪᠡᠨ ᠢᠯᠡᠨ ᠳᠠᠪᠠᠵᠤ᠂ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠬᠦ᠌ ᠰᠠᠢᠨ ᠰᠠᠢᠬᠠᠨ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠵᠦ᠍᠂ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠤ ᠱᠢᠯᠢᠳᠡᠭ ᠴᠢᠳᠠᠪᠤᠷᠢᠲᠠᠨ᠎ᠢ ᠨᠥᠭᠡᠴᠡᠯᠡᠪᠡ᠃