ᠳᠣᠲᠣᠭᠠᠳᠤ᠎ᠶᠢ ᠬᠠᠮᠠᠭᠠᠯᠠᠬᠤ ᠶᠠᠮᠤᠨ 6 ᠰᠠᠷ᠎ᠠ᠎ᠶᠢᠨ 5᠎ᠤ᠋ ᠡᠳᠦᠷ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠪᠣᠯᠣᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠰᠢᠯᠭᠠᠯᠲᠠ᠎ᠳᠤ ᠬᠣᠯᠪᠣᠭᠳᠠᠭᠰᠠᠨ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ 2026 ᠣᠨ᠎ᠤ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠠᠮᠤᠷ ᠲᠦᠪᠰᠢᠨ᠎ᠢ ᠬᠠᠮᠠᠭᠠᠯᠠᠨ᠎ᠠ ᠭᠡᠵᠦ ᠢᠯᠡᠳᠭᠡᠪᠡ᠃
ᠲᠠᠨᠢᠯᠴᠠᠭᠤᠯᠤᠭᠰᠠᠨ᠎ᠢᠶᠠᠷ᠂ 2026 ᠣᠨ᠎ᠤ ᠡᠩ᠎ᠦᠨ ᠳᠡᠭᠡᠳᠦ ᠵᠡᠷᠭᠡ ᠵᠢᠨ ᠰᠤᠷᠭᠠᠭᠤᠯᠢ᠎ᠶᠢᠨ ᠰᠤᠷᠤᠬ᠍ᠴᠢ ᠡᠯᠰᠡᠬᠦ ᠪᠦᠭᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠢ ᠪᠠᠢᠬᠤ᠎ᠶᠢ ᠪᠠᠲᠤᠯᠠᠬᠤ᠎ᠶᠢᠨ ᠲᠥᠯᠥᠭᠡ᠂ ᠤᠯᠤᠰ᠎ᠤᠨ ᠰᠤᠷᠭᠠᠨ ᠬᠥᠮᠦᠵᠢᠯ᠎ᠦᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠤᠨ ᠶᠠᠮᠤᠨ᠎ᠤ ᠬᠣᠭᠣᠷᠣᠨᠳᠣᠭᠢ ᠬᠠᠮᠲᠤᠷᠠᠭᠰᠠᠨ ᠬᠤᠷᠠᠯ᠎ᠤᠨ ᠨᠢᠭᠡᠳᠦᠯᠲᠡᠢ ᠪᠠᠢᠷᠢᠯᠠᠭᠤᠯᠤᠯᠲᠠ᠎ᠶᠢ ᠦᠨᠳᠦᠰᠦᠯᠡᠨ᠂ ᠪᠦᠭᠦ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠪᠣᠯᠣᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠭᠢᠨ ᠢᠮᠠᠭᠲᠠ 《ᠤᠭᠲᠤ ᠠᠭᠤᠴᠢᠯᠠᠬᠤ ᠦᠭᠡᠢ》 ᠣᠪᠣᠷ᠎ᠢ ᠪᠠᠷᠢᠮᠲᠠᠯᠠᠵᠤ᠂ ᠬᠠᠮᠵᠢᠯᠴᠠᠨ ᠬᠠᠮᠲᠤᠷᠠᠯᠴᠠᠬᠤ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠡᠷᠴᠢᠮ᠎ᠢ ᠪᠦᠭᠦ ᠲᠠᠯ᠎ᠠ᠎ᠪᠠᠷ ᠴᠢᠩᠭᠠᠳᠬᠠᠨ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭᠠᠷᠳᠠᠯᠭ᠎ᠠ᠂ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ᠎ᠶᠢ ᠪᠠᠷᠢᠮᠲᠠᠯᠠᠨ᠂ ᠰᠢᠯᠭᠠᠯᠲᠠ᠎ᠳᠤ ᠬᠣᠯᠪᠣᠭᠳᠠᠬᠤ ᠲᠥᠷᠥᠯ᠎ᠦᠨ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠴᠢᠩᠭ᠎ᠠ ᠪᠠᠢᠴᠠᠭᠠᠨ ᠴᠢᠩᠭ᠎ᠠ ᠴᠣᠬᠢᠯᠲᠠ ᠥᠭᠴᠦ᠂ ᠨᠢᠭᠡ᠎ᠶᠢ ᠢᠯᠡᠷᠡᠭᠦᠯᠪᠡᠯ ᠨᠢᠭᠡ᠎ᠶᠢ ᠪᠠᠢᠴᠠᠭᠠᠨ ᠰᠢᠢᠳᠪᠦᠷᠢᠯᠡᠵᠦ᠂ ᠥᠴᠥᠬᠡᠨ ᠴᠦ᠍ ᠢᠯᠳᠠᠷ ᠬᠠᠶᠠᠬᠤ ᠦᠭᠡᠢ ᠪᠠᠢᠵᠤ᠂ ᠥᠷᠭᠡᠨ ᠣᠯᠠᠨ ᠰᠢᠯᠭᠠᠭᠤᠯᠤᠭ᠍ᠴᠢ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠡᠷᠡᠰ ᠬᠠᠮᠠᠭᠠᠯᠠᠨ᠂ 2026 ᠣᠨ᠎ᠤ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠠᠮᠤᠷ ᠲᠦᠪᠰᠢᠨ ᠲᠣᠭᠲᠠᠭᠤᠨ ᠡᠮᠬᠢ ᠵᠢᠷᠤᠮ᠎ᠲᠠᠢ ᠪᠠᠢᠬᠤ᠎ᠶᠢ ᠪᠦᠭᠦ ᠬᠦᠴᠦᠨ᠎ᠢᠶᠡᠷ᠎ᠢᠶᠡᠨ ᠪᠠᠲᠤᠯᠠᠨ᠎ᠠ᠃
ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠪᠠ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠡᠴᠡ ᠥᠷᠭᠡᠨ ᠣᠯᠠᠨ ᠰᠢᠯᠭᠠᠭᠤᠯᠤᠭ᠍ᠴᠢ᠎ᠳᠤ᠂ ᠰᠢᠯᠭᠠᠯᠲᠠ᠎ᠶᠢᠨ ᠳᠦᠷᠢᠮ ᠲᠣᠭᠲᠠᠭᠠᠯ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠦᠨᠡᠨᠴᠢ ᠢᠲᠡᠭᠡᠮᠵᠢᠲᠡᠢ᠎ᠪᠡᠷ ᠰᠢᠯᠭᠠᠯᠲᠠ᠎ᠳᠤ ᠣᠷᠤᠯᠴᠠᠬᠤ ᠬᠡᠷᠡᠭᠲᠡᠢ᠂ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠬᠣᠯᠪᠣᠭᠳᠠᠬᠤ ᠶᠠᠮᠠᠷᠪᠠ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠴᠥᠮ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠴᠢᠩᠭ᠎ᠠ ᠰᠢᠢᠳᠭᠡᠨ᠎ᠡ ᠭᠡᠵᠦ ᠲᠥᠪ ᠴᠢᠩᠭ᠎ᠠ᠎ᠪᠠᠷ ᠰᠠᠨᠠᠭᠤᠯᠪᠠ᠃
《ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠲᠣᠭᠲᠠᠭᠠᠯ ᠠ᠋ᠴᠠ ᠵᠥᠷᠢᠴᠡᠭᠰᠡᠨ᠎ᠢ ᠰᠢᠢᠳᠪᠦᠷᠢᠯᠡᠬᠦ ᠠᠷᠭ᠎ᠠ》 ᠶ᠋ᠢ ᠦᠨᠳᠦᠰᠦᠯᠡᠪᠡᠯ᠂ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠳᠤ ᠭᠡᠮ ᠬᠢᠭᠰᠡᠨ ᠰᠢᠯᠭᠠᠭᠤᠯᠤᠭ᠍ᠴᠢ᠎ᠳᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠡᠴᠡ ᠬᠢᠷᠢ ᠪᠦᠲᠦᠮᠵᠢ᠎ᠶᠢ ᠨᠢ ᠬᠦᠴᠦᠨ ᠦᠭᠡᠢ ᠪᠤᠯᠭᠠᠬᠤ᠂ ᠰᠢᠯᠭᠠᠯᠲᠠ᠎ᠶᠢ ᠨᠢ ᠲᠦᠷ ᠵᠣᠭᠰᠤᠭᠠᠬᠤ ᠵᠡᠷᠭᠡ ᠰᠢᠢᠳᠬᠡᠯ ᠦᠭᠴᠦ ᠪᠣᠯᠣᠨ᠎ᠠ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ᠎ᠶᠢᠨ ᠬᠠᠤᠯᠢ》 ᠶ᠋ᠢ ᠦᠨᠳᠦᠰᠦᠯᠡᠪᠡᠯ᠂ ᠶᠡᠬᠡ ᠰᠤᠷᠭᠠᠭᠤᠯᠢ᠎ᠳᠤ ᠰᠢᠯᠭᠠᠭᠤᠯᠬᠤ ᠰᠢᠯᠭᠠᠯᠲᠠ᠎ᠳᠤ ᠭᠡᠮ ᠬᠢᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠭᠰᠠᠨ ᠪᠠᠢᠪᠠᠯ᠂ ᠭᠤᠷᠪᠠᠨ ᠵᠢᠯ᠎ᠡᠴᠡ ᠳᠣᠷᠤᠬᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠡᠷ ᠰᠢᠢᠳᠬᠡᠵᠦ᠂ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠬᠡᠬᠦ ᠪᠤᠶᠤ ᠠᠰ ᠵᠢᠨᠷ ᠨᠢ ᠰᠢᠢᠳᠬᠡᠨ᠎ᠡ; ᠤᠢ᠍ᠢᠯᠠ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠭᠤᠷᠪᠠᠨ ᠵᠢᠯ᠎ᠡᠴᠡ ᠳᠡᠭᠡᠭᠰᠢ ᠲᠤᠯᠦᠭᠠᠠ ᠵᠢᠯ᠎ᠡᠴᠡ ᠳᠤᠷᠤᠬᠰᠢ ᠬᠤᠭᠤᠴᠠᠭ᠎ᠠ᠎ᠲᠠᠢ ᠬᠣᠷᠢᠬᠤ᠎ᠪᠠᠷ ᠰᠢᠢᠳᠭᠡᠵᠦ᠂ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠰᠢᠢᠳᠭᠡᠨ᠎ᠡ; ᠰᠢᠯᠭᠠᠭᠤᠯᠤᠬᠴᠢ᠎ᠶᠢ ᠤᠷᠤᠯᠠᠨ ᠰᠢᠯᠭᠠᠬᠤ᠂ ᠤᠲᠠᠰᠤ ᠦᠭᠡᠢ ᠭᠡᠮ ᠬᠢᠬᠦ ᠪᠠᠭᠠᠵᠢ ᠬᠡᠷᠡᠭᠰᠡᠯ᠎ᠢ ᠬᠤᠳᠠᠯᠳᠤᠬᠤ ᠪᠤᠶᠤ ᠬᠡᠷᠡᠭᠯᠡᠬᠦ ᠵᠡᠷᠭᠡ ᠦᠢᠯᠡ ᠠᠵᠢᠯᠯᠠᠭ᠎ᠠ ᠨᠢ ᠰᠢᠯᠭᠠᠯᠲᠠ᠎ᠳᠤ ᠭᠡᠮ ᠬᠢᠬᠦ᠎ᠶᠢ ᠵᠣᠬᠢᠶᠠᠨ ᠪᠠᠢᠭᠤᠯᠤᠭᠰᠠᠨ ᠶᠠᠯ᠎ᠠ᠂ ᠰᠢᠯᠭᠠᠯᠲᠠ᠎ᠶᠢ ᠣᠷᠣᠯᠠᠭᠤᠯᠤᠭᠰᠠᠨ ᠶᠠᠯ᠎ᠠ᠂ ᠬᠤᠯᠠᠭᠤᠨ ᠰᠣᠨᠣᠰᠬᠤ ᠬᠤᠯᠠᠭᠤᠨ ᠰᠡᠭᠦᠳᠡᠷᠯᠡᠬᠦ ᠲᠤᠰᠬᠠᠢ ᠪᠠᠭᠠᠵᠢ ᠬᠡᠷᠡᠭᠰᠡᠯ᠎ᠢ ᠬᠠᠤᠯᠢ ᠪᠤᠰᠤ᠎ᠪᠠᠷ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ᠂ ᠬᠡᠷᠡᠭᠯᠡᠭᠰᠡᠨ ᠶᠠᠯ᠎ᠠ᠂ ᠬᠠᠤᠯᠢ ᠪᠤᠰᠤ᠎ᠪᠠᠷ ᠡᠵᠡᠩᠨᠡᠭᠰᠡᠨ ᠶᠠᠯ᠎ᠠ ᠪᠠ ᠷᠠᠳᠢᠣ᠋ ᠬᠣᠯᠪᠣᠭᠠᠨ᠎ᠤ ᠬᠠᠮᠢᠶᠠᠷᠤᠯᠲᠠ᠎ᠶᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠶᠠᠯ᠎ᠠ ᠵᠡᠷᠭᠡ ᠶᠠᠯᠠᠳᠤ ᠬᠣᠯᠪᠣᠭᠳᠠᠵᠤ᠂ ᠡᠷᠡᠭᠦᠦ᠎ᠶᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 5᠎ᠤ᠋ ᠴᠠᠬᠢᠯᠭᠠᠨ ᠮᠡᠳᠡᠭᠡ)