ᠰᠢᠯᠢ᠎ᠶᠢᠨ ᠭᠣᠣᠯ ᠠᠢᠮᠠᠭ᠎ᠤᠨ ᠰᠦᠨᠢᠳ ᠵᠡᠭᠦᠨ ᠬᠤᠰᠢᠭᠤᠨ᠎ᠤ
ᠴᠠᠬᠢᠯᠭᠠᠨ ᠬᠤᠪᠢᠰᠬᠠᠬᠤ ᠥᠷᠲᠡᠭᠡ᠎ᠶᠢᠨ 100 ᠲᠦᠮᠡᠨ ᠺᠢᠯᠣᠸᠠᠲ /400 ᠲᠦᠮᠡᠨ ᠺᠢᠯᠣᠸᠠᠲ ᠴᠠᠭ᠎ᠤᠨ ᠴᠠᠬᠢᠯᠭᠠᠨ
ᠡᠭᠦᠰᠬᠡᠭᠴᠢ᠎ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠪᠠᠷᠢᠯᠭ᠎ᠠ ᠵᠢᠨ ᠪᠦᠲᠦᠭᠡᠨ ᠪᠠᠢᠭᠤᠯᠤᠯᠲᠠ᠎ᠶᠢᠨ ᠠᠵᠢᠯ ᠵᠢᠡᠨ ᠪᠦᠬᠦᠨ᠎ᠢ
ᠳᠠᠭᠤᠰᠬᠠᠵᠤ᠂ ᠲᠥᠬᠦᠭᠡᠷᠦᠮᠵᠢ ᠤᠭᠰᠠᠷᠠᠬᠤ ᠪᠠ ᠰᠢᠰᠲᠧᠮ᠎ᠢ ᠲᠣᠬᠢᠷᠠᠭᠤᠯᠤᠨ ᠲᠤᠷᠰᠢᠬᠤ ᠱᠠᠲᠤᠨ᠎ᠳᠤ ᠣᠷᠣᠵᠤ᠂
ᠵᠢᠱ᠌ᠢᠯᠲᠡ᠎ᠪᠡᠷ ᠡᠨᠡ ᠵᠢᠯ᠎ᠦᠨ 8 ᠰᠠᠷ᠎ᠠ᠎ᠶᠢᠨ ᠡᠬᠢ᠎ᠪᠡᠷ ᠠᠰᠢᠭ᠍ᠯᠠᠯᠲᠠ᠎ᠳᠤ ᠣᠷᠣᠭᠤᠯᠬᠤ ᠪᠡᠷ
ᠲᠦᠯᠦᠪᠯᠡᠵᠦ ᠪᠤᠢ᠃

ᠲᠣᠰ ᠲᠥᠷᠥᠯ ᠵᠦᠢᠯ ᠨᠢ ᠥᠪᠥᠷ ᠮᠣᠩᠭᠣᠯ᠎ᠤᠨ ᠭᠣᠣᠯᠳᠠᠯᠭ᠎ᠠ᠎ᠲᠠᠢ
ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠨᠢᠭᠡ ᠪᠠᠢᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ
30 ᠳ᠋ᠦᠩᠰᠢᠭᠤᠷ ᠲᠥᠭᠥᠷᠢᠭ ᠬᠦᠷᠴᠦ᠂ ᠶᠡᠷᠦᠩᠬᠡᠢ ᠬᠡᠷᠡᠭᠯᠡᠬᠦ ᠭᠠᠵᠠᠷ᠎ᠤᠨ ᠲᠠᠯᠠᠪᠠᠶ ᠨᠢ ᠪᠠᠷᠤᠭ 420 ᠮᠦ᠍
ᠪᠠᠢᠵᠤ᠂ ᠳᠤᠮᠳᠠᠳᠤ ᠤᠯᠤᠰ᠎ᠤᠨ ᠴᠠᠬᠢᠯᠭᠠᠨ ᠬᠦᠴᠦᠨ᠎ᠦ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠵᠢᠶᠠᠩᠰᠢ
ᠮᠤᠵᠢ᠎ᠶᠢᠨ ᠤᠰᠤ ᠴᠠᠬᠢᠯᠭᠠᠨ᠎ᠤ ᠢᠨᠵᠧᠨᠧᠷᠢᠩ᠎ᠦᠨ ᠲᠣᠪᠴᠢᠶ᠎ᠠ᠎ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ
ᠪᠠᠷᠢᠯᠭ᠎ᠠ᠎ᠶᠢᠨ ᠭᠤᠷᠪᠠᠳᠤᠭᠠᠷ ᠲᠣᠪᠴᠢᠶ᠎ᠠ᠎ᠶᠢᠨ ᠬᠢᠵᠠᠭᠠᠷᠲᠤ ᠺᠣᠮᠫᠠᠨᠢ ᠵᠡᠷᠭᠡ ᠲᠥᠪ᠎ᠦᠨ ᠬᠣᠶᠠᠷ ᠠᠵᠤ
ᠠᠬᠤᠢᠯᠠᠯ ᠬᠠᠮᠲᠤᠷᠠᠨ ᠳᠠᠭᠠᠭᠠᠴᠢᠯᠠᠨ ᠬᠢᠵᠦ ᠪᠠᠢᠨ᠎ᠠ᠃ ᠲᠥᠷᠥᠯ ᠵᠦᠢᠯ ᠲᠠᠭᠤᠰᠤᠭᠰᠠᠨ᠎ᠤ ᠳᠠᠷᠠᠭ᠎ᠠ᠂ ᠲᠡᠯᠡᠭᠡᠢ
ᠲᠡᠭᠡᠷ᠎ᠡ ᠬᠡᠪᠴᠢᠶ᠎ᠡ᠎ᠪᠡᠷ ᠬᠠᠮᠤᠭ᠎ᠤᠨ ᠶᠡᠬᠡ ᠲᠠᠩ ᠴᠣᠭᠴᠠᠲᠦ ᠹᠣᠰᠹᠣᠷ ᠬᠦᠴᠢᠯ᠎ᠦᠨ ᠲᠡᠮᠦᠷ ᠯᠢᠲ᠋ᠢ᠎ᠶᠢᠨ ᠡᠨᠧᠷᠭᠢ
ᠬᠠᠳᠠᠭᠠᠯᠠᠬᠤ ᠴᠠᠬᠢᠯᠭᠠᠨ ᠥᠷᠲᠡᠭᠡ ᠪᠣᠯᠵᠤ᠂ ᠵᠢᠯ ᠪᠦᠷᠢ ᠪᠠᠷᠤᠭ 10 ᠳ᠋ᠦᠩᠰᠢᠭᠤᠷ ᠺᠢᠯᠣᠸᠠᠲ ᠴᠠᠭ ᠴᠠᠬᠢᠯᠭᠠᠨ
ᠭᠠᠷᠭᠠᠵᠤ᠂ ᠰᠥᠨᠢᠳ ᠵᠡᠭᠦᠨ ᠬᠣᠰᠢᠭᠤᠨ᠎ᠳᠤ ᠲᠣᠭᠲᠠᠭᠤᠨ᠂ ᠴᠢᠨᠠᠷ ᠰᠠᠢᠲᠠᠢ᠂ ᠪᠣᠬᠢᠷᠲᠤᠯ ᠦᠭᠡᠢ ᠴᠠᠬᠢᠯᠭᠠᠨ ᠬᠦᠴᠦᠨ᠎ᠦ
ᠪᠠᠲᠤᠯᠠᠭ᠎ᠠ ᠬᠠᠩᠭᠠᠨ᠎ᠠ᠃

ᠲᠤᠰ ᠲᠥᠷᠦᠯ ᠵᠦᠢᠯ ᠨᠢ ᠠᠷᠠᠳ᠎ᠤᠨ ᠠᠮᠢᠳᠤᠷᠠᠯ᠂ ᠠᠵᠤ
ᠠᠬᠤᠢ ᠪᠠ ᠠᠮᠢ ᠠᠬᠤᠢ᠎ᠶᠢᠨ ᠣᠯᠠᠨ ᠳᠠᠪᠬᠤᠷ ᠦᠨ᠎ᠡ ᠥᠷᠲᠡᠭ᠎ᠲᠠᠢ᠃ ᠪᠦᠲᠦᠭᠡᠨ ᠪᠠᠶ᠋ᠢᠭᠤᠯᠬᠤ ᠬᠤᠭᠤᠴᠠᠭᠠᠨ᠎ᠳᠤ
ᠨᠡᠶ᠋ᠢᠲᠡ 270 ᠤᠷᠴᠢᠮ ᠠᠵᠢᠯ᠎ᠤᠨ ᠪᠠᠢᠷᠢ ᠬᠠᠩᠭᠠᠵᠤ᠂ ᠴᠠᠯᠢᠩ ᠬᠥᠯᠥᠰᠦ᠎ᠶᠢ ᠪᠠᠷᠤᠭ 800 ᠲᠦᠮᠡᠨ ᠲᠥᠭᠥᠷᠢᠭ
ᠲᠠᠷᠬᠠᠭᠠᠵᠤ᠂ ᠲᠣᠰ ᠭᠠᠵᠠᠷ᠎ᠤᠨ ᠣᠯᠠᠨ ᠲᠦᠮᠡᠨ᠎ᠢ ᠳᠠᠶ᠋ᠢᠴᠢᠯᠠᠨ ᠣᠢᠷ᠎ᠠ ᠬᠠᠪᠢ ᠳ᠋ᠤᠨᠢ ᠣᠷᠣᠯᠭ᠎ᠠ᠎ᠶᠢ ᠨᠢ ᠨᠡᠮᠡᠭᠳᠡᠭᠦᠯᠬᠦ᠎ᠶᠢᠨ
ᠬᠠᠮᠲᠤ ᠪᠠᠷᠢᠯᠭ᠎ᠠ᠎ᠶᠢᠨ ᠮᠠᠲᠧᠷᠢᠶᠠᠯ᠂ ᠬᠤᠭᠤᠯᠠᠨ ᠭᠡᠷ ᠬᠤᠨᠤᠭ ᠪᠠᠭᠤᠳᠠᠯ ᠵᠡᠷᠭᠡ ᠬᠣᠯᠪᠣᠭᠳᠠᠯ ᠪᠦᠬᠦᠢ ᠠᠵᠢᠯ
ᠲᠥᠷᠥᠯ᠎ᠢ ᠲᠠᠢᠴᠢᠯᠠᠨ ᠬᠥᠭᠵᠢᠭᠦᠯᠬᠦ ᠪᠤᠯᠤᠨ᠎ᠠ᠃
ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ