6 ᠰᠠᠷ᠎ᠠ᠎ᠶᠢᠨ 8᠎ᠤ ᠡᠳᠦᠷ᠎ᠡᠴᠡ ᠥᠪᠥᠷ ᠮᠣᠩᠭᠣᠯ᠎ᠳᠤ ᠵᠢᠩᠬᠢᠨᠢ ᠎ᠪᠡᠷ ᠠᠰᠢᠭ᠍ᠯᠠᠯᠲᠠ ᠎ᠳᠤ ᠣᠷᠣᠭᠤᠯᠤᠨ᠎ᠠ
2026-06-08 19:15:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 2᠎ᠤᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠮᠡᠳᠡᠭᠡ ᠨᠡᠢᠲᠡᠯᠡᠵᠦ᠂ ᠲᠡᠷᠭᠡ ᠬᠥᠯᠥᠰᠦᠯᠡᠵᠦ ᠠᠶᠠᠨᠴᠢᠳ ᠵᠥᠭᠡᠭᠡᠪᠦᠷᠢᠯᠡᠬᠦ ᠡᠯᠧᠺᠲᠷᠣᠨ ᠫᠠᠢᠰᠠ ᠵᠢ 6 ᠰᠠᠷ᠎ᠠ᠎ᠶᠢᠨ 8᠎ᠤ ᠡᠳᠦᠷ ᠡᠴᠡ ᠵᠢᠩᠬᠢᠨᠢ᠎ᠪᠡᠷ ᠡᠬᠢᠯᠡᠨ ᠬᠡᠷᠡᠭᠯᠡᠵᠦ᠂ ᠬᠡᠳᠦᠨ ᠠᠷᠪᠠᠨ ᠵᠢᠯ᠎ᠤᠨ ᠲᠤᠷᠰᠢ ᠬᠡᠷᠡᠭᠯᠡᠭᠰᠡᠨ ᠬᠦᠯᠦᠰᠦᠯᠡᠭᠰᠡᠨ ᠲᠡᠷᠭᠡᠨ᠎ᠤ ᠴᠠᠭᠠᠰᠤᠨ ᠫᠠᠢᠰᠠ ᠲᠡᠦᠬᠡ᠎ᠶᠢᠨ ᠲᠠᠪᠴᠠᠩ᠎ᠠᠴᠠ ᠤᠬᠤᠷᠢᠨ ᠭᠠᠷᠬᠤ ᠪᠣᠯᠣᠨ᠎ᠠ᠂ ᠡᠨᠡ ᠨᠢ ᠲᠡᠷᠭᠡ ᠬᠥᠯᠥᠰᠦᠯᠡᠵᠦ ᠠᠶᠠᠨᠴᠢᠳ ᠵᠥᠭᠡᠭᠡᠪᠦᠷᠢᠯᠡᠬᠦ ᠬᠠᠮᠢᠶᠠᠷᠤᠯᠲᠠ ᠪᠥᠬᠥ ᠶᠠᠪᠤᠴᠠ ᠨᠢ ᠡᠯᠧᠺᠲ᠋ᠷᠣᠨᠴᠢᠯᠠᠭᠰᠠᠨ᠂ ᠣᠶᠤᠨᠴᠢᠯᠠᠭᠰᠠᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠣᠶ᠃

ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ᠎ᠶᠢᠨ ᠲᠣᠭᠠᠴᠢᠯᠠᠯᠲᠠ ᠵᠦᠭ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠠᠵᠢᠯ ᠲᠥᠷᠥᠯ᠎ᠦᠨ ᠦᠢᠯᠡᠴᠢᠯᠡᠭᠡ ᠪᠠ ᠬᠠᠮᠢᠶᠠᠷᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠣᠷᠣᠨ ᠪᠦᠰᠡ ᠠᠯᠤᠰᠯᠠᠨ ᠬᠠᠮᠵᠢᠯᠴᠠᠬᠤ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠠᠷᠠᠳ ᠣᠯᠠᠨ᠎ᠤ ᠠᠮᠤᠷ ᠲᠦᠪᠰᠢᠨ ᠪᠥᠭᠡᠳ ᠳᠥᠭᠥᠮ ᠳᠥᠲᠡ ᠶᠠᠪᠤᠵᠤ ᠰᠠᠭᠤᠬᠤ᠎ᠶᠢ ᠪᠠᠲᠤᠯᠠᠬᠤ᠎ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ ᠬᠥᠭᠵᠢᠯᠲᠡ᠎ᠶᠢᠨ ᠲᠥᠪ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠰᠢᠰᠲᠧᠮ᠎ᠢ ᠨᠡᠭᠡᠭᠡᠨ ᠬᠥᠭᠵᠢᠭᠦᠯᠬᠦ᠎ᠶᠢ ᠢᠳᠡᠪᠬᠢᠲᠡᠢ ᠵᠣᠬᠢᠶᠠᠨ ᠪᠠᠢᠭᠤᠯᠵᠤ᠂ ᠮᠤᠵᠢ ᠶᠠᠮᠤᠨ ᠬᠣᠯᠪᠤᠭᠠᠯᠠᠨ ᠲᠣᠬᠢᠷᠠᠭᠤᠯᠵᠤ ᠲᠤᠷᠰᠢᠬᠤ᠎ᠶᠢ ᠤᠷᠤᠭᠰᠢᠲᠠᠢ ᠪᠡᠶᠡᠯᠡᠭᠦᠯᠪᠡ᠃

ᠰᠢᠨ᠎ᠡ᠎ᠪᠡᠷ ᠡᠬᠢᠯᠡᠵᠦ ᠬᠡᠷᠡᠭᠯᠡᠬᠦ ᠲᠡᠷᠭᠡ ᠬᠥᠯᠥᠰᠦᠯᠡᠵᠦ ᠠᠶᠠᠨᠴᠢᠳ ᠵᠥᠭᠡᠭᠡᠪᠦᠷᠢᠯᠡᠬᠦ ᠡᠯᠧᠺᠲᠷᠣᠨ ᠫᠠᠢᠰᠠ᠎ᠶᠢᠨ ᠰᠢᠰᠲᠧᠮ ᠨᠢ ᠰᠦᠯᠵᠢᠶᠡᠨ ᠳᠡᠭᠡᠷ᠎ᠡ ᠭᠤᠶᠤᠴᠢᠯᠠᠬᠤ᠂ ᠠᠦ᠋ᠲ᠋ᠣ᠋ ᠬᠢᠨᠠᠨ ᠬᠠᠷᠭᠤᠭᠤᠯᠬᠤ᠂ ᠳᠥᠭᠥᠮ ᠳᠥᠲᠡ᠎ᠪᠡᠷ ᠪᠠᠭᠤᠯᠭᠠᠨ ᠠᠪᠬᠤ᠂ ᠺᠣᠳ᠋ ᠰᠢᠷᠪᠢᠵᠦ ᠪᠠᠢᠴᠠᠭᠠᠨ ᠯᠠᠪᠯᠠᠬᠤ ᠵᠡᠷᠭᠡ ᠪᠥᠬᠥ ᠶᠠᠪᠤᠴᠠ᠎ᠶᠢᠨ ᠴᠢᠳᠠᠮᠵᠢ᠎ᠶᠢ ᠬᠠᠮᠤᠷᠤᠭᠰᠠᠨ ᠪᠥᠭᠡᠳ ᠪᠥᠬᠥ ᠤᠯᠤᠰ᠎ᠤᠨ ᠬᠡᠪᠴᠢᠶᠡᠨ᠎ᠳᠦ ᠨᠡᠢᠳᠡᠮ ᠬᠡᠷᠡᠭᠯᠡᠵᠦ ᠬᠠᠷᠢᠯᠴᠠᠨ ᠮᠡᠳᠡᠷᠡᠬᠦ᠎ᠶᠢ ᠪᠡᠶᠡᠯᠡᠭᠦᠯᠪᠡ᠃ ᠣᠷᠣᠨ᠎ᠤ ᠳᠣᠲᠣᠷ᠎ᠠ ᠲᠡᠷᠭᠡ ᠬᠥᠯᠥᠰᠦᠯᠡᠬᠦ ᠪᠤᠶᠤ ᠮᠤᠵᠢ ᠠᠯᠤᠰᠯᠠᠨ ᠲᠡᠷᠭᠡ ᠬᠥᠯᠥᠰᠦᠯᠡᠬᠦ᠎ᠳᠤ ᠴᠥᠮ 《ᠨᠢᠭᠡ ᠫᠠᠢᠰᠠ᠎ᠪᠠᠷ ᠨᠡᠢᠳᠡᠮ ᠨᠡᠪᠲᠡᠷᠡᠭᠦᠯᠬᠦ》 ᠪᠣᠯᠣᠨ᠎ᠠ᠃

ᠪᠣᠳᠠᠲᠠᠢ ᠬᠡᠷᠡᠭᠯᠡᠬᠦ ᠶᠠᠪᠤᠴᠠ᠎ᠳᠤ᠂ ᠵᠢᠯᠣᠭᠣᠴᠢ ᠵᠢᠷᠭᠢᠶ᠎ᠡ ᠵᠢᠨ ᠵᠢᠵᠢᠭ ᠫᠷᠣᠭ᠌ᠷᠠᠮ᠎ᠢᠶᠠᠷ ᠳᠠᠮᠵᠢᠭᠤᠯᠤᠨ ᠡᠯᠧᠺᠲᠷᠣᠨ ᠲᠡᠮᠳᠡᠭ ᠫᠠᠢᠰᠠ᠎ᠪᠠᠨ ᠰᠦᠯᠵᠢᠶᠡᠨ ᠳᠡᠭᠡᠷ᠎ᠡ ᠭᠤᠶᠤᠴᠢᠯᠠᠨ ᠠᠪᠴᠤ ᠪᠣᠯᠬᠤ ᠲᠤᠯᠠ ᠲᠡᠮᠳᠡᠭ ᠫᠠᠢᠰᠠ ᠲᠠᠷᠬᠠᠭᠠᠳᠠᠭ ᠭᠠᠵᠠᠷ ᠲᠤ᠌ ᠬᠦᠷᠴᠦ ᠫᠠᠢᠰᠠ ᠠᠪᠬᠤ ᠬᠡᠷᠡᠭ ᠦᠭᠡᠢ︔ ᠲᠡᠷᠭᠡ ᠬᠥᠯᠥᠰᠦᠯᠡᠭᠴᠢ ᠡᠯᠧᠺᠲᠷᠣᠨ ᠫᠠᠢᠰᠠᠨ ᠳᠡᠭᠡᠷᠡᠬᠢ ᠬᠣᠶᠠᠷ ᠬᠡᠮᠵᠢᠯᠲᠦ ᠺᠣᠳ᠋᠎ᠢ ᠰᠢᠷᠪᠢᠵᠦ᠂ ᠲᠡᠷᠭᠡᠨ᠎ᠦ ᠬᠢᠷᠢ ᠬᠡᠮ᠂ ᠵᠢᠯᠣᠭᠣᠴᠢ᠎ᠶᠢᠨ ᠮᠡᠳᠡᠭᠡ ᠵᠠᠩᠭᠢ᠂ ᠵᠠᠮ ᠱᠤᠭᠤᠮ᠎ᠢ ᠬᠢᠨᠠᠨ ᠲᠣᠭᠲᠠᠭᠠᠬᠤ ᠵᠡᠷᠭᠡ ᠵᠠᠩᠭᠢᠯᠠᠭ᠎ᠠ᠎ᠶᠢᠨ ᠠᠭᠤᠯᠭ᠎ᠠ᠎ᠶᠢ ᠴᠠᠭ ᠲᠤᠬᠠᠢ ᠳ᠋ᠤᠨᠢ ᠪᠠᠢᠴᠠᠭᠠᠨ ᠯᠠᠪᠯᠠᠵᠤ ᠪᠤᠯᠬᠤ ᠤᠴᠢᠷ ᠡᠴᠡ ᠲᠡᠷᠭᠡ ᠬᠡᠷᠡᠭᠯᠡᠬᠦ᠎ᠳᠡᠭᠡᠨ ᠳᠤᠲᠤᠷ᠎ᠠ ᠪᠠᠨ ᠲᠤᠭᠠᠲᠠᠢ ᠪᠠᠢᠬᠤ ᠪᠤᠯᠤᠨ᠎ᠠ᠃ ᠡᠯ᠎ᠡ ᠱᠠᠲᠤᠨ᠎ᠤ ᠵᠠᠮ ᠲᠡᠭᠡᠭᠡᠪᠦᠷᠢ᠎ᠶᠢᠨ ᠬᠠᠤᠯᠢ ᠬᠡᠷᠡᠭᠵᠢᠭᠦᠯᠬᠦ ᠠᠵᠢᠯᠲᠠᠨ ᠺᠣᠳ᠋ ᠰᠢᠷᠪᠢᠪᠡᠯ ᠳᠠᠷᠤᠢ ᠦᠨᠡᠨ ᠬᠤᠳᠠᠯ᠎ᠢ ᠬᠢᠨᠠᠨ ᠰᠢᠯᠭᠠᠬᠤ ᠪᠠ ᠲᠣᠭᠲᠠᠭᠠᠯ᠎ᠳᠤ ᠨᠡᠢᠴᠡᠬᠦ ᠡᠰᠡᠬᠦ ᠲᠤᠬᠠᠢ ᠮᠠᠭᠠᠳᠯᠠᠯᠲᠠ ᠬᠢᠵᠦ᠂ ᠥᠩᠭᠡᠷᠡᠭᠰᠡᠨ᠎ᠦ ᠲᠤᠷᠰᠢᠯᠭ᠎ᠠ᠎ᠪᠡᠨ ᠲᠦᠰᠢᠭᠯᠡᠵᠦ᠂ ᠤᠲᠠᠰᠤ᠎ᠪᠠᠷ ᠬᠢᠨᠠᠨ ᠬᠠᠷᠭᠤᠭᠤᠯᠳᠠᠭ ᠲᠡᠦᠬᠡ᠎ᠡᠴᠡ ᠲᠤᠢᠯᠪᠤᠷᠢᠲᠠᠢ ᠠᠩᠭᠢᠵᠢᠷᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠣᠨ ᠣᠨᠣᠪᠴᠢ᠎ᠶᠢᠨ ᠬᠡᠮᠵᠢᠶ᠎ᠡ᠎ᠶᠢ ᠶᠡᠬᠡ᠎ᠪᠡᠷ ᠳᠡᠭᠡᠭᠰᠢᠯᠡᠭᠦᠯᠵᠦ ᠪᠣᠯᠣᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠣᠯᠣᠨ ᠲᠡᠷᠭᠡ ᠬᠥᠯᠥᠰᠦᠯᠡᠵᠦ ᠠᠶᠠᠨᠴᠢᠳ ᠲᠡᠭᠡᠭᠡᠪᠦᠷᠢᠯᠡᠬᠦ ᠠᠵᠤ ᠠᠬᠤᠢᠯᠠᠯ᠎ᠤᠨ ᠪᠣᠯᠪᠠᠰᠤᠷᠠᠯ ᠵᠢᠯᠣᠭᠣᠳᠤᠯᠭ᠎ᠠ᠎ᠶᠢ ᠵᠣᠬᠢᠶᠠᠨ ᠪᠠᠢᠭᠤᠯᠵᠤ᠂ ᠰᠢᠰᠲᠧᠮ᠎ᠦᠨ ᠴᠢᠳᠠᠮᠵᠢ᠎ᠶᠢ ᠦᠷᠭᠦᠯᠵᠢᠯᠡᠨ ᠰᠢᠯᠢᠳᠡᠭᠵᠢᠭᠦᠯᠦᠨ᠂ ᠡᠯᠧᠺᠲᠷᠣᠨ ᠲᠡᠮᠳᠡᠭ ᠫᠠᠢᠰᠠ᠎ᠶᠢ 《ᠰᠢᠯᠤᠭᠤᠳᠬᠠᠬᠤ᠂ ᠰᠠᠢᠲᠤᠷ ᠬᠡᠷᠡᠭᠯᠡᠬᠦ》᠎ᠶᠢ ᠦᠨᠡᠨᠬᠦ ᠪᠠᠲᠤᠯᠠᠵᠤ᠂ ᠳᠠᠷᠤᠭᠠᠰᠤ᠎ᠶᠢ ᠬᠥᠩᠭᠡᠷᠡᠭᠦᠯᠬᠦ᠂ ᠦᠷ᠎ᠡ ᠠᠰᠢᠭ᠋᠎ᠢ ᠳᠡᠭᠡᠭᠰᠢᠯᠡᠭᠦᠯᠬᠦ᠂ ᠠᠮᠤᠷ ᠲᠦᠪᠰᠢᠨ᠎ᠢ ᠪᠠᠲᠤᠯᠠᠬᠤ ᠥᠭᠡᠷᠡᠴᠢᠯᠡᠯᠲᠡ᠎ᠶᠢᠨ ᠬᠠᠷᠠᠯᠲᠠ᠎ᠶᠢ ᠦᠨᠡᠨᠬᠦ ᠪᠡᠶᠡᠯᠡᠭᠦᠯᠦᠨ᠎ᠡ᠃


ᠢᠷᠡᠯᠲᠡ᠄ ᠴᠢᠩ ᠴᠧᠩ ᠬᠠᠮ ᠵᠠᠭᠤᠴᠢᠯᠠᠭᠤᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号