ᠪᠠᠰᠠ ᠨᠢᠭᠡᠨ ᠳᠠᠭᠤᠤ ᠬᠥᠭᠵᠢᠮᠲᠦ ᠵᠠᠰᠠᠮᠠᠯ ᠵᠠᠮ ᠨᠡᠪᠲᠡᠷᠡᠪᠡ
2026-06-08 19:23:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 3᠎ᠤ ᠡᠳᠦᠷ ᠰᠢᠯᠤᠭᠤᠨ ᠬᠥᠬᠡ ᠬᠣᠰᠢᠭᠤᠨ᠎ᠤ ᠬᠤᠯᠠᠨ ᠰᠢᠷᠭ᠎ᠠ ᠳᠠᠭ᠎ᠠ᠎ᠶᠢᠨ ᠡᠯᠡᠰᠦᠨ᠎ᠳᠡᠬᠢ ᠳᠠᠭᠤᠤ ᠬᠥᠭᠵᠢᠮᠲᠦ ᠵᠠᠰᠠᠮᠠᠯ ᠵᠠᠮ᠎ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ ᠨᠢ ᠰᠦᠯᠵᠢᠶᠡᠨ᠎ᠦ ᠬᠠᠯᠠᠮᠰᠢᠯ ᠪᠤᠯᠵᠦ ᠵᠢᠭᠤᠯᠴᠢᠯᠠᠬᠰᠠᠳ᠎ᠤᠨ ᠪᠠᠬ᠎ᠠ ᠵᠢ ᠳᠠᠳᠠᠬᠰᠠᠨ ᠪᠠᠢᠨ᠎ᠠ ᠃ ᠲᠤᠰ ᠵᠠᠮ᠎ᠤᠨ ᠬᠡᠰᠡᠭ ᠨᠢ ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠴᠡᠴᠡᠷᠯᠢᠭ᠎ᠦᠨ ᠡᠭᠦᠳᠡᠨ᠎ᠤ ᠬᠡᠰᠡᠭ᠎ᠲᠤ ᠪᠠᠢᠷᠢᠯᠠᠵᠤ᠂ ᠲᠡᠷᠭᠡ ᠵᠢᠭᠳᠡ ᠬᠤᠷᠳᠤᠴᠠ᠎ᠪᠠᠷ ᠠᠶᠠᠯᠠᠬᠤ᠎ᠳᠤ ᠵᠠᠮ᠎ᠤᠨ ᠭᠠᠳᠠᠷᠭᠤ᠎ᠶᠢᠨ ᠣᠨᠴᠠᠭᠠᠢ ᠬᠤᠪᠢᠯ᠎ᠢ ᠳᠠᠷᠤᠵᠤ᠂《ᠰᠢᠯᠤᠭᠤᠨ ᠬᠥᠬᠡ》 ᠭᠡᠬᠦ ᠲᠠᠭᠤᠤ ᠵᠢᠨ ᠠᠶ᠎ᠠ ᠰᠤᠨᠤᠰᠳᠠᠬᠤ ᠪᠤᠯᠤᠨ᠎ᠠ᠃ ᠵᠠᠮ᠎ᠤᠨ ᠪᠦᠬᠦ ᠤᠷᠳᠤ ᠨᠢ 567 ᠮᠧᠲᠷ᠂ 1304 ᠲᠡᠭᠰᠢ ᠳᠥᠷᠪᠡᠯᠵᠢᠨ ᠮᠧᠲᠷ᠎ᠤᠨ ᠭᠣᠣᠯ ᠰᠡᠳᠦᠪᠲᠦ ᠵᠠᠮ᠎ᠤᠨ ᠬᠡᠰᠡᠭ᠎ᠢ ᠦᠩᠭᠡᠲᠦ ᠪᠤᠳᠤᠭ᠎ᠵᠢᠡᠷ ᠪᠤᠳᠤᠵᠤ᠂ ᠭᠤᠢᠳᠠ ᠰᠢᠨᠡᠴᠢᠯᠡᠯᠲᠡ ᠪᠦᠬᠦᠢ  ᠪᠡᠶᠡᠴᠢᠯᠡᠨ ᠣᠢᠯᠠᠭᠠᠬᠤ ᠵᠠᠮ᠎ᠤᠨ ᠬᠡᠰᠡᠭ᠎ᠢ ᠪᠦᠷᠢᠯᠳᠦᠭᠦᠯᠵᠡᠢ᠃

ᠳᠠᠭᠤᠤ ᠬᠥᠭᠵᠢᠮᠲᠦ ᠵᠠᠰᠠᠮᠠᠯ ᠵᠠᠮ᠎ᠢ ᠠᠰᠢᠭ᠍ᠯᠠᠯᠲᠠ᠎ᠳᠤ ᠣᠷᠣᠭᠤᠯᠤᠭᠰᠠᠨ ᠵᠢᠡᠷ ᠰᠢᠯᠤᠭᠤᠨ ᠬᠥᠬᠡ ᠬᠣᠰᠢᠭᠤᠨ᠎ᠤ ᠲᠠᠯ᠎ᠠ ᠨᠤᠲᠤᠭ᠎ᠵᠢᠡᠷ ᠥᠪᠡᠷ ᠲᠡᠭᠡᠨ ᠲᠡᠷᠭᠡ ᠵᠢᠯᠤᠭᠣᠳᠤᠨ ᠵᠢᠭᠤᠯᠴᠢᠯᠠᠬᠤ ᠣᠨᠴᠠᠯᠢᠭ᠍ᠲᠤ ᠲᠦᠷᠦᠯ ᠲᠡᠮᠳᠡᠭ᠎ᠢ ᠨᠡᠩᠳᠡ ᠠᠯᠳᠠᠷᠰᠢᠭᠤᠯᠬᠤ ᠪᠤᠯᠤᠨ᠎ᠠ᠃ ᠰᠢᠯᠤᠭᠤᠨ ᠬᠥᠬᠡ ᠬᠣᠰᠢᠭᠤ ᠵᠠᠮ ᠳᠠᠭᠠᠤ ᠦᠵᠡᠮᠵᠢ ᠰᠣᠨᠢᠷᠬᠠᠬᠤ ᠦᠷᠳᠡᠬᠡ᠂ ᠲᠡᠷᠭᠡ ᠵᠣᠭᠰᠣᠵᠤ ᠠᠮᠠᠷᠠᠬᠤ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠳᠠᠨᠬᠬᠤ᠎ᠠ ᠴᠡᠴᠡᠭ᠎ᠢ  ᠰᠣᠨᠢᠷᠬᠠᠬᠤ᠂ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠢ ᠲᠤᠭᠤᠯᠬᠤ᠂ ᠲᠠᠯ᠎ᠠ ᠨᠤᠲᠤᠭ᠎ᠤᠨ ᠵᠠᠩ ᠦᠢᠯᠡ᠎ᠶᠢ ᠪᠡᠶᠡᠴᠢᠯᠡᠨ ᠣᠢᠯᠠᠭᠠᠬᠤ ᠵᠡᠷᠭᠡ ᠣᠨᠴᠠᠯᠢᠭ᠍ᠲᠤ ᠡᠵᠡᠩᠨᠡᠯᠲᠡ᠎ᠶᠢᠨ ᠬᠡᠯᠪᠡᠷᠢ᠎ᠶᠢ ᠬᠣᠯᠪᠤᠭᠠᠯᠠᠨ ᠬᠦᠭᠵᠢᠭᠡᠵᠦ᠂ ᠬᠤᠯᠠᠨ ᠰᠢᠷᠭ᠎ᠠ ᠲᠠᠭ᠎ᠠ᠎ᠶᠢᠨ ᠠᠮᠢ ᠠᠬᠤᠢ᠎ᠶᠢᠨ ᠰᠣᠶᠣᠯ ᠵᠢᠭᠤᠯᠴᠢᠯᠠᠯ᠎ᠤᠨ ᠣᠨᠴᠠᠯᠢᠭ᠍ᠲᠤ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠵᠦ᠂ ᠥᠪᠡᠷ ᠲᠡᠭᠡᠨ ᠲᠡᠷᠭᠡ ᠵᠢᠯᠤᠭᠣᠳᠤᠨ ᠵᠢᠭᠤᠯᠴᠢᠯᠠᠬᠤ᠂ ᠬᠡᠭᠡᠷᠡᠯᠡᠬᠦ᠂ ᠳᠤᠭᠤᠢ ᠤᠨᠤᠵᠤ ᠠᠶᠠᠯᠠᠬᠤ ᠵᠡᠷᠭᠡ ᠤᠯᠠᠨ ᠡᠰᠢᠵᠢᠭᠰᠡᠨ  ᠰᠣᠶᠣᠯ ᠵᠢᠭᠤᠯᠴᠢᠯᠠᠯ᠎ᠤᠨ ᠦᠢᠯᠡᠰ᠎ᠢ ᠤᠯᠠᠮ ᠪᠤᠵᠠᠭᠠᠢᠷᠠᠭᠤᠯᠤᠨ᠎ᠠ᠃


ᠢᠷᠡᠯᠲᠡ᠄ ᠱᠠᠩᠳᠤ᠎ᠶᠢᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号