12355 ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠵᠢ ᠨᠡᠪᠲᠡᠷᠡᠭᠦᠯᠪᠡ
2026-06-08 19:25:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠯᠭᠠᠭᠤᠯᠤᠭ᠍ᠰᠠᠳ᠎ᠤᠨ ᠰᠢᠯᠭᠠᠯᠲᠠ ᠎ᠳ᠋ᠤ ᠰᠡᠳᠬᠢᠯ ᠲᠣᠭᠲᠠᠭᠤᠨ ᠎ᠢᠶᠠᠷ ᠤᠷᠤᠯᠴᠠᠬᠤ ᠳ᠋ᠤ ᠬᠦᠴᠦᠨ ᠨᠡᠮᠡᠷᠢᠯᠡᠵᠤ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ ᠰᠡᠳᠬᠢᠴᠡ᠎ᠶᠢᠨ ᠳᠠᠷᠤᠭᠠᠰᠤ᠎ᠶᠢ ᠪᠦᠲᠦᠮᠵᠢᠲᠡᠶ ᠬᠦᠩᠭᠡᠷᠡᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠡᠪᠯᠡᠯ᠎ᠦᠨ ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ ᠨᠢ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠵᠢ ᠨᠠᠪᠲᠠᠷᠡᠭᠦᠯᠪᠡ᠃ ᠲᠤᠰᠬᠠᠢ ᠤᠲᠠᠰᠤ ᠨᠢ ᠲᠤᠰᠬᠠᠢ ᠮᠡᠷᠭᠡᠵᠢᠯ᠎ᠦᠨ ᠰᠡᠳᠬᠢᠴᠡ᠎ᠶᠢᠨ ᠵᠥᠪᠯᠡᠯᠭᠡ ᠥᠭᠬᠦ ᠪᠠᠭ᠍ᠰᠢ᠎ᠶᠢᠨ ᠬᠦᠴᠦᠨ᠎ᠳᠦ ᠲᠦᠰᠢᠭᠯᠡᠨ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ ᠰᠡᠳᠬᠢᠴᠡ᠎ᠶᠢᠨ ᠵᠢᠯᠣᠭᠣᠳᠤᠯᠭ᠎ᠠ ᠬᠢᠬᠦ᠂ ᠳᠠᠷᠤᠭᠠᠰᠤ ᠵᠢ ᠵᠣᠬᠢᠴᠠᠭᠤᠯᠬᠤ ᠵᠡᠷᠭᠡ 7 × 24 ᠴᠠᠭ᠎ᠤᠨ ᠰᠦᠯᠵᠢᠶᠡᠨ ᠳᠡᠭᠡᠷᠡᠬᠢ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠬᠠᠩᠭᠠᠵᠤ᠂ ᠰᠢᠯᠭᠠᠯᠲᠠ᠎ᠠᠴᠠ ᠡᠮᠦᠨᠡᠬᠢ ᠰᠡᠳᠬᠢᠴᠡ᠎ᠶᠢᠨ ᠡᠷᠡᠭᠦᠯ ᠮᠡᠨᠳᠦ᠎ᠶᠢ ᠬᠠᠪᠰᠤᠷᠤᠨ ᠲᠡᠳᠬᠦᠬᠦ ᠰᠠᠭᠠᠳ ᠦᠭᠡᠢ ᠵᠠᠮ᠎ᠢ ᠨᠠᠪᠲᠠᠷᠡᠭᠦᠯᠵᠦ᠂ ᠰᠡᠳᠬᠢᠯ᠎ᠢ ᠳᠤᠯᠠᠭᠠᠴᠠᠭᠤᠯᠬᠤ ᠲᠤᠰᠬᠠᠢ ᠦᠢᠯᠡᠴᠢᠯᠡᠭᠡ ᠎ᠪᠡᠷ ᠰᠤᠷᠤᠭ᠍ᠴᠢᠳ ᠎ᠢ ᠰᠠᠬᠢᠨ ᠬᠠᠮᠠᠭᠠᠯᠠᠵᠤ ᠯᠠᠪᠳᠠᠭᠤᠨ ᠲᠣᠭᠲᠠᠭᠤᠨ᠎ᠢᠶᠠᠷ ᠰᠢᠯᠭᠠᠯᠲᠠ᠎ᠳᠤ ᠣᠷᠣᠯᠴᠠᠭᠤᠯᠬᠤ ᠪᠣᠯᠣᠨ᠎ᠠ᠃

ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ ᠲᠤᠰᠬᠠᠢ ᠤᠲᠠᠰᠤ ᠳ᠋ᠤ ᠥᠪᠥᠷ ᠮᠣᠩᠭᠣᠯ᠎ᠤᠨ ᠡᠪᠯᠡᠯ᠎ᠦᠨ ᠬᠣᠷᠢᠶ᠎ᠠ᠎ᠶᠢᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠦ ᠲᠠᠪᠴᠠᠩ᠎ᠤᠨ ᠰᠡᠳᠬᠢᠴᠡ᠎ᠶᠢᠨ ᠵᠥᠪᠯᠡᠯᠭᠡ ᠥᠭᠭᠦᠭᠴᠢ᠎ᠶᠢᠨ ᠪᠦᠯᠬᠦᠮ᠎ᠤᠨ ᠬᠢᠨ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠰᠢᠯᠭᠠᠯᠲᠠ᠎ᠠᠴᠠ ᠡᠮᠦᠨᠡᠬᠢ ᠳᠠᠷᠤᠭᠠᠰᠤ᠎ᠶᠢᠨ ᠲᠤᠬᠠᠢ ᠵᠢᠯᠣᠭᠣᠳᠤᠯᠭ᠎ᠠ᠎ᠶᠢ ᠰᠦᠯᠵᠢᠶᠡᠨ ᠳᠡᠭᠡᠷ᠎ᠡ ᠨᠢᠭᠡᠳ ᠨᠢᠭᠡ᠎ᠪᠡᠷ ᠭᠥᠯᠢᠶᠡᠨ ᠠᠪᠴᠤ ᠬᠠᠷᠢᠭᠤᠯᠤᠨ᠎ᠠ᠃ ᠲᠤᠰᠬᠠᠢ ᠤᠲᠠᠰᠤ ᠵᠢᠨ ᠨᠣᠮᠧᠷ ᠨᠢ 0471—12355  ᠪᠠᠢᠵᠤ᠂ ᠠᠪᠢᠶᠠᠨ᠎ᠤ ᠰᠠᠨᠠᠭᠤᠯᠤᠮᠵᠢ᠎ᠪᠠᠷ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠡᠳᠬᠢᠴᠡ᠎ᠶᠢᠨ ᠳᠠᠷᠤᠭᠠᠰᠤ ᠵᠢ ᠬᠦᠩᠭᠡᠷᠡᠭᠦᠯᠬᠦ 1 ᠳ᠋ᠤᠭᠡᠷ ᠲᠤᠰᠬᠠᠢ ᠤᠲᠠᠰᠤ ᠵᠢ ᠰᠢᠯᠵᠢᠭᠦᠯᠦᠨ ᠵᠠᠯᠭᠠᠭᠠᠷᠠᠢ᠃  

ᠢᠷᠡᠯᠲᠡ ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号