ᠠᠭᠠᠭᠢᠮ᠎ᠠ ᠬᠠᠯᠠᠭᠤᠨ᠎ᠤ ᠨᠡᠮᠡᠭᠦᠷᠢ ᠣᠯᠭᠣᠵᠤ ᠡᠬᠢᠯᠡᠪᠡ
2026-06-08 19:27:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠪᠥᠬᠥ ᠤᠯᠤᠰ᠎ᠤᠨ ᠣᠯᠠᠩᠬᠢ ᠭᠠᠵᠠᠷ ᠣᠷᠣᠨ᠎ᠤ ᠬᠢᠨ ᠬᠥᠳᠡᠯᠮᠦᠷᠢᠴᠢᠳ᠎ᠲᠦ ᠠᠭᠠᠭᠢᠮ᠎ᠠ ᠬᠠᠯᠠᠭᠤᠨ᠎ᠤ ᠨᠡᠮᠡᠭᠦᠷᠢ ᠣᠯᠭᠣᠵᠤ ᠡᠬᠢᠯᠡᠪᠡ᠃

《ᠨᠠᠷᠠᠰᠢᠬᠤ᠎ᠶᠢ ᠰᠡᠷᠭᠡᠢᠯᠡᠵᠦ ᠬᠠᠯᠠᠭᠤᠨ᠎ᠢ ᠪᠠᠭᠤᠷᠠᠭᠤᠯᠬᠤ ᠠᠷᠭ᠎ᠠ ᠬᠡᠮᠵᠢᠶ᠎ᠡ᠎ᠶᠢᠨ ᠬᠠᠮᠢᠶᠠᠷᠤᠯᠲᠠ᠎ᠶᠢᠨ ᠠᠷᠭ᠎ᠠ》᠎ᠶᠢᠨ ᠠᠷᠪᠠᠨ ᠳᠣᠯᠣᠳᠤᠭᠠᠷ ᠵᠦᠢᠯ᠎ᠦᠨ ᠲᠣᠭᠲᠠᠭᠠᠯ ᠎ᠢ ᠦᠨᠳᠦᠰᠦᠯᠡᠪᠡᠯ᠂ ᠬᠥᠳᠡᠯᠮᠦᠷᠢᠯᠡᠭᠴᠢ ᠠᠭᠠᠭᠢᠮ᠎ᠠ ᠬᠠᠯᠠᠭᠤᠨ᠎ᠳᠤ ᠠᠵᠢᠯᠯᠠᠵᠤ ᠪᠠᠢᠪᠠᠯ ᠠᠵᠢᠯ᠎ᠤᠨ ᠪᠠᠢᠷᠢ᠎ᠶᠢᠨ ᠨᠡᠮᠡᠭᠦᠷᠢ᠎ᠶᠢ ᠬᠠᠤᠯᠢ ᠶᠣᠰᠣᠭᠠᠷ ᠭᠥᠷᠳᠡᠨ᠎ᠡ᠃

ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠯᠡᠭᠴᠢ᠎ᠶᠢ 35°C ᠎ᠠᠴᠠ ᠳᠡᠭᠡᠭᠰᠢᠬᠢ ᠠᠭᠠᠭᠢᠮ᠎ᠠ ᠬᠠᠯᠠᠭᠤᠨ ᠴᠠᠭ ᠠᠭᠤᠷ᠎ᠲᠤ ᠬᠡᠭᠡᠷ᠎ᠡ ᠭᠠᠳᠠᠨ᠎ᠠ ᠠᠵᠢᠯᠯᠠᠭᠤᠯᠬᠤ᠎ᠪᠠᠷ ᠲᠣᠬᠢᠷᠠᠭᠤᠯᠤᠭᠰᠠᠨ ᠵᠢᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠠᠵᠢᠯᠯᠠᠬᠤ ᠭᠠᠵᠠᠷ᠎ᠤᠨ ᠳᠤᠯᠠᠭᠠᠨ᠎ᠤ ᠬᠡᠮᠵᠢᠶ᠎ᠡ᠎ᠶᠢ 33°C ᠎ᠠᠴᠠ ᠳᠣᠷᠣᠭ᠍ᠰᠢ ᠪᠣᠯᠲᠠᠯ᠎ᠠ ᠪᠠᠭᠤᠷᠠᠭᠤᠯᠵᠤ ᠳᠡᠶ᠋ᠢᠯᠬᠦ ᠦᠭᠡᠢ ᠪᠣᠯ ᠬᠥᠳᠡᠯᠮᠦᠷᠢᠯᠡᠭᠴᠢ᠎ᠳᠦ ᠠᠭᠠᠭᠢᠮ᠎ᠠ ᠬᠠᠯᠠᠭᠤᠨ᠎ᠤ ᠨᠡᠮᠡᠭᠦᠷᠢ ᠣᠯᠭᠣᠬᠤ᠎ᠶᠢᠨ ᠬᠠᠮᠲᠤ ᠴᠠᠯᠢᠩ᠎ᠤᠨ ᠶᠡᠷᠦᠩᠬᠡᠢ ᠲᠣᠭ᠎ᠠ᠎ᠳᠤ ᠨᠢ ᠣᠷᠣᠭᠤᠯᠬᠤ ᠬᠡᠷᠡᠭᠲᠡᠢ᠃

ᠥᠭᠡᠷ᠎ᠡ᠎ᠪᠡᠷ ᠬᠡᠯᠡᠪᠡᠯ᠂ ᠠᠭᠠᠭᠢᠮ᠎ᠠ ᠬᠠᠯᠠᠭᠤᠨ ᠤᠷᠴᠢᠨ ᠳ᠋ᠤ ᠭᠡᠷ᠎ᠦᠨ ᠭᠠᠳᠠᠨ᠎ᠠ ᠠᠵᠢᠯᠯᠠᠪᠠᠯ ᠠᠭᠠᠭᠢᠮ᠎ᠠ ᠬᠠᠯᠠᠭᠤᠨ᠎ᠤ ᠨᠡᠮᠡᠭᠦᠷᠢ ᠣᠯᠵᠤ ᠪᠣᠯᠬᠤ᠎ᠠᠴᠠ ᠭᠠᠳᠠᠨ᠎ᠠ᠂ ᠭᠠᠳᠠᠨ᠎ᠠ ᠠᠵᠢᠯᠯᠠᠬᠤ ᠦᠭᠡᠢ ᠬᠥᠳᠡᠯᠮᠦᠷᠢᠯᠡᠭᠴᠢ ᠳ᠋ᠤ ᠬᠡᠷᠪᠡ ᠬᠥᠮᠥᠨ ᠬᠡᠷᠡᠭᠯᠡᠬᠦ ᠨᠢᠭᠡᠴᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠠᠵᠢᠯᠯᠠᠬᠤ ᠲᠠᠯᠠᠪᠤᠷ᠎ᠤᠨ ᠳᠤᠯᠠᠭᠠᠨ᠎ᠤ ᠬᠡᠮᠵᠢᠶ᠎ᠡ᠎ᠶᠢ ᠨᠢ 33°C ᠎ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ ᠳᠡᠶ᠋ᠢᠯᠬᠦ ᠦᠭᠡᠢ ᠪᠣᠯ ᠮᠥᠨ ᠴᠦ᠍ ᠠᠭᠠᠭᠢᠮ᠎ᠠ ᠬᠠᠯᠠᠭᠤᠨ᠎ᠤ ᠨᠡᠮᠡᠭᠦᠷᠢ ᠣᠯᠭᠤᠬᠤ ᠬᠡᠷᠡᠭᠲᠡᠢ᠃  

ᠣᠲᠣᠬᠠᠨ ᠪᠣᠯᠲᠠᠯ᠎ᠠ ᠪᠥᠬᠥ ᠤᠯᠤᠰ᠎ᠤᠨ ᠡᠯ᠎ᠡ ᠭᠠᠵᠠᠷ᠎ᠤᠨ ᠠᠭᠠᠭᠢᠮ᠎ᠠ ᠬᠠᠯᠠᠭᠤᠨ᠎ᠤ ᠨᠡᠮᠡᠭᠦᠷᠢ ᠣᠯᠭᠣᠬᠤ ᠪᠠᠷᠢᠮᠵᠢᠶ᠎ᠠ ᠨᠢ ᠳᠣᠣᠷᠠᠬᠢ ᠵᠢᠷᠤᠬ ᠮᠡᠲᠦ᠄


 IMG_3821.JPG


ᠢᠷᠡᠯᠲᠡ᠄ ᠰᠢᠨᠬᠤᠸᠠ ᠬᠣᠷᠢᠶ᠎ᠠ᠂ ᠠᠷᠠᠳ᠎ᠤᠨ ᠰᠦᠯᠵᠢᠶ᠎ᠡ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠠᠵᠢᠯᠴᠢᠨ᠎ᠤ ᠡᠳᠦᠷ᠎ᠦᠨ ᠰᠣᠨᠢᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号