ᠪᠦᠭᠦ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠤᠨ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠬᠤᠷᠠᠯ ᠵᠢᠴᠢ ᠱᠠᠯᠠᠪᠳᠠᠭᠤᠯᠤᠨ ᠵᠢᠯᠤᠭᠣᠳᠬᠤ ᠠᠵᠢᠯ᠎ᠤᠨ ᠬᠤᠷᠠᠯ ᠬᠤᠷᠠᠯᠳᠤᠪᠠ
2026-06-09 09:51:43
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 8᠎ᠤ᠋ ᠡᠳᠦᠷ᠂ ᠪᠦᠭᠦ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠤᠨ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠬᠤᠷᠠᠯ ᠵᠢᠴᠢ ᠱᠠᠯᠠᠪᠳᠠᠭᠤᠯᠤᠨ ᠵᠢᠯᠤᠭᠣᠳᠬᠤ ᠠᠵᠢᠯ᠎ᠤᠨ ᠬᠤᠷᠠᠯ ᠬᠤᠷᠠᠯᠳᠤᠪᠠ᠃ ᠬᠤᠷᠠᠯ᠎ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠂ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠵᠢᠭᠠᠨ ᠵᠢᠯᠤᠭᠣᠳᠬᠤ ᠳᠤᠭᠤᠢᠯᠠᠩ᠎ᠤᠨ ᠠᠵᠢᠯ᠎ᠤᠨ ᠶᠠᠷᠢᠯᠴᠠᠬᠤ ᠬᠤᠷᠠᠯ ᠵᠢᠴᠢ ᠦᠷᠭᠦᠯᠵᠢᠯᠡᠨ ᠲᠣᠮᠢᠯᠠᠭᠰᠠᠨ ᠲᠥᠪ᠎ᠦᠨ ᠵᠢᠭᠠᠨ ᠵᠢᠯᠤᠭᠣᠳᠬᠤ ᠳᠤᠭᠤᠢᠯᠠᠩ᠎ᠤᠨ ᠪᠣᠯᠪᠠᠰᠤᠷᠠᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠢᠯᠠᠩᠭᠤᠶ᠎ᠠ ᠰᠢᠨ᠎ᠡ ᠨᠣᠶᠠᠨ ᠬᠠᠭᠤᠴᠢᠨ ᠲᠠᠩᠰᠠ᠎ᠶᠢ ᠥᠯᠥ ᠬᠠᠮᠢᠶᠠᠷᠬᠤ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠳᠠᠭᠢᠨ ᠳᠠᠢᠴᠢᠯᠠᠯᠲᠠ ᠳᠠᠭᠢᠨ ᠪᠠᠢᠷᠢᠯᠠᠭᠤᠯᠤᠯᠲᠠ ᠬᠢᠵᠦ᠂ ᠱᠠᠯᠠᠪᠳᠠᠭᠤᠯᠤᠨ ᠵᠢᠯᠤᠭᠣᠳᠬᠤ ᠠᠵᠢᠯ᠎ᠢ ᠳᠠᠭᠢᠨ ᠴᠢᠬᠤᠯᠠᠴᠢᠯᠠᠵᠤ ᠳᠠᠭᠢᠨ ᠲᠣᠬᠢᠷᠠᠭᠤᠯᠪᠠ᠃

ᠬᠤᠷᠠᠯ ᠠ᠋ᠴᠠ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ᠋ ᠰᠠᠢᠲᠤᠷ ᠠᠳᠬᠤᠬᠤ᠂ ᠢᠯᠠᠩᠭᠤᠶ᠎ᠠ ᠰᠢᠨ᠎ᠡ ᠨᠣᠶᠠᠨ ᠬᠠᠭᠤᠴᠢᠨ ᠳᠠᠩᠰᠠ ᠶ᠋ᠢ ᠥᠯᠥ ᠬᠠᠮᠢᠶᠠᠷᠬᠤ ᠲᠣᠪᠣᠢᠮ᠎ᠠ ᠠᠰᠠᠭᠤᠳᠠᠯ ᠢ᠋ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠣᠳᠣᠬᠠᠨ᠎ᠤ ᠰᠤᠷᠤᠯᠴᠠᠯᠭ᠎ᠠ ᠬᠥᠮᠦᠵᠢᠯ᠎ᠦᠨ ᠭᠣᠣᠯᠳᠠᠯᠭ᠎ᠠ  ᠶ᠋ᠢᠨ ᠳᠤᠳᠤᠷᠠᠬᠢ ᠭᠣᠣᠯᠳᠠᠯᠭ᠎ᠠ ᠮᠥᠨ᠂ ᠪᠠᠰᠠ ᠴᠤ᠌ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠢ᠋ ᠰᠢᠯᠭᠠᠬᠤ 《ᠰᠢᠯᠭᠠᠭᠤᠷ》 ᠮᠥᠨ᠃ ᠶᠡᠷᠦᠩᠬᠡᠢ ᠱᠦᠵᠢ᠎ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠲᠣᠬᠢᠷᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠪᠠᠢᠳᠠᠯ ᠡᠭᠦᠷᠭᠡ᠎ᠶᠢ ᠰᠡᠷᠭᠡᠭ᠎ᠢᠶᠡᠷ ᠲᠠᠨᠢᠵᠤ᠂ ᠨᠠᠩ ᠥᠨᠳᠥᠷ ᠵᠣᠭᠰᠣᠴᠠ᠎ᠡᠴᠡ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠰᠠᠢᠲᠤᠷ ᠠᠳᠬᠤᠬᠤ ᠤᠯᠤᠰ ᠲᠥᠷᠥ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠠ ᠦᠶ᠋ᠯᠡ ᠠᠵᠢᠯᠯᠠᠭ᠎ᠠ᠎ᠶᠢᠨ ᠤᠬᠠᠮᠰᠠᠷ᠎ᠢ ᠴᠢᠩᠭᠠᠳᠬᠠᠵᠤ᠂ ᠰᠢᠨ᠎ᠡ ᠨᠣᠶᠠᠨ ᠬᠠᠭᠤᠴᠢᠨ ᠲᠠᠩᠰᠠ᠎ᠶᠢ ᠥᠯᠥ ᠬᠠᠮᠢᠶᠠᠷᠬᠤ ᠲᠣᠪᠣᠢᠮ᠎ᠠ ᠠᠰᠠᠭᠤᠳᠠᠯ᠎ᠢ ᠴᠡᠭᠴᠡᠯᠡᠨ ᠵᠠᠰᠠᠬᠤ ᠵᠢ ᠬᠦᠴᠦᠯᠡᠡ ᠠᠬᠢᠭᠤᠯᠵᠤ᠂ ᠪᠣᠳᠠᠲᠤ ᠠᠮᠵᠢᠯᠲᠠ ᠪᠦᠲᠦᠮᠵᠢ᠎ᠪᠡᠷ᠎ᠢᠶᠡᠨ ᠨᠠᠮ᠎ᠤᠨ ᠲᠥᠪ ᠬᠣᠷᠢᠶ᠎ᠠ ᠪᠠ ᠪᠦᠭᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠢᠷᠢ ᠲᠡᠩᠴᠡᠭᠰᠡᠨ ᠰᠢᠯᠭᠠᠯᠲᠠ᠎ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠭᠣᠣᠯᠳᠠᠯᠭ᠎ᠠ᠎ᠲᠠᠢ ᠡᠭᠦᠷᠭᠡ᠎ᠶᠢ ᠦᠷᠭᠦᠯᠵᠢᠯᠡᠨ ᠴᠢᠩᠭ᠎ᠠ ᠠᠩᠬᠠᠷᠴᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠤᠬᠴᠠᠵᠢᠭᠤᠯᠤᠨ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠡᠪᠲᠡᠷᠡᠭᠦᠯᠬᠦ ᠵᠢ ᠴᠢᠩᠭᠠᠳᠬᠠᠵᠤ᠂ ᠳᠡᠭᠡᠭᠰᠢᠯᠡᠭᠦᠯᠭᠦ᠎ᠶᠢ ᠠᠬᠢᠭᠤᠯᠵᠤ᠂ ᠰᠢᠨ᠎ᠡ ᠨᠣᠶᠠᠨ ᠬᠠᠭᠤᠴᠢᠨ ᠲᠠᠩᠰᠠ᠎ᠶᠢ ᠦᠯᠦ ᠬᠠᠮᠢᠶᠠᠷᠬᠤ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠴᠡᠭᠴᠡᠯᠡᠨ ᠰᠠᠢᠵᠢᠷᠠᠭᠤᠯᠬᠤ᠎ᠶᠢ ᠠᠳᠬᠤᠵᠤ᠂ ᠪᠦᠭᠦ ᠣᠷᠣᠨ᠎ᠤ ᠲᠥᠪᠯᠡᠷᠡᠭᠦᠯᠦᠨ ᠴᠡᠭᠴᠡᠯᠡᠨ ᠵᠠᠰᠠᠬᠤ ᠲᠦᠷᠦᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠣᠳᠠᠲᠠᠢ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ᠎ᠶᠢ ᠡᠷᠭᠢᠮᠯᠡᠵᠦ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ᠎ᠤᠨ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠡᠴᠦᠰ ᠲᠦ᠍ᠨᠢ ᠲᠤᠯᠲᠠᠯ᠎ᠠ ᠠᠳᠬᠤᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠱᠠᠯᠠᠪᠳᠠᠭᠤᠯᠤᠨ ᠵᠢᠯᠤᠭᠣᠳᠬᠤ ᠠᠵᠢᠯ᠎ᠢ ᠥᠷᠨᠢᠭᠦᠯᠬᠦ ᠪᠣᠯ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠦᠴᠦᠲᠡᠢ ᠠᠷᠭ᠎ᠠ ᠬᠡᠮᠵᠢᠶ᠎ᠡ ᠮᠥᠨ᠃ 《ᠰᠤᠷᠤᠯᠴᠠᠬᠤ》 ᠶ᠋ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠭᠣᠣᠯᠳᠠᠯᠭ᠎ᠠ ᠵᠢᠨ ᠵᠠᠩᠭᠢᠯᠠᠭ᠎ᠠ᠎ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭᠠᠯᠠᠵᠤ᠂ ᠱᠠᠯᠠᠪᠳᠠᠭᠤᠯᠤᠨ ᠵᠢᠯᠤᠭᠣᠳᠬᠤ ᠠᠵᠢᠯ᠎ᠤᠨ ᠨᠡᠪᠲᠡᠯᠬᠦ ᠴᠢᠨᠠᠷ᠂ ᠪᠤᠲᠠᠳᠤ ᠦᠷ᠎ᠡ ᠪᠦᠲᠦᠮᠵᠢᠲᠦ ᠴᠢᠨᠠᠷ ᠪᠣᠯᠣᠨ ᠬᠠᠮᠵᠢᠯᠴᠠᠬᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠳᠠᠯᠢ ᠰᠡᠳᠦᠪ᠎ᠢ ᠬᠠᠮᠲᠤ ᠪᠠᠷ ᠬᠠᠷᠢᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠬᠤ ᠵᠢ ᠪᠡᠶᠡᠯᠡᠭᠦᠯᠵᠦ᠂ ᠨᠡᠩ ᠴᠢᠩᠭ᠎ᠠ ᠬᠠᠷᠢᠭᠤᠴᠠᠯᠭ᠎ᠠ᠎ᠪᠠᠷ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠦᠢᠯᠡ ᠠᠵᠢᠯᠯᠠᠭ᠎ᠠ ᠲᠡᠭᠡᠷ᠎ᠡ ᠪᠡᠨ ᠢᠯᠡᠷᠡᠭᠦᠯᠵᠦ ᠠᠮᠵᠢᠯᠲᠠ ᠪᠦᠲᠦᠮᠵᠢ ᠭᠠᠷᠭᠠᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠢ ᠸᠢᠳᠢᠣ᠋ ᠭᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠣᠲᠠ᠎ᠳᠤ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号