ᠬᠤᠪᠢᠰᠬᠠᠯᠲᠤ ᠤᠤᠷ ᠲᠤᠨᠤᠳᠠᠰᠤ ᠤᠭ ᠰᠠᠨᠠᠭ᠎ᠠ᠎ᠵᠢ ᠤᠮᠳᠠᠯᠠᠵᠤ᠂ ᠨᠤᠮᠢᠨ ᠤᠰᠤ ᠬᠥᠬᠡᠮᠳᠦᠭ ᠠᠭᠤᠯᠨ ᠬᠥᠭ᠌ᠵᠢᠯᠲᠡ᠎ᠳᠦ ᠡᠨᠧᠷᠬᠢ ᠤᠯᠭᠤᠨ᠎ᠠ᠃ ᠯᠢᠶᠠᠩᠴᠧᠩ ᠱᠢᠶᠠᠨ᠎ᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠯᠠᠮᠱᠢᠯ ᠭᠤᠷᠪᠠᠨ ᠵᠢᠯ ᠳᠠᠷᠠᠭᠠᠯᠠᠨ ᠨᠡᠮᠡᠭ᠌ᠳᠡᠵᠦ᠍᠂ ᠦᠷᠨᠢᠬᠦᠨ ᠪᠠᠢᠳᠠᠯ ᠵᠢᠡᠨ ᠪᠠᠳᠤᠯᠠᠭᠰᠠᠭᠠᠷ ᠪᠠᠢᠨ᠎ᠠ᠄ 2023 ᠣᠨ᠎ᠳᠤ ᠵᠢᠭᠤᠯᠴᠢᠯᠠᠭᠰᠡᠳ᠎ᠢ 40 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠶᠡᠷᠦᠩᠬᠡᠢᠯᠡᠭ᠌ᠰᠡᠨ ᠣᠷᠣᠯᠭ᠎ᠠ᠎ᠶ᠋ᠢ 1.2 ᠳ᠋ᠦᠩᠱᠢᠭᠤᠷ ᠲᠥᠭᠥᠷᠢᠭ ᠪᠡᠶᠡᠯᠡᠭᠦᠯᠪᠡ; 2024 ᠣᠨ᠎ᠳᠤ ᠵᠢᠭᠤᠯᠴᠢᠯᠠᠭᠰᠡᠳ᠎ᠢ 50.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ 1.5 ᠳ᠋ᠦᠩᠱᠢᠭᠤᠷ ᠲᠥᠭᠥᠷᠢᠭ ᠲᠸ᠋ ᠬᠥᠷᠪᠡ; 2025 ᠣᠨ᠎ᠳᠤ ᠵᠢᠭᠤᠯᠴᠢᠯᠠᠭᠰᠡᠳ᠎ᠢ 55.2 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ 1.61 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠪᠡ᠃ ᠡᠨᠡ ᠬᠦ᠌ ᠭᠢᠯᠠᠯᠵᠠᠮ᠎ᠠ ᠠᠮᠵᠢᠯᠲᠠ᠎ᠶ᠋ᠢᠨ ᠬᠠᠭᠤᠳᠠᠰᠤ᠎ᠶ᠋ᠢᠨ ᠠᠷᠤ᠎ᠳᠤ ᠯᠢᠶᠠᠩᠴᠧᠩ᠎ᠦᠨ ᠬᠥᠪᠡᠭᠦᠳ ᠥᠬᠢᠳ᠎ᠦᠨ ᠱᠢᠷᠭᠠᠭᠤ ᠬᠠᠲᠠᠭᠤᠵᠢᠯᠲᠠᠢ ᠲᠡᠮᠡᠴᠡᠬᠦ ᠬᠤᠪᠢᠰᠭᠠᠯ᠎ᠤᠨ ᠤᠳᠤᠮᠰᠢᠯ᠎ᠢ ᠦᠷᠭᠦᠯᠵᠢᠯᠡᠨ ᠵᠠᠯᠭᠠᠮᠵᠢᠯᠠᠵᠤ᠂ ᠲᠤᠬᠠᠢ ᠵᠢᠨ ᠭᠠᠵᠠᠷ ᠣᠷᠣᠨ᠎ᠤ᠎ᠪᠠᠨ ᠰᠣᠶᠣᠯ ᠢᠷᠭᠡᠨᠱᠢᠯ᠎ᠦᠨ ᠠᠮᠢ ᠠᠬᠤᠢ᠎ᠶ᠋ᠢᠨ ᠳᠠᠪᠠᠭᠤᠯᠢᠭ᠎ᠲᠤ ᠰᠠᠭᠤᠷᠢᠯᠠᠵᠤ᠂ ᠱᠢᠨ᠎ᠡ ᠴᠠᠭ ᠦᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠠᠮᠢᠳᠤᠯᠢᠭ ᠦᠢᠯᠡᠳᠦᠯᠭᠡ ᠪᠤᠢ᠃
ᠬᠤᠪᠢᠰᠭᠠᠯ᠎ᠤᠨ ᠤᠳᠤᠮᠰᠢᠯ᠎ᠢ ᠦᠷᠭᠦᠯᠵᠢᠯᠡᠨ ᠵᠠᠯᠭᠠᠮᠵᠢᠯᠠᠵᠤ ᠪᠠᠯᠠᠷᠠᠰᠢ ᠦᠭᠡᠢ ᠵᠣᠷᠢᠭ ᠰᠠᠨᠠᠭ᠎ᠠ᠎ᠶ᠋ᠢ ᠤᠯᠠᠮᠵᠢᠯᠠᠨ᠎ᠠ
ᠯᠢᠶᠠᠩᠴᠧᠩ ᠱᠢᠶᠠᠨ ᠪᠣᠯ ᠪᠦᠬᠦ᠌ ᠤᠯᠤᠰ᠎ᠤᠨ ᠠᠩᠬᠠᠳᠠᠭ᠍ᠴᠢ ᠪᠦᠯᠦᠭ᠎ᠤᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠣᠱᠢᠭᠤ ᠱᠢᠶᠠᠨ ᠪᠣᠯᠤᠨ᠎ᠠ᠃ ᠡᠨᠳᠡ ᠰᠦᠢᠶᠤᠸᠠᠨ ᠦᠪᠦᠷ ᠮᠣᠩᠭᠣᠯ ᠣᠷᠣᠨ᠎ᠤ ᠠᠩᠬᠠᠳᠠᠭ᠍ᠴᠢ ᠶᠠᠫᠣᠨ᠎ᠢ ᠡᠰᠡᠷᠭᠦᠴᠡᠬᠦ᠌ ᠰᠠᠭᠤᠷᠢᠨ ᠮᠡᠨᠳᠦᠯᠡᠵᠦ᠍᠂ ᠰᠦᠢᠶᠤᠸᠠᠨ᠎ᠤ ᠡᠮᠦᠨᠡᠲᠦ ᠬᠡᠰᠡᠭ᠎ᠦᠨ ᠲᠤᠰᠭᠠᠶ ᠵᠠᠬᠢᠷᠭ᠎ᠠ᠎ᠶ᠋ᠢᠨ ᠰᠠᠭᠤᠭ᠎ᠠ ᠭᠠᠵᠠᠷ ᠪᠠᠢᠵᠤ᠂ ᠬᠢᠯᠢ᠎ᠶ᠋ᠢᠨ ᠳᠣᠲᠣᠷᠠᠬᠢ ᠮᠠ ᠳᠧᠦ ᠱᠠᠨ ᠠᠭᠤᠯᠠ᠂ ᠮᠠᠩᠬᠠᠨ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠰᠠᠭᠤᠷᠢᠨ ᠨᠢ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠰᠠᠭᠤᠷᠢᠨ ᠤ᠋ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ ᠶᠠᠨ ᠠᠨᠡᠴᠡ ᠰᠦᠢᠶᠤᠸᠠᠨᠦᠪᠦᠷ ᠮᠣᠩᠭᠣᠯ ᠢ ᠬᠣᠯᠪᠣᠭ᠍ᠰᠠᠨ ᠵᠠᠮ ᠬᠠᠷᠢᠯᠴᠠᠭᠠᠨ᠎ᠤ ᠴᠢᠬᠤᠯᠠ ᠵᠠᠮ ᠪᠣᠯᠬᠤ ᠪᠥᠭᠡᠳ ᠪᠠᠰᠠ ᠴᠤ᠌ ᠱᠠᠨ ᠰᠢ᠎ᠶ᠋ᠢᠨ ᠪᠠᠷᠠᠭᠤᠨ ᠬᠣᠢᠲᠤ᠎ᠶ᠋ᠢᠨ ᠴᠢᠯᠥᠭᠡᠯᠡᠭ᠌ᠳᠡᠭ᠌ᠰᠡᠨ ᠣᠷᠣᠨ ᠢ ᠰᠠᠬᠢᠨ ᠬᠠᠮᠠᠭᠠᠯᠠᠬᠤ ᠪᠠᠢᠯᠳᠤᠬᠤ ᠪᠣᠳᠣᠯᠭ᠎ᠠ᠎ᠶ᠋ᠢᠨ ᠬᠠᠯᠬᠠᠪᠴᠢᠪᠠᠢᠵᠤ᠂ ᠴᠢᠬᠤᠯᠠ ᠪᠠᠢᠷᠢ ᠰᠠᠭᠤᠷᠢ᠎ᠲᠠᠶ ᠶᠤᠮ᠃
ᠲᠠᠢᠨ᠎ᠤ ᠣᠨ ᠵᠢᠯ᠎ᠦᠳ᠎ᠲᠦ ᠦᠶ᠎ᠡ ᠦᠶ᠎ᠡ᠎ᠶ᠋ᠢᠨ ᠯᠢᠶᠠᠩᠴᠧᠩ᠎ᠦᠨ ᠬᠥᠪᠡᠭᠦᠳ ᠥᠬᠢᠳ ᠴᠡᠭᠡᠵᠢ ᠳᠦᠷᠢᠨ ᠭᠠᠷᠴᠤ᠌᠂ ᠴᠢᠰᠤ ᠤᠷᠤᠰᠭᠠᠨ ᠪᠠᠢᠯᠳᠤᠵᠤ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠣᠯᠤᠨ ᠠᠷᠠᠳ ᠲᠦᠮᠡᠨ᠎ᠦ ᠴᠢᠯᠥᠭᠡᠯᠡᠯᠲᠡ᠎ᠶ᠋ᠢᠨ ᠲᠥᠯᠥᠭᠡ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠪᠡ᠃ ᠥᠩᠭᠡᠷᠡᠭ᠌ᠰᠡᠨ ᠤ ᠭᠠᠢᠬᠠᠮᠱᠢᠭ᠍ᠲᠤ ᠶᠠᠪᠤᠳᠠᠯ ᠨᠢ ᠣᠨ ᠰᠠᠷ᠎ᠠ ᠵᠢᠨ ᠡᠯᠡᠭᠡᠯᠲᠠ ᠳ᠋ᠦ ᠪᠠᠯᠠᠷᠠᠭᠰᠠᠨ ᠦᠭᠡᠢ᠂ ᠬᠤᠪᠢᠰᠭᠠᠯ ᠤᠨ ᠦᠯᠢᠬᠡᠷ ᠨᠢ ᠳᠤᠷᠠᠰᠭᠠᠯ᠎ᠤᠨ ᠣᠷᠳᠣᠨ᠎ᠳᠤ᠂ ᠲᠠᠢᠯᠪᠤᠷᠢᠯᠠᠬᠤ ᠲᠠᠭᠤᠨ᠎ᠤ ᠲᠤᠮᠲᠠ᠂ ᠤᠯᠠᠨ ᠲᠦᠮᠡᠨ ᠰᠡᠳᠭᠢᠯ ᠵᠢᠷᠦᠬᠡᠨ᠎ᠳᠤ ᠦᠶ᠎ᠡ᠎ᠶ᠋ᠢᠨ ᠦᠶ᠎ᠡ᠎ᠳᠦ ᠤᠯᠠᠮᠵᠢᠯᠠᠭᠳᠠᠵᠤ᠂ ᠡᠷᠡᠮᠡᠬᠡᠢᠯᠡᠨ ᠤᠷᠤᠭ᠍ᠰᠢᠯᠠᠬᠤ ᠤᠶᠤᠨ ᠰᠠᠨᠠᠭᠠᠨ᠎ᠤ ᠬᠥᠳᠡᠯᠭᠡᠬᠦ᠌ ᠡᠨᠧᠷᠭᠢ ᠪᠤᠯᠵᠤ ᠬᠤᠪᠢᠷᠠᠵᠠᠢ᠃
ᠵᠤᠨ᠎ᠤ ᠡᠬᠢ᠎ᠪᠡᠷ ᠰᠤᠷᠪᠤᠯᠵᠢᠯᠠᠭ᠍ᠴᠢ ᠬᠣᠩ ᠮᠤᠤ ᠪᠠᠯᠭᠠᠰᠤ᠎ᠶ᠋ᠢᠨ ᠬᠤᠳᠳᠤᠭ᠎ᠤᠨ ᠭᠤᠤ ᠲᠣᠰᠭᠣᠨ᠎ᠤ ᠰᠦᠢᠶᠤᠸᠠᠨᠦᠪᠦᠷ ᠮᠣᠩᠭᠣᠯ᠎ᠤᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ᠎ᠳᠦ ᠬᠦᠷᠪᠡ᠃ ᠬᠦᠷᠢᠶᠡᠯᠡᠩ ᠲᠣᠭᠣᠷᠢᠭ᠎ᠨᠢ ᠠᠭᠤᠯᠠ ᠶ᠋ᠢ ᠲᠦᠱᠢᠵᠦ᠍ ᠨᠠᠭᠤᠷ᠎ᠢ ᠬᠠᠪᠢᠳᠠᠵᠤ᠂ ᠲᠠᠭ᠎ᠠ᠎ᠶ᠋ᠢᠨ ᠨᠠᠭᠤᠷ ᠤᠨ ᠲᠠᠯ᠎ᠠ ᠭᠠᠵᠠᠷ ᠲᠠᠶ ᠬᠥᠷᠱᠢᠯᠡᠵᠦ᠍᠂ ᠪᠦᠬᠦᠯᠢ ᠴᠣᠭ᠍ᠴᠠ᠎ᠶ᠋ᠢᠨ ᠪᠠᠢᠷᠢᠱᠢᠭᠤᠯᠤᠯᠲᠠ᠎ᠨᠢ ᠲᠥᠪ ᠶᠡᠬᠡᠮᠰᠦᠭ ᠪᠠᠢᠵᠤ᠂ ᠬᠤᠪᠢᠰᠬᠠᠯᠲᠤ ᠪᠠᠷᠢᠯᠭ᠎ᠠ᠎ᠨᠢ ᠦᠵᠡᠰᠭᠦᠯᠡᠩᠲᠦ ᠰᠠᠢᠬᠠᠨ ᠠᠭᠤᠯᠠ ᠤᠰᠤᠲᠠᠶ ᠬᠠᠷᠢᠯᠴᠠᠨ ᠠᠭᠤᠰᠤᠯᠴᠠᠪᠠ᠃ ᠬᠦᠷᠢᠶᠡᠯᠡᠩ ᠲᠣᠭᠣᠷᠢᠭ᠎ᠤᠨ ᠭᠣᠣᠯ ᠪᠠᠷᠢᠯᠭ᠎ᠠ ᠪᠤᠯᠬᠤ ᠰᠦᠢᠶᠤᠸᠠᠨ ᠥᠪᠥᠷ ᠮᠣᠩᠭᠣᠯ᠎ᠤᠨ ᠬᠤᠪᠢᠰᠭᠠᠯ᠎ᠤᠨ ᠳᠤᠷᠠᠰᠭᠠᠯ᠎ᠤᠨ ᠣᠷᠳᠣᠨ ᠰᠦᠷ ᠳᠠᠯᠠᠢᠴᠠᠲᠠᠢ ᠪᠠᠢᠵᠤ᠂ ᠲᠠᠪᠤᠨ ᠶᠡᠬᠡ ᠦᠵᠡᠭᠦᠯᠭᠡ᠎ᠶ᠋ᠢᠨ ᠲᠢᠩᠬᠢᠮ ᠨᠢ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠲᠡᠦᠬᠡ᠎ᠶ᠋ᠢᠨ ᠵᠢᠷᠤᠭ ᠰᠡᠭᠦᠳᠡᠷ ᠳᠦᠷᠰᠦ ᠰᠢᠩᠭᠡᠭᠡᠯᠲᠡ᠂ ᠲᠤᠬᠠᠢ ᠵᠢᠨ ᠦᠶ᠎ᠡ ᠵᠢᠨ ᠦᠵᠡᠭᠳᠡᠯ ᠪᠠᠢᠳᠠᠯ᠎ᠢ ᠰᠡᠷᠭᠦᠭᠡᠬᠦ᠌ ᠵᠡᠷᠭᠡ ᠬᠡᠯᠪᠡᠷᠢᠳᠦ ᠲᠦᠱᠢᠭ᠌ᠯᠡᠵᠦ᠍᠂ ᠰᠦᠢᠶᠤᠸᠠᠨ ᠥᠪᠥᠷ ᠮᠣᠩᠭᠣᠯ᠎ᠤᠨ ᠡᠬᠡ ᠭᠠᠵᠠᠷ᠎ᠤᠨ ᠶᠡᠬᠡ ᠬᠤᠪᠢᠰᠭᠠᠯ᠎ᠤᠨ ᠦᠶ᠎ᠡ᠎ᠡᠴᠡ ᠪᠦᠬᠦ᠌ ᠣᠷᠣᠨ ᠳᠠᠶᠠᠭᠠᠷ ᠴᠢᠯᠥᠭᠡᠯᠡᠭ᠌ᠳᠡᠭ᠌ᠰᠡᠨ ᠬᠦᠷᠲᠡᠯᠡᠬᠢ ᠭᠡᠷᠡᠯ ᠰᠠᠴᠤᠷᠠᠩᠭᠤᠢ ᠬᠤᠪᠢᠰᠭᠠᠯ᠎ᠤᠨ ᠲᠡᠦᠬᠡᠨ ᠪᠦᠬᠦ ᠶᠠᠪᠤᠴᠠ᠎ᠶ᠋ᠢ ᠲᠠᠬᠢᠨ ᠢᠯᠡᠷᠡᠭᠦᠯᠪᠡ᠃
《ᠯᠢᠶᠡᠩᠴᠧᠩ᠎ᠤᠨ ᠬᠤᠪᠢᠰᠬᠠᠯ᠎ᠤᠨ ᠲᠡᠥᠭᠡ ᠥᠨᠢ ᠤᠳᠠᠭᠠᠨ᠂ ᠲᠠᠯᠠᠨ ᠬᠠᠷ᠎ᠠ᠎ᠶᠢᠨ ᠶᠠᠫᠤᠨ᠎ᠢ ᠡᠰᠡᠷᠭᠦᠴᠡᠬᠦ ᠰᠠᠭᠤᠷᠢᠨ᠎ᠤ ᠠᠵᠢᠯᠯᠠᠭ᠎ᠠ ᠬᠢᠭᠰᠡᠨ ᠴᠠᠭ᠎ᠢᠶᠠᠷ ᠬᠠᠮᠤᠭ᠎ᠤᠨ ᠤᠷᠳᠤ ᠣᠷᠣᠨ ᠪᠠᠢᠵᠤ᠂ ᠤᠳᠤ 190 ᠭᠠᠷᠤᠢ ᠬᠤᠪᠢᠰᠬᠠᠯ᠎ᠤᠨ ᠪᠠᠭᠤᠷᠢ ᠦᠯᠡᠳᠡᠭᠳᠡᠵᠤ ᠪᠤᠢ᠃ ᠲᠤᠬᠠᠢ᠎ᠶᠢᠨ ᠵᠢᠯ ᠮᠠᠨᠭᠬᠠᠨ ᠠᠭᠤᠯᠨ ᠵᠢᠨ ᠤᠯᠠᠨ ᠲᠦᠮᠡᠨ ᠪᠦᠬᠦ ᠬᠦᠴᠦᠨ᠎ᠢᠶᠡᠷ᠎ᠢᠶᠡᠨ ᠡᠮᠦᠨ᠎ᠡ ᠹᠷᠣᠨᠲ᠎ᠢ ᠲᠤᠰᠠᠯᠠᠵᠤ᠂ ᠡᠳ᠋ ᠪᠣᠳᠠᠰ ᠬᠠᠨᠳᠢᠪᠯᠡᠵᠤ᠂ ᠬᠡᠦᠬᠡᠳ ᠳᠡᠭᠦᠦ ᠨᠠᠷ᠎ᠢᠶᠡᠨ ᠴᠡᠷᠢᠭ ᠲᠦ᠍ ᠮᠤᠷᠳᠠᠭᠤᠯᠵᠤ᠂ ᠴᠡᠷᠢᠭ ᠠᠷᠠᠳ ᠰᠡᠳᠬᠢᠯ ᠨᠢᠭᠡᠳᠦᠨ ᠭᠠᠳᠠᠭᠠᠳᠤ᠎ᠶᠢᠨ ᠳᠠᠢᠰᠤᠨ᠎ᠢ ᠬᠠᠮᠲᠤ᠎ᠪᠠᠷ ᠡᠰᠡᠷᠭᠦᠴᠡᠵᠤ ᠪᠠᠢᠵᠠᠢ᠃ ᠲᠤᠰ ᠬᠦᠷᠢᠶᠡᠯᠡᠩ ᠨᠢ ᠥᠪᠡᠷᠮᠢᠴᠡ ᠬᠤᠪᠢᠰᠬᠠᠯ᠎ᠤᠨ ᠡᠬᠢ ᠪᠠᠶᠠᠯᠢᠭ᠋᠎ᠢᠶᠠᠷ᠎ᠢᠶᠠᠨ ᠪᠦᠬᠦ ᠤᠯᠤᠰ᠎ᠤᠨ ᠬᠤᠪᠢᠰᠬᠠᠯ᠎ᠤᠨ ᠵᠢᠭᠤᠯᠴᠢᠯᠠᠯ ᠤᠨ ᠰᠣᠩᠭᠣᠳᠠᠭ ᠦᠵᠡᠮᠵᠢ᠎ᠶᠢᠨ ᠣᠷᠣᠨ᠎ᠳᠤ ᠰᠣᠩᠭᠣᠭᠳᠠᠵᠤ᠂ ᠡᠵᠡᠩᠨᠡᠯᠲᠡ ᠪᠡᠨ ᠡᠬᠢᠯᠡᠬᠦᠯᠦᠭᠰᠡᠨ ᠡᠴᠡ ᠨᠠᠭᠠᠰᠢ ᠵᠢᠭᠤᠯᠴᠢᠯᠠᠭᠰᠠᠳ᠂ ᠰᠤᠳᠤᠯᠤᠨ ᠰᠤᠷᠤᠯᠴᠠᠬᠤ ᠪᠦᠯᠬᠦᠮ᠎ᠢ ᠨᠡᠢ᠍ᠢᠲᠡ 20 ᠭᠠᠷᠤᠢ ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠯ ᠳᠤᠮᠳᠠᠴᠢ᠎ᠶᠢᠨ ᠬᠦᠯᠢᠶᠡᠨ ᠠᠪᠤᠭᠰᠠᠨ ᠬᠡᠮᠵᠢᠶ᠎ᠡ 2 ᠲᠦᠮᠡᠨ ᠬᠥᠮᠥᠨ ᠤᠳᠠᠭ᠎ᠠ᠎ᠶᠢ ᠳᠠᠪᠠᠵᠠᠢ》 ᠭᠡᠵᠤ ᠰᠦᠢᠶᠦᠸᠠᠨ ᠥᠪᠥᠷ ᠮᠣᠩᠭᠣᠯ ᠤᠷᠤᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ ᠦᠨ ᠬᠠᠷᠢᠭᠤᠴᠠᠯᠭᠠᠲᠠᠨ ᠯᠠᠨ ᠵᠢᠶᠦ᠋ᠨ ᠶᠢᠩ ᠲᠠᠨᠢᠯᠴᠠᠭᠤᠯᠪᠠ᠃
ᠠᠮᠢ ᠠᠬᠤᠢ᠎ᠶᠢᠨ ᠬᠡᠷᠡᠯᠳᠦ ᠰᠤᠪᠤᠳ᠎ᠢ ᠰᠠᠬᠢᠨ ᠬᠠᠮᠠᠭᠠᠯᠠᠵᠤ ᠳᠠᠭ᠎ᠠ᠎ᠶᠢᠨ ᠨᠠᠭᠤᠷ ᠢ ᠠᠮᠢᠵᠢᠷᠠᠯ ᠵᠢᠡᠷ ᠪᠢᠯᠬᠠᠭᠤᠯᠤᠨ᠎ᠠ
ᠨᠣᠮᠢᠨ ᠳᠣᠯᠭᠢᠶᠡ ᠬᠠᠶᠠᠯᠠᠵᠤ᠂ ᠤᠰᠤᠨ᠎ᠤ ᠰᠢᠪᠠᠭᠤᠳ ᠳᠡᠪᠳᠡᠷᠢᠨ ᠨᠢᠰᠴᠦ᠂ ᠵᠣᠨ᠎ᠤ ᠡᠬᠢᠨ᠎ᠦ ᠳᠠᠭ᠎ᠠ᠎ᠶᠢᠨ ᠨᠠᠭᠤᠷ᠎ᠤᠨ ᠡᠪᠡᠰᠦ ᠬᠤᠯᠤᠰᠦ ᠢᠭᠴᠤᠷᠠᠨ ᠤᠷᠭᠤᠵᠤ᠂ ᠠᠭᠤᠯᠠᠰ ᠨᠢ ᠬᠦᠬᠡᠷᠡᠨ ᠤᠰᠤ ᠨᠢ ᠮᠡᠯᠮᠡᠯᠵᠡᠵᠦ᠂ ᠦᠵᠡᠰᠬᠦᠯᠡᠩᠲᠦ ᠰᠠᠢᠬᠠᠨ ᠠᠭᠤᠯᠠ ᠤᠰᠤᠨ᠎ᠤ ᠵᠢᠷᠤᠭᠬᠠᠷᠠᠭᠠ ᠵᠢ ᠪᠠᠶᠠᠰᠬᠠᠨ᠎ᠠ᠃
《ᠮᠠᠨ᠎ᠤ ᠲᠣᠰᠬᠣᠨ ᠳᠠᠭ᠎ᠠ ᠵᠢᠨ ᠨᠠᠭᠤᠷ᠎ᠡᠴᠡ 3 ᠭᠠᠵᠠᠷ ᠵᠠᠢᠲᠠᠢ᠂ ᠮᠢᠨᠤ ᠪᠠᠭ᠎ᠠ᠎ᠶᠢᠨ ᠦᠶ᠎ᠡ᠎ᠳᠦ ᠳᠠᠭ᠎ᠠ ᠵᠢᠨ ᠨᠠᠭᠤᠷ᠎ᠤᠨ ᠠᠮᠢ ᠠᠬᠤᠢ ᠭᠤᠢᠳᠠ ᠰᠠᠢᠬᠠᠨ ᠪᠠᠢᠵᠤ᠂ ᠵᠢᠭᠠᠰᠤᠨ᠎ᠤ ᠲᠦᠷᠦᠯ ᠡᠯᠪᠡᠭ᠂ ᠨᠡᠭᠦᠳᠡᠯ᠎ᠤᠨ ᠰᠢᠪᠠᠭᠤᠳ ᠦᠷᠲᠡᠭᠡᠯᠡᠵᠤ᠂ ᠨᠠᠭᠤᠷ᠎ᠤᠨ ᠲᠠᠯᠠᠪᠠᠢ ᠮᠠᠰᠢ ᠲᠤᠮᠤ ᠪᠠᠢᠭᠰᠠᠨ ᠶᠤᠮ᠃ 2000 ᠣᠨ᠎ᠡᠴᠡ ᠬᠣᠢᠰᠢ ᠤᠰᠤᠨ ᠲᠦᠪᠰᠢᠨ ᠮᠡᠳᠡᠭᠳᠡᠮ᠎ᠡ ᠳᠣᠷᠣᠭᠰᠢᠯᠠᠵᠤ᠂ ᠰᠡᠭᠦᠯᠡᠷ ᠨᠢ ᠵᠠᠰᠠᠭ᠎ᠤᠨ ᠣᠷᠳᠣᠨ᠎ᠡᠴᠡ ᠲᠠᠭ᠎ᠠ᠎ᠶᠢᠨ ᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠢ ᠪᠠᠢᠭᠤᠯᠵᠤ ᠠᠮᠢ ᠠᠬᠤᠢ᠎ᠶᠢᠨ ᠵᠠᠰᠠᠯᠲᠠ᠎ᠶᠢᠨ ᠠᠯᠢ ᠤᠯᠠᠨ ᠠᠷᠭ᠎ᠠ ᠬᠡᠮᠵᠢᠶ᠎ᠡ ᠵᠢ ᠠᠪᠤᠭᠰᠠᠨ ᠡᠴᠡ 2024 ᠣᠨ᠎ᠡᠴᠡ ᠡᠬᠢᠯᠡᠨ ᠲᠠᠭ᠎ᠠ᠎ᠶᠢᠨ ᠨᠠᠭᠤᠷ᠎ᠤᠨ ᠤᠰᠤᠨ ᠲᠦᠪᠰᠢᠨ ᠳᠡᠭᠡᠭᠰᠢᠯᠡᠵᠦ᠂ ᠡᠯ᠎ᠡ ᠵᠦᠢᠯ᠎ᠦᠨ ᠬᠣᠪᠣᠷ ᠴᠤᠬᠠᠭ ᠰᠢᠪᠠᠭᠤᠳ ᠴᠤ᠌ ᠲᠠᠭ᠎ᠠ᠎ᠶᠢᠨ ᠨᠠᠭᠤᠷ ᠲᠤ ᠨᠡᠭᠦᠳᠡᠯᠯᠡᠵᠦ᠂ ᠣᠷᠴᠢᠨ ᠠᠬᠤᠢ ᠰᠠᠢᠵᠢᠷᠠᠵᠤ᠂ ᠪᠠᠭ᠎ᠠ᠎ᠶᠢᠨ ᠦᠶ᠎ᠡ᠎ᠶᠢᠨ ᠦᠵᠡᠮᠵᠢ᠎ᠲᠠᠢ ᠠᠳᠠᠯᠢᠬᠠᠨ ᠲᠠᠭ᠎ᠠ᠎ᠶᠢᠨ ᠨᠠᠭᠤᠷ ᠳᠠᠬᠢᠨᠲᠠ ᠢᠯᠡᠷᠡᠵᠡᠢ》ᠭᠡᠵᠦ ᠯᠢᠶᠡᠩᠴᠧᠩ ᠰᠢᠶᠠᠨ᠎ᠤ ᠲᠠᠭ᠎ᠠ᠎ᠶᠢᠨ ᠨᠠᠭᠤᠷ ᠪᠠᠯᠭᠠᠰᠤᠨ᠎ᠤ ᠰᠦ᠍ ᠢ ᠲᠣᠰᠬᠣᠨ᠎ᠤ ᠠᠷᠠᠳ ᠾᠧ ᠶᠢᠩ ᠰᠡᠳᠬᠢᠯ ᠳᠣᠭᠳᠣᠯᠤᠨ ᠬᠡᠯᠡᠪᠡ᠃
20 ᠳ᠋ᠤᠭᠠᠷ ᠵᠠᠭᠤᠨ ᠤ ᠲᠠᠯᠠᠭᠠᠳ ᠣᠨ᠎ᠡᠴᠡ ᠡᠬᠢᠯᠡᠵᠦ᠂ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠬᠦᠮᠦᠨ ᠤ ᠠᠵᠢᠯᠯᠠᠭ᠎ᠠ᠎ᠶᠢᠨ ᠨᠥᠯᠥᠭᠡᠯᠡᠯ ᠢᠶᠡᠷ ᠥᠪᠥᠷ ᠮᠣᠩᠭᠣᠯ᠎ᠤᠨ ᠴᠢᠬᠤᠯᠠ ᠳᠣᠲᠣᠭᠠᠳᠤ ᠬᠠᠭᠤᠷᠠᠢ᠎ᠶᠢᠨ ᠨᠠᠭᠤᠷ ᠪᠣᠯᠤᠭᠰᠠᠨ ᠳᠠᠭ᠎ᠠ ᠶᠢᠨ ᠨᠠᠭᠤᠷ᠎ᠤᠨ ᠲᠠᠯᠠᠪᠠᠢ ᠪᠠᠭᠠᠰᠴᠦ᠂ ᠤᠰᠤᠨ᠎ᠤ ᠴᠢᠨᠠᠷ ᠮᠠᠭᠤᠳᠠᠵᠤ᠂ ᠠᠮᠢ ᠠᠬᠤᠢ᠎ᠶᠢᠨ ᠬᠠᠮᠠᠭᠠᠯᠠᠯᠲᠠ ᠲᠤᠯᠭᠠᠮ ᠪᠣᠯᠪᠠ᠃
《ᠡᠯ᠎ᠡ ᠲᠠᠯ᠎ᠠ᠎ᠶᠢᠨ ᠳᠡᠭᠡᠳᠦ ᠬᠡᠮᠵᠢᠶᠡᠨ᠎ᠦ ᠴᠢᠬᠤᠯᠠᠴᠢᠯᠠᠭ᠎ᠠ ᠪᠠ ᠨᠢᠭᠡᠳᠦᠯᠲᠡᠢ ᠲᠥᠯᠦᠪᠵᠢᠭᠦᠯᠭᠡ᠎ᠶᠢᠨ ᠪᠠᠢᠷᠢᠯᠠᠭᠤᠯᠤᠯᠲᠠ ᠳᠣᠣᠷ᠎ᠠ ᠤᠯᠠᠭᠠᠨᠴᠠᠪ ᠬᠤᠳᠠ᠂ ᠯᠢᠶᠡᠩᠴᠧᠩ ᠰᠢᠶᠠᠨ᠎ᠤ ᠬᠣᠶᠠᠷ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠬᠠᠮᠵᠢᠯᠴᠠᠨ ᠬᠦᠴᠦᠯᠡᠵᠦ᠂ 2016 ᠣᠨ᠎ᠡᠴᠡ ᠡᠬᠢᠯᠡᠨ〈ᠨᠢᠭᠡ ᠵᠢ ᠪᠢᠲᠡᠭᠦᠮᠵᠢᠯᠡᠵᠤ ᠨᠢᠭᠡ᠎ᠶᠢ ᠪᠣᠢᠵᠢᠭᠤᠯᠵᠤ ᠨᠢᠭᠡ᠎ᠶᠢ ᠴᠠᠭᠠᠵᠠᠯᠠᠬᠤ〉᠂〈ᠬᠣᠶᠠᠷ᠎ᠢ ᠪᠠᠭᠠᠰᠬᠠᠵᠤ ᠬᠣᠶᠠᠷ ᠢ ᠨᠥᠬᠥᠪᠦᠷᠢᠯᠡᠵᠦ ᠬᠣᠶᠠᠷ᠎ᠢ ᠰᠡᠷᠭᠦᠭᠡᠬᠦ〉᠂〈ᠬᠣᠶᠠᠷ᠎ᠢ ᠥᠭᠡᠷᠡᠴᠢᠯᠡᠵᠦ ᠳᠥᠷᠪᠡ᠎ᠶᠢ ᠡᠵᠡᠮᠳᠡᠵᠦ ᠭᠤᠷᠪᠠ᠎ᠶᠢ ᠰᠢᠢᠳᠪᠦᠷᠢᠯᠡᠬᠦ〉 ᠵᠡᠷᠭᠡ 18 ᠵᠦᠢᠯ᠎ᠦᠨ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ ᠠᠮᠢ ᠠᠬᠤᠢ᠎ᠶᠢᠨ ᠵᠠᠰᠠᠯᠲᠠ ᠬᠢᠪᠡ᠃ ᠤᠯᠠᠨ ᠵᠢᠯ᠎ᠦᠨ ᠵᠠᠰᠠᠯᠲᠠ᠎ᠪᠠᠷ ᠳᠠᠮᠵᠢᠭᠠᠳ ᠣᠳᠣᠬᠠᠨ᠎ᠳᠤ ᠳᠠᠭ᠎ᠠ᠎ᠶᠢᠨ ᠨᠠᠭᠤᠷ᠎ᠤᠨ ᠤᠰᠤᠨ᠎ᠤ ᠡᠬᠢ ᠪᠠᠶᠠᠯᠢᠭ᠋᠂ ᠤᠰᠤᠨ᠎ᠤ ᠴᠢᠨᠠᠷ᠂ ᠤᠰᠤᠨ ᠤ ᠣᠷᠴᠢᠨ ᠲᠣᠭᠣᠷᠢᠨ ᠲᠤᠢᠯ᠎ᠤᠨ ᠶᠡᠬᠡ ᠪᠡᠷ ᠰᠠᠢᠵᠢᠷᠠᠵᠠᠢ᠃ ᠤᠰᠤᠨ᠎ᠤ ᠡᠬᠢ ᠪᠠᠶᠠᠯᠢᠭ᠋᠎ᠤᠨ ᠲᠠᠯ᠎ᠠ᠎ᠪᠠᠷ ᠥᠩᠭᠡᠷᠡᠭᠰᠡᠨ᠎ᠳᠦ ᠳᠠᠭ᠎ᠠ ᠵᠢᠨ ᠨᠠᠭᠤᠷ᠎ᠤᠨ ᠲᠠᠯᠠᠪᠠᠢ ᠬᠠᠮᠤᠭ᠎ᠤᠨ ᠪᠠᠭ᠎ᠠ ᠦᠶ᠎ᠡ᠎ᠳᠡᠭᠡᠨ 42 ᠲᠡᠭᠰᠢ ᠳᠥᠷᠪᠡᠯᠵᠢᠨ ᠺᠢᠯᠤᠮᠸᠲᠷ ᠪᠣᠯᠣᠨ ᠪᠠᠭᠠᠰᠴᠤ᠂ ᠤᠳᠤ 65.2 ᠲᠡᠭᠰᠢ ᠳᠥᠷᠪᠡᠯᠵᠢᠨ ᠺᠢᠯᠤᠮᠸᠲᠷ ᠲᠤ᠌ ᠬᠦᠷᠪᠡ; ᠤᠰᠤᠨ᠎ᠤ ᠴᠢᠨᠠᠷ᠎ᠤᠨ ᠲᠠᠯ᠎ᠠ᠎ᠪᠠᠷ ᠬᠢᠨᠠᠨ ᠰᠢᠯᠭᠠᠬᠤ 18 ᠵᠦᠢᠯ᠎ᠦᠨ ᠵᠢᠭᠠᠯᠲᠠ ᠲᠣᠭ᠎ᠠ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠦᠷᠪᠡ; ᠤᠰᠤᠨ᠎ᠤ ᠣᠷᠴᠢᠨ ᠲᠣᠭᠣᠷᠢᠨ᠎ᠤ ᠲᠠᠯ᠎ᠠ᠎ᠪᠠᠷ ᠣᠳᠣᠬᠠᠨ᠎ᠳᠤ ᠵᠢᠭᠠᠰᠤᠨ ᠤ ᠲᠦᠷᠦᠯ 9 ᠪᠠᠢᠵᠤ᠂ ᠰᠢᠪᠠᠭᠤᠨ᠎ᠤ ᠲᠦᠷᠦᠯ 68 ᠪᠠᠢᠭᠰᠠᠨ᠎ᠡᠴᠡ᠎ᠪᠠᠨ 110 ᠭᠠᠷᠤᠢ ᠪᠣᠯᠣᠨ ᠨᠡᠮᠡᠭᠳᠡᠵᠡᠢ》ᠭᠡᠵᠦ ᠳᠠᠭ᠎ᠠ ᠵᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠸᠧᠢ ᠯᠧᠢ ᠲᠠᠨᠢᠯᠴᠠᠭᠤᠯᠪᠡ᠃
ᠰᠣᠶᠣᠯ ᠵᠢᠭᠤᠯᠴᠢᠯᠠᠯ᠎ᠤᠨ ᠬᠠᠯᠠᠭᠤᠨ ᠬᠦᠷᠦᠰᠦᠨ ᠳ᠋ᠦ ᠭᠦᠨᠵᠡᠭᠡᠶ ᠦᠨᠳᠦᠰᠦᠯᠡᠵᠦ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ ᠵᠢ ᠬᠦᠭᠵᠢᠭᠡᠨ᠎ᠡ
ᠬᠤᠪᠢᠰᠭᠠᠯ᠎ᠤᠨ ᠤᠳᠤᠮᠰᠢᠯ ᠦᠶ᠎ᠡ ᠤᠯᠠᠷᠢᠨ ᠤᠯᠠᠮᠵᠢᠯᠠᠭ᠍ᠳᠠᠵᠤ᠂ ᠨᠤᠮᠢᠨ ᠤᠰᠤ ᠬᠥᠬᠡᠮᠳᠦᠭ ᠠᠭᠤᠯᠠ ᠠᠯᠤᠰ᠎ᠤᠨ ᠵᠣᠴᠢᠳ᠎ᠢ ᠤᠭᠳᠤᠨ᠎ᠠ᠃ ᠯᠢᠶᠠᠩᠴᠧᠩ ᠱᠢᠶᠠᠨ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠬᠥᠭ᠌ᠵᠢᠯᠲᠡ᠎ᠶ᠋ᠢᠨ ᠦᠢᠯᠡᠳᠦᠯᠭᠡ᠎ᠳᠡᠭᠡᠨ ᠠᠭᠤᠰᠤᠯᠴᠠᠭᠤᠯᠵᠤ᠂ ᠱᠢᠯᠢᠳᠡᠭ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠱᠢᠭ᠌ᠯᠡᠨ ᠡᠵᠡᠩᠨᠡᠯᠲᠡ᠎ᠶ᠋ᠢᠨ ᠬᠡᠯᠪᠡᠷᠢ᠎ᠪᠡᠨ ᠲᠠᠰᠤᠷᠠᠯᠲᠠ ᠦᠭᠡᠢ ᠪᠠᠶᠠᠯᠢᠭ᠍ᠵᠢᠭᠤᠯᠵᠤ᠂ ᠬᠡᠯᠬᠢᠶ᠎ᠡ᠎ᠪᠡᠨ ᠤᠷᠲᠤᠳᠭᠠᠨ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠠᠷᠠᠳ᠎ᠢ ᠪᠠᠶᠠᠵᠢᠭᠤᠯᠵᠤ ᠱᠢᠶᠠᠨ᠎ᠢ ᠮᠠᠨᠳᠤᠭᠤᠯᠬᠤ ᠪᠣᠬᠢᠷᠲᠤᠯ ᠦᠭᠡᠢ ᠲᠤᠯᠭᠠᠭᠤᠷᠢ ᠠᠵᠤ ᠦᠢᠯᠡᠰ ᠪᠣᠯᠭᠠᠬᠤ᠎ᠶ᠋ᠢ ᠠᠬᠢᠭᠤᠯᠪᠠ᠃
ᠲᠠᠭ᠎ᠠ᠎ᠶ᠋ᠢᠨ ᠨᠠᠭᠤᠷ ᠪᠠᠯᠭᠠᠰᠤᠨ᠎ᠤ ᠮᠠ ᠫᠤᠤ ᠬᠠᠯᠠᠭᠤᠨ ᠷᠠᠱᠢᠶᠠᠨ᠎ᠳᠤ ᠠᠮᠠᠷᠠᠯᠲᠠ᠎ᠶ᠋ᠢᠨ ᠣᠷᠣᠨ ᠪᠣᠯ ᠲᠤᠬᠠᠶ᠎ᠶ᠋ᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠪᠣᠯᠤᠨ᠎ᠠ᠃ ᠠᠮᠠᠷᠠᠯᠲᠠ᠎ᠶ᠋ᠢᠨ ᠣᠷᠣᠨ᠎ᠤ ᠶᠡᠷᠦᠩᠬᠡᠶ ᠲᠠᠯᠠᠪᠠᠶ᠎ᠨᠢ 500 ᠭᠠᠷᠤᠶ ᠮᠥ᠍ ᠪᠠᠢᠵᠤ᠂ ᠡᠭᠦᠨ᠎ᠳᠦ ᠳᠥᠷᠪᠡᠨ ᠣᠳᠣᠨ ᠲᠠᠰ᠎ᠤᠨ ᠪᠠᠷᠢᠮᠵᠢᠶᠠᠲᠤ ᠬᠠᠯᠠᠭᠤᠨ ᠷᠠᠱᠢᠶᠠᠨ᠎ᠲᠤ ᠪᠠᠭᠤᠳᠠᠯ᠎ᠤᠨ ᠲᠠᠯᠠᠪᠠᠶ᠎ᠨᠢ 100 ᠮᠥ᠍ ᠵᠢ ᠡᠵᠡᠯᠡᠵᠦ᠂ ᠪᠠᠷᠢᠯᠭ᠎ᠠ᠎ᠶ᠋ᠢᠨ ᠲᠠᠯᠠᠪᠠᠶ᠎ᠨᠢ 1 ᠲᠦᠮᠡᠨ ᠲᠡᠭ᠌ᠰᠢ ᠳᠥᠷᠪᠡᠯᠵᠢᠨ ᠮᠧᠲ᠋ᠷ᠎ᠢ ᠳᠠᠪᠠᠵᠤ᠂ ᠥᠪᠥᠷ ᠮᠣᠩᠭᠣᠯ᠎ᠤᠨ ᠳᠤᠮᠳᠠ ᠬᠡᠰᠡᠭ᠎ᠦᠨ ᠬᠠᠯᠠᠭᠤᠨ ᠷᠠᠱᠢᠶᠠᠨ᠎ᠳᠤ ᠡᠷᠡᠭᠦᠯᠵᠢᠯ ᠰᠤᠪᠢᠯᠠᠯᠲᠠ᠂ ᠡᠴᠢᠭᠡ ᠡᠬᠡ ᠦᠷ᠎ᠡ ᠬᠡᠦᠬᠡᠳ᠎ᠦᠨ ᠵᠤᠭ᠎ᠠ ᠴᠡᠩᠭᠡᠯ᠂ ᠰᠤᠳᠤᠯᠤᠨ ᠰᠤᠷᠤᠯᠴᠠᠬᠤ᠂ ᠠᠮᠢ ᠠᠬᠤᠶ᠎ᠶ᠋ᠢᠨ ᠵᠢᠭᠤᠯᠴᠢᠯᠠᠯ᠂ ᠬᠤᠳᠠᠯᠳᠤᠭᠠᠨ᠎ᠤ ᠶᠠᠪᠤᠳᠠᠯ᠎ᠤᠨ ᠰᠡᠯᠡᠭᠦᠴᠡᠯᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠡᠷᠡᠭᠦᠯᠵᠢᠯ ᠰᠤᠪᠢᠯᠠᠯᠲᠠ᠎ᠶ᠋ᠢᠨ ᠦᠵᠡᠮᠵᠢᠲᠦ ᠭᠠᠵᠠᠷ ᠪᠣᠯᠤᠨ᠎ᠠ᠃
ᠮᠠ ᠫᠤᠤ ᠬᠠᠯᠠᠭᠤᠨ ᠷᠠᠱᠢᠶᠠᠨ᠎ᠲᠤ ᠪᠠᠭᠤᠳᠠᠯ᠎ᠤᠨ ᠶᠡᠷᠦᠩᠬᠡᠶ ᠳᠠᠭᠠᠭᠠᠮᠠᠯ ᠯᠢ ᠬᠣᠩ ᠵᠢᠶᠦ᠋ᠨ᠄《ᠪᠢᠳᠡ ᠪᠥᠬᠥ᠌ ᠱᠢᠶᠠᠨ᠎ᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠢᠳᠬᠡᠵᠦ᠂ ᠨᠢᠭᠡ ᠥᠷᠲᠡᠭᠡᠴᠢᠯᠡᠭᠰᠡᠨ ᠮᠠᠶᠢᠭ᠎ᠤᠨ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠎ᠶ᠋ᠢᠨ ᠶᠡᠷᠦᠩᠬᠡᠢᠯᠡᠭ᠌ᠰᠡᠨ ᠴᠣᠭ᠍ᠴᠠ᠎ᠶ᠋ᠢ ᠪᠠᠢᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠪᠡᠷ ᠣᠷᠣᠨ ᠨᠤᠲᠤᠭ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠳᠠᠢᠴᠢᠯᠠᠪᠠ᠃ ᠠᠮᠠᠷᠠᠯᠲᠠ᠎ᠶ᠋ᠢᠨ ᠣᠷᠣᠨ 2025 ᠣᠨ᠎ᠳᠤ ᠵᠢᠭᠤᠯᠴᠢᠯᠠᠭᠰᠡᠳ᠎ᠢ 3 ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠌᠂ ᠡᠨᠡ ᠵᠢᠯ ᠨᠢᠭᠡᠨᠲᠡ 5000 ᠬᠥᠮᠦᠨ ᠤᠳᠠᠭ᠎ᠠ ᠵᠢ ᠭᠥᠯᠢᠶᠡᠨ ᠠᠪᠴᠠᠶ᠃ ᠲᠥᠷᠥᠯ ᠵᠦᠶ᠋ᠯ ᠱᠢᠭᠤᠳ 100 ᠭᠠᠷᠤᠶ ᠠᠵᠢᠯ᠎ᠤᠨ ᠪᠠᠢᠷᠢ ᠬᠠᠩᠭᠠᠵᠤ᠂ ᠲᠣᠰ ᠭᠠᠵᠠᠷ᠎ᠤᠨ ᠣᠯᠠᠨ ᠲᠦᠮᠡᠨ᠎ᠦ ᠣᠢᠷ᠎ᠠ ᠬᠠᠪᠢ᠎ᠳᠠᠭᠠᠨ ᠠᠵᠢᠯ ᠤᠯᠬᠤ᠎ᠶ᠋ᠢ ᠤᠷᠢᠳ᠎ᠢᠶᠠᠷ ᠪᠣᠳᠣᠯᠬᠢᠯᠠᠵᠠᠢ》ᠭᠡᠵᠦ ᠳᠠᠨᠢᠯᠴᠠᠭᠤᠯᠪᠠ᠃
ᠥᠪᠡᠷᠮᠢᠴᠡ ᠳᠠᠪᠠᠭᠤᠯᠢᠭ ᠠᠮᠢ ᠠᠬᠤᠶ ᠠᠭᠤᠷ ᠠᠮᠢᠰᠭᠤᠯ᠂ ᠠᠭᠤᠯᠠ ᠨᠠᠭᠤᠷ ᠣᠶ ᠱᠢᠭᠤᠶ᠂ ᠮᠥᠰᠥ᠍ ᠴᠠᠰᠤᠨ᠎ᠤ ᠡᠬᠢ ᠪᠠᠶᠠᠯᠢᠭ ᠪᠣᠯᠤᠨ ᠭᠦᠨ ᠵᠤᠵᠠᠭᠠᠨ ᠬᠤᠪᠢᠰᠭᠠᠯ᠎ᠤᠨ ᠤᠳᠤᠮᠰᠢᠯ᠎ᠳᠦ ᠳᠦᠰᠢᠭᠯᠡᠨ ᠯᠢᠶᠠᠩᠴᠧᠩ ᠱᠢᠶᠠᠨ ᠪᠥᠬᠥ᠌ ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠳᠦ ᠬᠦᠨ ᠦᠨᠳᠦᠰᠦᠯᠡᠵᠦ᠂ ᠠᠮᠢ ᠠᠬᠤᠶ᠎ᠶ᠋ᠢᠨ ᠵᠤᠰᠠᠯᠠᠩ᠂ ᠮᠥᠰᠥ᠍ ᠴᠠᠰᠤᠨ᠎ᠤ ᠡᠷᠡᠭᠦᠯᠵᠢᠯ ᠰᠤᠪᠢᠯᠠᠯᠲᠠ᠂ ᠬᠤᠪᠢᠰᠭᠠᠯᠲᠤ ᠰᠤᠳᠤᠯᠤᠯ᠂ ᠬᠥᠳᠡᠭᠡ ᠲᠣᠰᠭᠣᠨ᠎ᠤ ᠰᠡᠯᠡᠭᠦᠴᠡᠯ᠎ᠦᠨ ᠳᠥᠷᠪᠡᠨ ᠶᠡᠬᠡ ᠬᠡᠰᠡᠭ᠎ᠢ ᠨᠠᠷᠢᠨ ᠨᠢᠮᠪᠠᠶ ᠴᠣᠭ᠍ᠴᠠᠯᠠᠵᠤ᠂ ᠳᠥᠷᠪᠡᠨ ᠤᠯᠠᠷᠢᠯ᠎ᠳᠤ ᠬᠣᠯᠪᠣᠭᠠᠯᠠᠨ ᠬᠥᠳᠡᠯᠦᠯᠴᠡᠭ᠌ᠰᠡᠨ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ ᠣᠯᠠᠨ ᠡᠱᠢᠵᠢᠭ᠌ᠰᠡᠨ᠂ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ ᠢ ᠴᠣ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃
【ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ】
ᠱᠢᠨ᠎ᠡ ᠴᠠᠭ ᠦᠶ᠎ᠡ᠎ᠶ᠋ᠢᠨ ᠯᠢᠶᠠᠩᠴᠧᠩ᠎ᠳᠦ ᠬᠤᠪᠢᠰᠭᠠᠯᠳᠦ ᠰᠤᠶᠤᠯ᠎ᠤᠨ ᠰᠤᠳᠠᠰᠤ ᠪᠣᠯᠤᠨ ᠠᠮᠢ ᠠᠬᠤᠢ᠎ᠶ᠋ᠢᠨ ᠦᠩᠭᠡ ᠦᠵᠡᠮᠵᠢ ᠬᠠᠷᠢᠯᠴᠠᠨ ᠤᠶᠠᠯᠳᠤᠵᠤ᠂ ᠭᠠᠵᠠᠷ ᠪᠣᠯᠭᠠᠨ᠎ᠳᠤ ᠴᠣ ᠱᠢᠨ᠎ᠡ ᠠᠮᠢᠵᠢᠷᠠᠯ᠎ᠤᠨ ᠬᠦᠴᠦᠨ ᠪᠢᠯᠬᠠᠨ᠎ᠠ᠃ ᠰᠦᠢᠶᠤᠸᠠᠨ ᠥᠪᠥᠷ ᠮᠣᠩᠭᠣᠯ᠎ᠤᠨ ᠬᠤᠪᠢᠰᠭᠠᠯ᠎ᠤᠨ ᠳᠤᠷᠠᠰᠭᠠᠯ᠎ᠤᠨ ᠬᠦᠷᠢᠶᠡᠯᠡᠩ᠎ᠳᠦ ᠣᠷᠣᠬᠤ᠎ᠳᠤ ᠭᠠᠢᠬᠠᠮᠱᠢᠭ᠍ᠲᠤ ᠣᠨ ᠰᠠᠷ᠎ᠠ ᠨᠢᠳᠦᠨ ᠡᠮᠦᠨ᠎ᠡ ᠲᠣᠳᠣᠷᠠᠵᠤ᠂ ᠠᠬᠠᠮᠠᠳ ᠨᠢᠭᠡ ᠦᠶ᠎ᠡ᠎ᠶ᠋ᠢᠨ ᠬᠢᠨ᠎ᠦ ᠲᠡᠰᠪᠦᠷᠢ ᠬᠠᠲᠠᠭᠤᠵᠢᠯᠲᠠᠢ ᠲᠡᠮᠡᠴᠡᠭ᠌ᠰᠡᠨ ᠬᠤᠪᠢᠰᠭᠠᠯᠲᠤ ᠵᠣᠷᠢᠭ ᠰᠠᠨᠠᠭ᠎ᠠ ᠨᠢ ᠲᠤᠬᠠᠢ᠎ᠶ᠋ᠢᠨ ᠭᠠᠵᠠᠷ᠎ᠤᠨ ᠬᠥᠭ᠌ᠵᠢᠯᠲᠡ᠎ᠶ᠋ᠢᠨ ᠤᠶᠤᠨ ᠰᠠᠨᠠᠭᠠᠨ᠎ᠤ ᠰᠢᠷᠬᠢᠰᠢ ᠦᠭᠡᠢ ᠡᠬᠢ ᠪᠤᠯᠠᠭ ᠪᠣᠯᠪᠠ᠃ ᠥᠩᠭᠡᠷᠡᠭ᠌ᠰᠡᠨ᠎ᠳᠦ ᠠᠮᠢ ᠠᠬᠤᠢ ᠨᠢ ᠳᠠᠷᠤᠯᠲᠠ᠎ᠳᠤ ᠤᠴᠠᠷᠠᠵᠤ ᠪᠠᠢᠭ᠍ᠰᠠᠨ ᠳᠠᠭ᠎ᠠ᠎ᠶ᠋ᠢᠨ ᠨᠠᠭᠤᠷ ᠤᠯᠠᠨ ᠵᠢᠯ᠎ᠦᠨ ᠶᠡᠷᠦᠩᠬᠡᠢᠯᠡᠭ᠌ᠰᠡᠨ ᠵᠠᠰᠠᠯᠲᠠ᠎ᠪᠠᠷ ᠳᠠᠮᠵᠢᠨ ᠨᠣᠮᠢᠨ ᠳᠠᠪᠠᠯᠭᠠᠨ᠎ᠢᠶᠡᠨ ᠰᠡᠷᠭᠦᠬᠡᠵᠦ᠂ ᠤᠰᠤᠨ᠎ᠤ ᠱᠢᠪᠠᠭᠤᠳ ᠬᠤᠷᠠᠨ ᠴᠤᠭ᠍ᠯᠠᠷᠠᠵᠤ᠂ ᠦᠵᠡᠮᠵᠢ ᠨᠢ ᠵᠢᠷᠤᠭ ᠮᠡᠲᠦ ᠭᠤᠶᠤ ᠪᠤᠯᠵᠠᠢ᠃ ᠯᠢᠶᠠᠩᠴᠧᠩ ᠬᠤᠪᠢᠰᠭᠠᠯ᠎ᠤᠨ ᠡᠬᠢ ᠪᠠᠶᠠᠯᠢᠭ ᠪᠣᠯᠤᠨ ᠠᠮᠢ ᠠᠬᠤᠢ᠎ᠶ᠋ᠢᠨ ᠳᠠᠪᠠᠭᠤᠯᠢᠭ᠎ᠲᠤ ᠲᠦᠱᠢᠭ᠌ᠯᠡᠨ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠢ ᠶᠡᠬᠡ ᠪᠡᠷ ᠬᠥᠭ᠌ᠵᠢᠭᠦᠯᠵᠦ᠍᠂ ᠰᠣᠶᠣᠯ ᠵᠢᠭᠤᠯᠴᠢᠯᠠᠯ ᠤᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠢᠴᠢᠯᠠᠪᠠ᠃ ᠬᠤᠪᠢᠰᠭᠠᠯ᠎ᠤᠨ ᠬᠦᠮᠦᠵᠢᠯ᠎ᠢᠶᠡᠷ ᠰᠦᠭ ᠰᠦᠨᠡᠰᠦ᠎ᠶ᠋ᠢ ᠱᠤᠭᠤᠵᠤ᠂ ᠠᠮᠢ ᠠᠬᠤᠢ᠎ᠪᠠᠷ ᠡᠨᠧᠷᠭᠢ ᠣᠯᠭᠣᠵᠤ᠂ ᠠᠵᠤ ᠦᠢᠯᠡᠰ᠎ᠢᠶᠡᠷ ᠬᠤᠳᠠ᠎ᠪᠠᠨ ᠮᠠᠨᠳᠤᠭᠤᠯᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠶᠠᠭ ᠠᠯᠬᠤᠮ ᠠᠯᠬᠤᠮ᠎ᠢᠶᠠᠷ ᠵᠢᠭᠤᠯᠴᠢᠯᠠᠯ ᠤᠨ ᠬᠠᠯᠠᠭᠤᠨ ᠬᠥᠷᠥᠰᠥ᠍ ᠪᠤᠯᠵᠤ ᠪᠤᠢ᠃ ᠦᠶ᠎ᠡ ᠳᠠᠮᠵᠢᠨ ᠤᠯᠠᠮᠵᠢᠯᠠᠭ᠍ᠳᠠᠵᠤ᠂ ᠪᠣᠳᠠᠲᠠᠢ ᠠᠵᠢᠯᠯᠠᠵᠤ ᠪᠠᠲᠤᠲᠠᠢ ᠦᠢᠯᠡᠳᠦᠯᠭᠡᠵᠢᠭᠦᠯᠦᠭᠰᠡᠨ ᠯᠢᠶᠠᠩᠴᠧᠩ᠎ᠦᠨ ᠬᠥᠭ᠌ᠵᠢᠯᠲᠡ ᠶ᠋ᠢᠨ ᠦᠯᠢᠭᠡᠷ ᠮᠥᠨ ᠯᠡ ᠦᠷᠭᠦᠯᠵᠢᠯᠡᠵᠦ᠍᠂ ᠢᠷᠡᠭᠡᠳᠦᠢ ᠤᠯᠠᠮ ᠰᠠᠷᠠᠭᠤᠯ ᠳᠠᠷᠳᠠᠩ ᠪᠤᠯᠵᠤ ᠪᠠᠢᠨ᠎ᠠ᠃