ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠫᠢᠶᠸᠩᠶᠠᠩ᠎ᠤᠨ ᠵᠢᠨ ᠱᠢᠤ ᠱᠠᠨ ᠵᠣᠴᠢᠳ᠎ᠤᠨ ᠪᠠᠭᠤᠳᠠᠯ᠎ᠳᠤ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠠᠷᠤᠭ᠎ᠠ᠎ᠶ᠋ᠢᠨ ᠵᠧᠩ ᠧᠨᠲᠡᠶ ᠬᠡᠯᠡᠯᠴᠡᠭᠡ ᠬᠢᠪᠡ᠃
ᠰᠢ ᠵᠢᠨ ᠫᠢᠩ᠂ 7 ᠵᠢᠯᠠᠯᠤᠰᠯᠠᠭᠠᠳ ᠦᠵᠡᠰᠭᠦᠯᠡᠩᠲᠦ ᠰᠠᠢᠬᠠᠨ ᠫᠢᠶᠸᠩᠶᠠᠩ ᠳ᠋ᠤ ᠳᠠᠬᠢᠨᠲᠠ ᠠᠢᠯᠴᠢᠯᠠᠭ᠍ᠰᠠᠨ᠎ᠳᠠᠭᠠᠨ ᠪᠢ ᠮᠠᠰᠢ ᠪᠠᠶᠠᠷᠯᠠᠵᠤ ᠪᠠᠢᠬᠤ ᠪᠥᠭᠡᠳ ᠮᠠᠰᠢ ᠳᠣᠲᠣᠨᠣ ᠰᠠᠨᠠᠭ᠍ᠳᠠᠵᠤ ᠪᠠᠢᠨ᠎ᠠ᠃ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷ᠎ᠲᠡᠶ ᠬᠠᠮᠲᠤ᠎ᠪᠠᠷ ᠡᠨᠡ ᠤᠳᠠᠭ᠎ᠠ᠎ᠶ᠋ᠢᠨ ᠠᠢᠯᠴᠢᠯᠠᠯᠲᠠ᠎ᠪᠠᠷ ᠠᠵᠠ ᠲᠣᠬᠢᠶᠠᠯ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠦᠵᠦ᠍ ᠲᠥᠯᠥᠪᠯᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠳᠤᠮᠳᠠᠳᠤ ᠰᠣᠯᠣᠩᠭᠣᠰ ᠤᠨ ᠬᠠᠷᠢᠯᠴᠠᠭ᠎ᠠ᠎ᠶ᠋ᠢᠨ ᠴᠠᠭ ᠦᠶ᠎ᠡ᠎ᠶ᠋ᠢ ᠲᠠᠭᠠᠨ ᠪᠦᠬᠦ᠌ ᠲᠠᠯ᠎ᠠ ᠪᠠᠷ ᠤᠷᠤᠭ᠍ᠰᠢᠯᠠᠬᠤ᠂ ᠨᠡᠩ ᠶᠡᠬᠡ ᠬᠥᠭ᠌ᠵᠢᠯᠲᠡ᠎ᠲᠡᠶ ᠪᠣᠯᠬᠤ᠎ᠶ᠋ᠢ ᠠᠬᠢᠭᠤᠯᠵᠤ᠂ ᠬᠣᠶᠠᠷ ᠤᠯᠤᠰ ᠪᠣᠯᠤᠨ ᠬᠣᠶᠠᠷ ᠤᠯᠤᠰ ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠴᠦ᠍᠂ ᠭᠠᠵᠠᠷ ᠣᠷᠣᠨ ᠴᠢᠨᠠᠭ᠍ᠰᠢᠯᠠᠪᠠᠯ ᠳᠡᠯᠡᠬᠡᠢ ᠶ᠋ᠢᠨ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠰᠣᠯᠣᠩᠭᠣᠰ ᠬᠣᠶᠠᠷ ᠤᠯᠤᠰ ᠴᠥᠮ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮᠲᠤ ᠤᠯᠤᠰ ᠪᠣᠯᠤᠨ᠎ᠠ᠃ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ ᠨᠢ ᠬᠣᠶᠠᠷ ᠲᠠᠯ᠎ᠠ ᠶ᠋ᠢᠨ ᠬᠠᠮᠲᠤ᠎ᠶ᠋ᠢᠨ ᠬᠦᠰᠡᠯᠡᠩ ᠢᠲᠡᠭᠡᠯ ᠪᠢᠱᠢᠷᠡᠯ ᠪᠠ ᠲᠡᠮᠡᠴᠡᠬᠦ᠌ ᠬᠠᠷᠠᠯᠲᠠ᠎ᠳᠤ ᠦᠨᠳᠦᠰᠦᠯᠡᠵᠦ᠍᠂ ᠭᠦᠨ ᠵᠤᠵᠠᠭᠠᠨ ᠲᠡᠦᠬᠡ᠎ᠶ᠋ᠢᠨ ᠬᠤᠷᠠᠮᠳᠤᠯ᠎ᠲᠠᠶ᠂ ᠪᠠᠲᠤ ᠴᠢᠩᠭ᠎ᠠ ᠤᠯᠤᠰ ᠲᠦᠷᠦ᠍᠎ᠶ᠋ᠢᠨ ᠰᠠᠭᠤᠷᠢ᠎ᠲᠠᠶ᠂ ᠪᠠᠲᠤ ᠪᠡᠬᠢ ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ᠎ᠲᠠᠶ ᠪᠠᠢᠵᠤ᠂ ᠦᠶ᠎ᠡ᠎ᠶ᠋ᠢᠨ ᠦᠶ᠎ᠡ᠎ᠳᠡᠭᠡᠨ ᠨᠥᠬᠥᠷᠰᠡᠭ᠂ ᠬᠤᠪᠢ ᠵᠠᠶᠠᠭ᠎ᠠ ᠪᠠᠨ ᠬᠠᠮᠳᠤᠳᠬᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠢᠮᠠᠭ᠍ᠲᠠ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠢᠯᠡ ᠲᠣᠳᠣ ᠣᠨᠴᠠᠯᠢᠭ ᠪᠣᠯᠤᠨ᠎ᠠ᠃ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌ ᠳᠤᠮᠳᠠᠳᠤ ᠤᠯᠤᠰ ᠤᠨ ᠨᠠᠮ ᠪᠣᠯᠤᠨ ᠵᠠᠰᠠᠭ᠎ᠤᠨ ᠣᠷᠳᠣᠨ᠎ᠤ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠬᠤ ᠡᠷᠡᠰ ᠪᠠᠲᠤ ᠵᠣᠭ᠍ᠰᠣᠯᠲᠠ ᠬᠤᠪᠢᠷᠠᠬᠤ ᠦᠭᠡᠢ᠂ ᠶᠡᠷᠦᠩᠬᠡᠢ ᠱᠦᠵᠢ ᠵᠢᠨ ᠵᠧᠩ ᠧᠨ ᠨᠥᠬᠥᠷ᠎ᠤᠨ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ ᠢ ᠤᠳᠤᠷᠢᠳᠭᠤ ᠳᠤᠬᠠᠢ ᠡᠷᠡᠰ ᠪᠠᠲᠤ ᠳᠡᠮᠵᠢᠯᠭᠡ ᠬᠤᠪᠢᠷᠠᠬᠤ ᠦᠭᠡᠢ᠂ ᠳᠤᠮᠳᠠᠳᠤ ᠰᠣᠯᠣᠩᠭᠣᠰ ᠬᠣᠶᠠᠷ ᠲᠠᠯ᠎ᠠ᠎ᠶ᠋ᠢᠨ ᠬᠠᠮᠲᠤ᠎ᠶ᠋ᠢᠨ ᠠᠱᠢᠭ ᠲᠤᠰᠠ ᠪᠣᠯᠤᠨ ᠰᠠᠢ᠌ᠨ ᠰᠠᠢᠬᠠᠨ ᠪᠠᠢᠯᠳᠤᠬᠤ ᠪᠤᠳᠤᠯᠭ᠎ᠠ᠎ᠶ᠋ᠢᠨ ᠣᠷᠴᠢᠨ ᠨᠦᠬᠦᠴᠡᠯ᠎ᠢ ᠬᠠᠮᠠᠭᠠᠯᠠᠬᠤ ᠡᠷᠡᠰ ᠵᠣᠷᠢᠭ ᠬᠤᠪᠢᠷᠠᠬᠤ ᠦᠭᠡᠢ ᠶᠤᠮ ᠭᠡᠵᠦ ᠴᠢᠬᠤᠯᠠᠴᠢᠯᠠᠪᠠ᠃
ᠰᠢ ᠵᠢᠨ ᠫᠢᠩ᠂ ᠲᠦᠷᠭᠡᠨ ᠤᠯᠠᠷᠢᠵᠤ ᠪᠠᠢᠭ᠎ᠠ ᠳᠡᠯᠡᠬᠡᠢ᠎ᠶ᠋ᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠳᠠ᠎ᠶ᠋ᠢᠨ ᠡᠮᠦᠨ᠎ᠡ ᠬᠣᠶᠠᠷ ᠲᠠᠯ᠎ᠠ᠎ᠪᠠᠷ᠎ᠢᠶᠠᠨ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠤᠷᠢᠳᠤᠬᠢ ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍᠂ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭᠠᠨ ᠤ ᠬᠥᠭ᠌ᠵᠢᠯᠲᠡ᠎ᠶ᠋ᠢᠨ ᠶᠠᠪᠤᠴᠠ ᠡᠴᠡ ᠤᠶᠤᠨ ᠤᠬᠠᠭᠠᠨ ᠱᠢᠩᠭᠡᠭᠡᠨ ᠠᠪᠴᠤ᠌᠂ ᠬᠥᠮᠦᠨ ᠲᠥᠷᠥᠯᠬᠢᠲᠡᠨ ᠦ ᠲᠡᠦᠬᠡ᠎ᠶ᠋ᠢᠨ ᠬᠥᠭ᠌ᠵᠢᠯᠲᠡ᠎ᠶ᠋ᠢᠨ ᠶᠡᠬᠡ ᠬᠠᠨᠳᠤᠰᠢ ᠳᠤᠮᠳᠠ ᠡᠴᠡ ᠠᠵᠠ ᠲᠣᠬᠢᠶᠠᠯ᠎ᠢ ᠡᠵᠡᠮᠳᠡᠵᠦ᠍᠂ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠳᠦ ᠱᠢᠨ᠎ᠡ ᠴᠠᠭ ᠦᠶ᠎ᠡ᠎ᠶ᠋ᠢᠨ ᠠᠭᠤᠯᠤᠭ᠍ᠳᠠᠬᠤᠨ ᠪᠣᠯᠤᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ ᠪᠣᠯᠤᠨ ᠭᠠᠵᠠᠷ ᠣᠷᠣᠨ᠎ᠤ ᠡᠩᠬᠡ ᠲᠠᠢᠪᠤᠩ ᠬᠥᠭ᠌ᠵᠢᠯᠲᠡ᠎ᠶ᠋ᠢᠨ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠶ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢ ᠬᠥᠭ᠌ᠵᠢᠭᠦᠯᠬᠦ᠌ ᠲᠤᠬᠠᠢ 4 ᠰᠠᠨᠠᠯ ᠳᠤᠷᠠᠳᠪᠠ᠃
ᠨᠢᠭᠡᠳᠦᠭᠡᠷ᠎ᠲᠦ᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠷ ᠵᠢᠯᠤᠭᠤᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍ ᠶ᠋ᠢᠨ ᠢᠲᠡᠭᠡᠯᠴᠡᠭᠡ ᠶ᠋ᠢᠨ ᠰᠠᠭᠤᠷᠢ᠎ᠶ᠋ᠢ ᠪᠡᠬᠢᠵᠢᠭᠦᠯᠦᠶ᠎ᠡ᠃ ᠬᠠᠮᠤᠭ᠎ᠤᠨ ᠳᠡᠭᠡᠳᠦ ᠤᠳᠤᠷᠢᠳᠭᠤ ᠬᠥᠮᠦᠨ ᠦ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠮᠵᠢ ᠪᠣᠯ ᠳᠤᠮᠳᠠᠳᠤ ᠰᠣᠯᠣᠩᠭᠣᠰ᠎ᠤᠨ ᠬᠠᠷᠢᠯᠴᠠᠭᠠᠨ ᠤ ᠬᠠᠮᠤᠭ᠎ᠤᠨ ᠶᠡᠬᠡ ᠳᠠᠪᠠᠭᠤᠯᠢᠭ ᠪᠣᠯᠤᠨ᠎ᠠ᠃ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷᠯᠦᠭᠡ ᠪᠠᠢᠯᠳᠤᠬᠤ ᠪᠤᠳᠤᠯᠭ᠎ᠠ᠎ᠶ᠋ᠢᠨ ᠨᠢᠭ᠍ᠲᠠ ᠤᠯᠤᠯᠴᠠᠭ᠎ᠠ᠎ᠪᠠᠨ ᠪᠠᠲᠤᠯᠠᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠦᠨᠳᠤᠷᠴᠠ᠎ᠳᠤ ᠭᠠᠷᠬᠤ᠎ᠶ᠋ᠢ ᠬᠦᠳᠦᠯᠦᠨ ᠳᠠᠭᠠᠭᠤᠯᠤᠨ᠎ᠠ᠃ ᠡᠨᠡ ᠵᠢᠯ ᠪᠣᠯ 《ᠳᠤᠮᠳᠠᠳᠤ ᠰᠣᠯᠣᠩᠭᠣᠰ ᠤᠨ ᠨᠥᠬᠥᠷᠰᠡᠭ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭ᠍ᠲᠠᠭ᠍ᠰᠠᠨ 65 ᠵᠢᠯ᠎ᠦᠨ ᠤᠢ ᠪᠣᠯᠤᠨ᠎ᠠ᠂ ᠬᠣᠶᠠᠷ ᠲᠠᠯ᠎ᠠ᠎ᠪᠠᠷ᠎ᠢᠶᠠᠨ ᠳᠤᠷᠠᠰᠭᠠᠬᠤ ᠠᠵᠢᠯᠯᠠᠭ᠎ᠠ᠎ᠶ᠋ᠢ ᠦᠪᠡᠳᠡᠭ᠌ᠰᠢ ᠶᠡᠬᠡᠪᠡᠷ ᠡᠷᠬᠢᠯᠡᠶ᠎ᠡ᠃ ᠬᠣᠶᠠᠷ ᠨᠠᠮ᠎ᠤᠨ ᠬᠠᠷᠢᠯᠴᠠᠭ᠎ᠠ ᠨᠢ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠴᠢᠬᠤᠯᠠ ᠬᠦᠳᠦᠯᠥᠨ ᠳᠠᠭᠠᠭᠤᠯᠬᠤ ᠦᠢᠯᠡᠳᠦᠯ ᠦᠵᠡᠭᠦᠯᠳᠡᠭ᠃ ᠬᠣᠶᠠᠷ ᠨᠠᠮ ᠤᠨ ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ ᠤ ᠨᠥᠬᠥᠷᠰᠡᠭ ᠶᠠᠪᠤᠯᠴᠠᠭ᠎ᠠ ᠶ᠋ᠢ ᠤᠯᠠᠮ ᠨᠢᠭᠡ ᠠᠯᠬᠤᠮ ᠥᠷᠭᠡᠳᠭᠡᠨ ᠬᠥᠭ᠌ᠵᠢᠭᠡᠵᠦ᠍᠂ ᠨᠠᠮ ᠢ ᠵᠠᠰᠠᠬᠤ ᠲᠦᠷᠦ᠍ ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ ᠬᠠᠷᠢᠯᠴᠠᠨ ᠲᠤᠯᠢ ᠪᠤᠯᠭᠠᠬᠤ ᠪᠠᠨ ᠭᠦᠨᠵᠡᠭᠡᠢᠷᠡᠭᠦᠯᠦᠶ᠎ᠡ᠃ ᠬᠣᠶᠠᠷ ᠲᠠᠯ᠎ᠠ᠎ᠪᠠᠷ᠎ᠢᠶᠠᠨ ᠭᠠᠳᠠᠭᠠᠳᠤ ᠬᠠᠷᠢᠯᠴᠠᠭ᠎ᠠ᠂ ᠬᠠᠤᠯᠢ ᠬᠡᠷᠡᠭ᠌ᠵᠢᠭᠦᠯᠬᠦ᠌᠂ ᠴᠡᠷᠢᠭ ᠠᠩᠬᠢ ᠵᠡᠷᠭᠡ᠎ᠶ᠋ᠢᠨ ᠰᠣᠯᠢᠯᠴᠠᠭ᠎ᠠ᠎ᠪᠠᠨ ᠴᠢᠩᠭᠠᠳᠭᠠᠵᠤ᠂ ᠪᠢ ᠪᠤᠯᠤᠨ ᠶᠡᠷᠦᠩᠬᠡᠢ ᠱᠦᠵᠢ ᠨᠥᠬᠥᠷᠯᠦᠭᠡ ᠳᠤᠬᠢᠷᠠᠯᠴᠠᠬ᠍ᠰᠠᠨ ᠴᠢᠬᠤᠯᠠ ᠬᠠᠮᠲᠤ ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭᠠᠨ ᠤ ᠬᠥᠭ᠌ᠵᠢᠯᠲᠡ᠎ᠳᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠶ᠎ᠠ᠃

ᠲᠤᠬᠠᠢ᠎ᠶ᠋ᠢᠨ ᠭᠠᠵᠠᠷ᠎ᠤᠨ ᠴᠠᠭ ᠢᠶᠠᠷ 6 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭ᠌ᠴᠢ ᠰᠢ ᠵᠢᠨ ᠫᠢᠩ ᠫᠢᠶᠸᠩᠶᠠᠩ᠎ᠤᠨ ᠵᠢᠨ ᠱᠢᠤ ᠱᠠᠨ ᠵᠣᠴᠢᠳ᠎ᠤᠨ ᠪᠠᠭᠤᠳᠠᠯ᠎ᠳᠤ ᠰᠣᠯᠣᠩᠭᠣᠰ ᠤᠨ ᠬᠥᠳᠡᠯᠮᠦᠷᠢᠴᠢᠨ᠎ᠦ ᠨᠠᠮ ᠤᠨ ᠶᠡᠷᠦᠩᠬᠡᠢ ᠱᠦᠵᠢ ᠂ ᠲᠦᠷᠦ᠍ ᠶ᠋ᠢᠨ ᠶᠠᠪᠤᠳᠠᠯ᠎ᠤᠨ ᠬᠤᠷᠢᠶ᠎ᠠ᠎ᠶᠢᠨ ᠳᠠᠷᠤᠭ᠎ᠠ᠎ᠶ᠋ᠢᠨ ᠵᠧᠩ ᠧᠨᠲᠡᠶ ᠬᠡᠯᠡᠯᠴᠡᠭᠡ ᠬᠢᠪᠡ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠬᠣᠶᠠᠳᠤᠭᠠᠷ᠎ᠲᠤ᠂ ᠠᠷᠠᠳ ᠲᠦᠮᠡᠨ ᠳᠦ ᠪᠤᠶᠠᠨ ᠦᠢᠯᠡᠳᠬᠦ᠌ ᠪᠡᠷ ᠬᠠᠷᠠᠯᠲᠠ ᠪᠣᠯᠭᠠᠬᠤ᠎ᠶ᠋ᠢ ᠪᠠᠷᠢᠮᠲᠠᠯᠠᠵᠤ᠂ ᠪᠣᠳᠠᠲᠠᠢ ᠶ᠋ᠢ ᠡᠷᠬᠢᠮᠯᠡᠭ᠌ᠰᠡᠨ ᠬᠠᠮᠲᠤᠷᠠᠯᠴᠠᠭᠠᠨ ᠤ ᠲᠦᠪᠱᠢᠨ᠎ᠢ ᠳᠡᠭᠡᠭ᠌ᠰᠢᠯᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠰᠣᠯᠣᠩᠭᠣᠰ᠎ᠤᠨ ᠬᠢᠨ᠎ᠲᠡᠶ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠪᠠᠷᠢᠯᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠬᠣᠶᠠᠷ ᠤᠯᠤᠰ ᠤᠨ ᠠᠷᠠᠳ ᠲᠦᠮᠡᠨ ᠳᠦ ᠨᠡᠩ ᠰᠠᠢᠳᠤᠷ ᠪᠤᠶᠠᠨ ᠦᠢᠯᠡᠳᠦᠨ᠎ᠡ᠃ ᠬᠣᠶᠠᠷ ᠲᠠᠯ᠎ᠠ ᠪᠠᠷ ᠢᠶᠠᠨ ᠬᠢᠯᠢ᠎ᠶ᠋ᠢᠨ ᠪᠣᠭᠣᠮᠲᠠ᠎ᠶ᠋ᠢ ᠪᠦᠬᠦ᠌ ᠲᠠᠯ᠎ᠠ᠎ᠪᠠᠷ ᠨᠡᠪᠲᠡᠷᠡᠭᠦᠯᠵᠦ᠍᠂ ᠠᠷᠠᠳ᠎ᠤᠨ ᠠᠭᠠᠷ ᠤᠨ ᠲᠡᠭᠡᠭᠡᠪᠦᠷᠢ᠎ᠶ᠋ᠢᠨ ᠡᠭᠡᠯᠵᠢ᠎ᠶᠢᠨ ᠨᠢᠰᠭᠡᠯ ᠪᠣᠯᠤᠨ ᠤᠯᠠᠨ ᠤᠯᠤᠰ᠎ᠤᠨ ᠠᠶᠠᠨᠴᠢᠳ᠎ᠤᠨ ᠭᠠᠯᠲᠤ ᠲᠡᠷᠭᠡ᠎ᠶ᠋ᠢ ᠰᠡᠷᠭᠦᠭᠡᠨ ᠠᠵᠢᠯᠯᠠᠭᠤᠯᠬᠤ᠎ᠪᠠᠷ ᠠᠵᠠ ᠲᠣᠬᠢᠶᠠᠯ ᠪᠣᠯᠭᠠᠵᠤ᠂ ᠬᠥᠮᠦᠰ᠎ᠦᠨ ᠶᠠᠪᠤᠯᠴᠠᠭ᠎ᠠ᠎ᠶ᠋ᠢ ᠥᠷᠭᠡᠳᠭᠡᠵᠦ᠍᠂ ᠦᠭᠡᠳᠡ ᠦᠭᠡᠳᠡ ᠡᠴᠡ ᠪᠠᠨ ᠳᠡᠮᠡᠦᠯᠬᠦ ᠶ᠋ᠢ ᠪᠡᠶᠡᠯᠡᠭᠦᠯᠦᠶ᠎ᠡ᠃
ᠭᠤᠷᠪᠠᠳᠤᠭᠠᠷ᠎ᠲᠤ᠂ ᠨᠥᠬᠥᠷᠯᠡᠯ ᠦᠨ ᠤᠯᠠᠮᠵᠢᠯᠠᠯ᠎ᠢᠶᠠᠷ ᠬᠥᠳᠡᠯᠭᠡᠬᠦ᠌ ᠬᠦᠴᠦᠨ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠤᠨ ᠰᠡᠳᠭᠢᠯ ᠢ ᠨᠡᠪᠲᠡᠷᠡᠭᠦᠯᠬᠦ᠌ ᠬᠣᠯᠪᠣᠭᠠᠰᠤ᠎ᠶ᠋ᠢ ᠴᠢᠩᠭᠠᠷᠠᠭᠤᠯᠤᠶ᠎ᠠ᠃ ᠳᠤᠮᠳᠠᠳᠤ ᠰᠣᠯᠣᠩᠭᠣᠰ ᠤᠨ ᠠᠷᠢᠭᠤᠨ ᠴᠢᠰᠤ᠎ᠪᠠᠷ ᠪᠠᠷᠢᠯᠳᠤᠭ᠍ᠰᠠᠨ ᠤᠯᠠᠮᠵᠢᠯᠠᠯᠲᠤ ᠨᠥᠬᠥᠷᠯᠡᠯ ᠪᠣᠯ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠡᠷᠬᠢᠮ ᠨᠠᠨᠳᠢᠨ ᠥᠪ ᠬᠦᠷᠦᠩᠭᠡ ᠮᠥᠨ᠃ ᠳᠤᠮᠳᠠᠳᠤ ᠤᠯᠤᠰ ᠳᠤᠷᠠᠲᠠᠶ᠎ᠠ ᠰᠣᠯᠣᠩᠭᠣᠰ᠎ᠲᠠᠶ ᠬᠠᠮᠲᠤ᠎ᠪᠠᠷ ᠰᠣᠯᠣᠩᠭᠣᠰ᠎ᠲᠤ ᠪᠠᠢᠭ᠎ᠠ ᠰᠠᠢᠨ ᠳᠤᠷ᠎ᠠ᠎ᠶ᠋ᠢᠨ ᠴᠡᠷᠢᠭ᠎ᠦᠨ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠭᠠᠬᠤ ᠲᠥᠬᠥᠭᠡᠷᠦᠮᠵᠢ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠬᠠᠮᠢᠶᠠᠷᠴᠤ᠌᠂ ᠥᠪᠡᠷᠮᠢᠴᠡ ᠣᠨᠴᠠᠯᠢᠭ᠎ᠲᠠᠶ ᠬᠤᠪᠢᠰᠭᠠᠯ᠎ᠤᠨ ᠤᠯᠠᠮᠵᠢᠯᠠᠯ᠎ᠤᠨ ᠬᠥᠮᠦᠵᠢᠯ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭᠠᠨ᠎ᠤ ᠬᠥᠮᠦᠵᠢᠯ᠎ᠢ ᠥᠷᠨᠢᠭᠦᠯᠵᠦ᠍᠂ ᠬᠣᠶᠠᠷ ᠤᠯᠤᠰ᠎ᠤᠨ ᠬᠤᠪᠢᠰᠭᠠᠯᠲᠤ ᠤᠳᠤᠮᠱᠢᠯ ᠪᠣᠯᠤᠨ ᠤᠯᠠᠮᠵᠢᠯᠠᠯᠲᠤ ᠨᠥᠬᠥᠷᠯᠡᠯ᠎ᠢ ᠰᠠᠢᠲᠤᠷ ᠤᠯᠠᠮᠵᠢᠯᠠᠨ᠎ᠠ᠃ ᠳᠤᠮᠳᠠᠳᠤ ᠤᠯᠤᠰ ᠳᠤᠷᠠᠲᠠᠶ᠎ᠠ ᠰᠣᠯᠣᠩᠭᠣᠰ᠎ᠤᠨ ᠬᠢᠨ᠎ᠲᠡᠶ ᠲᠤᠰ ᠲᠤᠰ᠎ᠤᠨ ᠳᠠᠪᠠᠭᠤᠯᠢᠭ ᠡᠬᠢ ᠪᠠᠶᠠᠯᠢᠭ᠎ᠢᠶᠠᠨ ᠰᠠᠢᠲᠤᠷ ᠠᠱᠢᠭ᠍ᠯᠠᠵᠤ᠂ ᠰᠤᠷᠭᠠᠨ ᠬᠥᠮᠦᠵᠢᠯ᠂ ᠤᠳᠭ᠎ᠠ ᠤᠷᠠᠯᠢᠭ᠂ ᠵᠢᠭᠤᠯᠴᠢᠯᠠᠯ᠂ ᠪᠡᠶ᠎ᠡ᠎ᠶ᠋ᠢᠨ ᠲᠠᠮᠢᠷ᠂ ᠵᠠᠭᠤᠴᠢᠯᠠᠭᠤᠷ᠂ ᠵᠠᠯᠠᠭᠤᠴᠤᠳ᠂ ᠣᠷᠣᠨ ᠨᠤᠲᠤᠭ᠂ ᠨᠥᠬᠥᠷᠰᠡᠭ ᠬᠤᠳᠠ ᠵᠡᠷᠭᠡ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠬᠥᠮᠦᠰ᠎ᠦᠨ ᠰᠡᠳᠭᠢᠯ᠎ᠳᠦ ᠨᠡᠩ ᠬᠠᠳᠠᠩᠱᠢᠭᠤᠯᠤᠨ᠎ᠠ᠃

ᠲᠤᠬᠠᠢ᠎ᠶ᠋ᠢᠨ ᠭᠠᠵᠠᠷ᠎ᠤᠨ ᠴᠠᠭ ᠢᠶᠠᠷ 6 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭ᠌ᠴᠢ ᠰᠢ ᠵᠢᠨ ᠫᠢᠩ ᠫᠢᠶᠸᠩᠶᠠᠩ᠎ᠤᠨ ᠵᠢᠨ ᠱᠢᠤ ᠱᠠᠨ ᠵᠣᠴᠢᠳ ᠤᠨ ᠪᠠᠭᠤᠳᠠᠯ᠎ᠳᠤ ᠰᠣᠯᠣᠩᠭᠣᠰ᠎ᠤᠨ ᠬᠥᠳᠡᠯᠮᠦᠷᠢᠴᠢᠨ ᠦ ᠨᠠᠮ ᠤᠨ ᠶᠡᠷᠦᠩᠬᠡᠢ ᠱᠦᠵᠢ ᠂ ᠲᠦᠷᠦ᠍᠎ᠶ᠋ᠢᠨ ᠶᠠᠪᠤᠳᠠᠯ ᠤᠨ ᠬᠤᠷᠢᠶ᠎ᠠ᠎ᠶᠢᠨ ᠳᠠᠷᠤᠭ᠎ᠠ᠎ᠶ᠋ᠢᠨ ᠵᠧᠩ ᠧᠨᠲᠡᠶ ᠬᠡᠯᠡᠯᠴᠡᠭᠡ ᠬᠢᠪᠡ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠯᠢ ᠰᠢᠶᠠᠩ ᠰᠡᠭᠦᠳᠡᠷᠯᠡᠪᠡ
ᠳᠥᠷᠪᠡᠳᠦᠭᠡᠷ᠎ᠲᠦ᠂ ᠲᠥᠪ ᠭᠣᠣᠯᠴᠢ ᠰᠢᠳᠤᠷᠭᠤ ᠶᠣᠰᠣ᠌᠎ᠪᠠᠷ ᠣᠢᠯᠠᠭᠠᠭᠳᠠᠬᠤᠨ ᠪᠤᠯᠭᠠᠬᠤ᠎ᠶᠢ ᠪᠠᠷᠢᠮᠲᠠᠯᠠᠵᠤ᠂ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠠᠭᠤᠯᠤᠭᠳᠠᠬᠤᠨ᠎ᠢ ᠪᠠᠶᠠᠯᠢᠭ᠍ᠵᠢᠭᠤᠯᠤᠨ᠎ᠠ᠃ ᠬᠥᠮᠥᠨ ᠲᠥᠷᠥᠯᠬᠢᠲᠡᠨ ᠶᠠᠮᠠᠷ ᠴᠢᠭᠯᠡᠯ ᠲᠡᠢᠰᠢ ᠬᠦᠭᠵᠢᠬᠦ ᠡᠨᠡᠬᠦ ᠴᠢᠬᠤᠯᠠ ᠶᠡᠬᠡ ᠰᠡᠳᠦᠪ᠎ᠦᠨ ᠡᠮᠦᠨ᠎ᠡ ᠪᠢ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠣᠢᠯᠠᠭᠠᠭᠳᠠᠬᠤᠨ ᠪᠣᠯᠣᠨ ᠪᠦᠭᠦ ᠪᠥᠮᠪᠥᠷᠴᠡᠭ᠎ᠦᠨ ᠳᠦᠷᠪᠡᠨ ᠶᠡᠬᠡ ᠰᠠᠨᠠᠭᠠᠴᠢᠯᠠᠭ᠎ᠠ᠎ᠶᠢ ᠳᠤᠷᠠᠳᠴᠤ᠂ ᠪᠦᠭᠦ ᠪᠥᠮᠪᠥᠷᠴᠡᠭ᠎ᠦᠨ ᠵᠠᠰᠠᠯᠲᠠ᠎ᠶᠢ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ᠎ᠢᠶᠡᠷ ᠬᠥᠭᠵᠢᠭᠦᠯᠬᠦ ᠵᠢ ᠬᠦᠰᠡᠵᠦ᠂ ᠰᠣᠯᠣᠩᠭᠣᠰ᠎ᠢ ᠪᠠᠭᠲᠠᠭᠠᠭᠰᠠᠨ ᠳᠡᠯᠡᠬᠡᠢ ᠨᠡᠢᠭᠡᠮ᠎ᠦᠨ ᠥᠷᠭᠡᠨ ᠳᠡᠯᠭᠡᠷ ᠳᠡᠮᠵᠢᠯᠭᠡ ᠪᠣᠯᠣᠨ ᠢᠳᠡᠪᠬᠢᠲᠡᠢ ᠴᠤᠤᠷᠢᠶᠠᠲᠤᠯ᠎ᠢ ᠤᠯᠵᠠᠢ᠃ ᠠᠽᠢᠶ᠎ᠠ ᠲᠢᠪ ᠪᠣᠯ ᠳᠤᠮᠳᠠᠳᠤ ᠰᠣᠯᠣᠩᠭᠣᠰ ᠵᠡᠷᠭᠡ ᠭᠠᠵᠠᠷ ᠣᠷᠣᠨ᠎ᠤ ᠤᠯᠤᠰ᠎ᠤᠳ᠎ᠤᠨ ᠣᠷᠣᠰᠢᠨ ᠲᠣᠭᠲᠠᠨᠢᠬᠤ ᠭᠠᠵᠠᠷ ᠪᠣᠯᠣᠨ᠎ᠠ᠃ ᠳᠤᠮᠳᠠᠳᠤ ᠰᠣᠯᠣᠩᠭᠣᠰ ᠬᠣᠶᠠᠷ ᠤᠯᠤᠰ ᠪᠠᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠥᠪᠡᠷ ᠥᠪᠡᠷ ᠦᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠪᠠᠨ ᠡᠷᠡᠰ ᠬᠠᠮᠠᠭᠠᠯᠠᠵᠤ᠂ ᠭᠠᠵᠠᠷ ᠣᠷᠣᠨ᠎ᠤ ᠡᠩᠬᠡ ᠲᠠᠢᠪᠤᠩ ᠪᠠ ᠬᠥᠭᠵᠢᠯᠲᠡ᠎ᠶᠢ ᠬᠠᠮᠲᠤ ᠪᠠᠷ ᠬᠠᠮᠠᠭᠠᠯᠠᠪᠠᠯ ᠵᠣᠬᠢᠨ᠎ᠠ᠃
ᠵᠢᠨ ᠵᠧᠩ ᠧᠨ᠂ ᠶᠡᠷᠦᠩᠬᠡᠢ ᠱᠦᠵᠢ ᠰᠢ᠎ᠶᠢᠨ ᠫᠢᠩ ᠨᠥᠬᠥᠷ 7 ᠵᠢᠯ᠎ᠦᠨ ᠳᠠᠷᠠᠭ᠎ᠠ ᠳᠠᠬᠢᠨᠲᠠ ᠰᠣᠯᠣᠩᠭᠣᠰ᠎ᠲᠤ ᠠᠢᠯᠴᠢᠯᠠᠵᠤ᠂ ᠰᠣᠯᠣᠩᠭᠣᠰ᠎ᠤᠨ ᠠᠷᠠᠳ ᠲᠦᠮᠡᠨ᠎ᠦ ᠬᠠᠮᠤᠭ᠎ᠤᠨ ᠬᠦᠨᠳᠦᠳᠬᠡᠯ ᠲᠠᠢ ᠬᠦᠨᠳᠦᠲᠦ ᠵᠣᠴᠢᠨ ᠪᠣᠯᠣᠨ᠎ᠠ᠂ ᠪᠢᠳᠡ ᠬᠠᠮᠤᠭ᠎ᠤᠨ ᠦᠪᠡᠳᠡᠭᠰᠢ ᠶᠡᠬᠡ᠂ ᠬᠠᠮᠤᠭ᠎ᠤᠨ ᠬᠠᠯᠠᠭᠤᠨ᠎ᠢᠶᠠᠷ ᠤᠭᠲᠤᠵᠤ ᠪᠠᠢᠬᠤ᠎ᠪᠠᠨ ᠢᠯᠡᠳᠬᠡᠶ᠎ᠡ᠃ ᠶᠡᠷᠦᠩᠬᠡᠢ ᠱᠦᠵᠢ ᠰᠢ᠎ᠶᠢᠨ ᠫᠢᠩ ᠡᠨᠡ ᠵᠢᠯ᠎ᠦᠨ ᠠᠩᠬᠠᠳᠠᠭ᠍ᠴᠢ ᠠᠶ᠋ᠢᠯᠴᠢᠯᠠᠯᠲᠠ᠎ᠳᠠᠭᠠᠨ ᠫᠢᠶᠧᠩᠶᠠᠩᠳᠤ ᠬᠦᠷᠴᠦ ᠢᠷᠡᠭᠰᠡᠨ ᠨᠢ ᠰᠣᠯᠣᠩᠭᠣᠰ ᠳᠤᠮᠳᠠᠳᠤ ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠪᠠᠢᠬᠤ ᠪᠠ ᠨᠥᠭᠦᠷᠰᠡᠭ ᠪᠠᠢᠬᠤ ᠰᠡᠳᠬᠢᠯᠭᠡ᠎ᠶᠢ ᠢᠯᠡᠷᠡᠭᠦᠯᠵᠦ᠂ ᠰᠣᠯᠣᠩᠭᠣᠰ᠎ᠤᠨ ᠲᠠᠯ᠎ᠠ᠎ᠳᠤ ᠲᠤᠢᠯ᠎ᠤᠨ ᠶᠡᠬᠡ ᠵᠣᠷᠢᠭ᠍ᠵᠢᠭᠤᠯᠤᠯ ᠪᠣᠯᠤᠭᠰᠠᠨ ᠪᠠᠢᠨ᠎ᠠ᠃ ᠡᠨᠡ ᠤᠳᠠᠭ᠎ᠠ᠎ᠶᠢᠨ ᠠᠶ᠋ᠢᠯᠴᠢᠯᠠᠯᠲᠠ ᠨᠢ ᠤᠷᠳᠤ ᠬᠤᠭᠤᠴᠠᠭᠠᠨ᠎ᠤ ᠰᠢᠯᠭᠠᠯᠲᠠ᠎ᠶᠢ ᠥᠩᠭᠡᠷᠡᠭᠡᠭᠰᠡᠨ᠂ ᠢᠮᠠᠭᠲᠠ ᠡᠵᠡᠨ ᠮᠡᠳᠡᠬᠦ ᠪᠠ ᠰᠢᠳᠤᠷᠭᠤ ᠶᠣᠰᠣᠨ᠎ᠤ ᠲᠡᠦᠬᠡ᠎ᠶᠢᠨ ᠵᠥᠪ ᠲᠠᠯ᠎ᠠ᠎ᠳᠤ ᠵᠣᠭᠰᠣᠭᠰᠠᠨ ᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ ᠬᠡᠴᠢᠨᠡᠨ ᠪᠠᠲᠤ ᠪᠡᠬᠢ ᠪᠠᠢᠭ᠎ᠠ᠎ᠶᠢ ᠳᠠᠬᠢᠨᠲᠠ ᠲᠣᠳᠣᠷᠬᠠᠢ ᠬᠠᠷᠠᠭᠤᠯᠵᠠᠢ᠃ ᠰᠣᠯᠣᠩᠭᠣᠰ ᠳᠤᠮᠳᠠᠳᠤ ᠬᠣᠶᠠᠷ ᠤᠯᠤᠰ᠎ᠤᠨ ᠣᠨᠴᠠᠭᠠᠢ ᠴᠢᠨᠠᠷ ᠨᠢ ᠪᠢᠳᠡ ᠬᠠᠷᠢᠯᠴᠠᠨ ᠬᠥᠷᠰᠢ ᠤᠯᠤᠰ ᠪᠣᠯᠤᠭᠰᠠᠨ᠎ᠳᠤ ᠪᠠᠢᠬᠤ᠎ᠪᠠᠷ ᠪᠠᠷᠠᠬᠤ ᠦᠭᠡᠢ ᠨᠡᠩ ᠴᠤ᠌ ᠬᠣᠶᠠᠷ ᠲᠠᠯ᠎ᠠ᠎ᠪᠠᠷ᠎ᠢᠶᠠᠨ ᠭᠦᠨ ᠵᠤᠵᠠᠭᠠᠨ ᠤᠯᠠᠮᠵᠢᠯᠠᠯᠲᠤ ᠨᠥᠬᠥᠷᠯᠡᠯ ᠪᠠ ᠬᠠᠮᠲᠤ᠎ᠶᠢᠨ ᠬᠦᠰᠡᠯᠡᠩ ᠢᠲᠡᠭᠡᠯ ᠪᠢᠰᠢᠷᠡᠯ᠎ᠲᠠᠢ ᠪᠠᠢᠬᠤ᠎ᠶᠢᠨ ᠬᠠᠮᠲᠤ ᠡᠭᠦᠨ᠎ᠢ ᠪᠡᠨ ᠬᠠᠷᠢᠯᠴᠠᠨ ᠨᠠᠨᠳᠢᠩᠨᠠᠨ ᠦᠵᠡᠵᠦ ᠦᠶ᠎ᠡ᠎ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠭᠰᠠᠨ᠎ᠳᠤ ᠪᠠᠢᠨ᠎ᠠ ᠭᠡᠵᠦ ᠢᠯᠡᠳᠬᠡᠪᠡ᠃
ᠵᠢᠨ ᠵᠧᠩ ᠧᠨ᠂ ᠨᠢᠳᠤᠨᠤᠨ᠎ᠤ 9 ᠰᠠᠷ᠎ᠠ᠎ᠳᠤ ᠪᠢ ᠶᠡᠷᠦᠩᠬᠡᠢ ᠱᠦᠵᠢ ᠰᠢ᠎ᠶᠢᠨ ᠫᠢᠩ ᠲᠠᠢ ᠪᠡᠭᠡᠵᠢᠩ᠎ᠳᠦ ᠠᠭᠤᠯᠵᠠᠭᠰᠠᠨ ᠤ ᠳᠠᠷᠠᠭ᠎ᠠ ᠬᠣᠶᠠᠷ ᠤᠯᠤᠰ᠎ᠤᠨ ᠬᠠᠷᠢᠯᠴᠠᠭ᠎ᠠ ᠡᠯ᠎ᠡ ᠬᠦᠷᠢᠶᠡᠨ᠎ᠳᠦ ᠢᠳᠡᠪᠬᠢᠲᠡᠢ ᠬᠥᠭᠵᠢᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠪᠠ᠃ ᠶᠡᠷᠦᠩᠬᠡᠢ ᠱᠦᠵᠢ ᠰᠢ᠎ᠶᠢᠨ ᠫᠢᠩ ᠨᠥᠬᠥᠷ᠎ᠦᠨ ᠰᠢᠨ᠎ᠡ ᠴᠠᠭ ᠦᠶ᠎ᠡ᠎ᠶᠢᠨ ᠰᠣᠯᠣᠩᠭᠣᠰ ᠳᠤᠮᠳᠠᠳᠤ᠎ᠶᠢᠨ ᠬᠠᠷᠢᠯᠴᠠᠭᠠᠨ᠎ᠤ ᠬᠥᠭᠵᠢᠯᠲᠡ᠎ᠶᠢᠨ ᠲᠤᠬᠠᠢ ᠳᠤᠷᠠᠳᠤᠭᠰᠠᠨ ᠴᠢᠬᠤᠯᠠ ᠰᠠᠨᠠᠯ ᠳᠤ ᠴᠢᠩ ᠰᠡᠳᠬᠢᠯ᠎ᠡᠴᠡ᠎ᠪᠡᠨ ᠲᠠᠯᠠᠷᠬᠠᠵᠤ ᠪᠠᠢᠨ᠎ᠠ᠂ ᠰᠣᠯᠣᠩᠭᠣᠰ᠎ᠤᠨ ᠡᠯ᠎ᠡ ᠰᠠᠯᠠᠭ᠎ᠠ ᠮᠥᠴᠢᠷ᠎ᠦᠨ ᠭᠢᠨ ᠳᠤᠮᠳᠠᠳᠤ ᠤᠯᠤᠰ᠎ᠤᠨ ᠨᠥᠬᠥᠳ᠎ᠲᠠᠢ ᠬᠠᠮᠲᠤ ᠪᠦᠭᠦ ᠬᠦᠴᠦᠨ᠎ᠢᠶᠡᠷ᠎ᠢᠶᠡᠨ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠢᠷᠭᠡᠨᠰᠢᠯ ᠵᠡᠷᠭᠡ ᠥᠷᠭᠡᠨ ᠳᠡᠯᠭᠡᠷ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠳᠤ ᠰᠢᠨ᠎ᠡ ᠬᠥᠭᠵᠢᠯᠲᠡ᠎ᠲᠠᠢ ᠪᠤᠯᠬᠤ᠎ᠶᠢ ᠠᠬᠢᠭᠤᠯᠵᠤ᠂ ᠨᠠᠮ᠎ᠤᠨ ᠬᠣᠭᠣᠷᠣᠨᠳᠣᠭᠢ ᠠᠷᠭ᠎ᠠ ᠵᠠᠮ᠎ᠢᠶᠠᠷ ᠳᠠᠮᠵᠢᠨ ᠲᠤᠷᠰᠢᠯᠭ᠎ᠠ᠎ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ᠎ᠶᠢ ᠴᠢᠩᠭᠠᠳᠬᠠᠨ ᠰᠣᠯᠣᠩᠭᠣᠰ᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠬᠥᠭᠵᠢᠯᠲᠡ᠎ᠳᠦ ᠡᠷᠬᠢᠮ ᠨᠠᠨᠳᠢᠨ ᠲᠤᠰᠠᠯᠠᠮᠵᠢ ᠬᠠᠩᠭᠠᠵᠤ᠂ ᠰᠣᠯᠣᠩᠭᠣᠰ᠎ᠤᠨ ᠠᠷᠠᠳ ᠲᠦᠮᠡᠨ᠎ᠢ ᠬᠠᠪᠰᠤᠷᠤᠨ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠬᠠᠮᠲᠤ ᠪᠠᠷ ᠣᠳᠣᠬᠢᠴᠢᠯᠠᠯᠲᠠ᠎ᠶᠢᠨ ᠵᠠᠮᠲᠡᠢᠰᠢ ᠤᠷᠤᠭᠰᠢᠯᠠᠭᠤᠯᠤᠨ᠎ᠠ ᠭᠡᠵᠦ ᠢᠯᠡᠳᠬᠡᠪᠡ᠃
ᠵᠢᠨ ᠵᠧᠩ ᠧᠨ᠂ ᠰᠣᠯᠣᠩᠭᠣᠰ ᠤᠨ ᠭᠢᠨ ᠶᠡᠷᠦᠩᠬᠡᠢ ᠱᠦᠵᠢ ᠰᠢ᠎ᠶᠢᠨ ᠫᠢᠩ ᠨᠥᠬᠥᠷ᠎ᠦᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠳᠡᠯᠡᠬᠡᠢ ᠳ᠋ᠠᠬᠢᠨ᠎ᠢ ᠭᠠᠢᠬᠠᠰᠢ ᠠᠯᠳᠠᠭᠤᠯᠤᠮ᠎ᠠ ᠬᠥᠭᠵᠢᠯᠲᠡ᠎ᠶᠢᠨ ᠠᠮᠵᠢᠯᠲᠠ ᠣᠯᠵᠤ᠂ ᠳᠡᠯᠡᠬᠡᠢ᠎ᠳᠠᠬᠢ ᠪᠠᠢᠷᠢ ᠰᠠᠭᠤᠷᠢ ᠲᠤᠢᠯ᠎ᠤᠨ ᠶᠡᠬᠡᠪᠡᠷ ᠳᠡᠭᠡᠭᠰᠢᠯᠡᠭᠰᠡᠨ ᠢ ᠪᠠᠶᠠᠷ ᠲᠠᠢ᠎ᠪᠠᠷ ᠣᠯᠵᠤ ᠬᠠᠷᠠᠯ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠳᠤᠷᠠᠳᠤᠭᠰᠠᠨ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ ᠪᠣᠯᠣᠨ ᠪᠦᠭᠦ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ ᠨᠢ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠶᠢ ᠠᠬᠢᠭᠤᠯᠬᠤ᠎ᠳᠤ ᠠᠯᠤᠰ ᠭᠡᠳᠤ᠎ᠶᠢᠨ ᠠᠴᠢ ᠬᠣᠯᠪᠣᠭᠳᠠᠯ᠎ᠲᠠᠢ ᠪᠠᠢᠵᠤ᠂ ᠳᠡᠯᠡᠬᠡᠢ᠎ᠶᠢᠨ ᠠᠷᠠᠳ ᠲᠦᠮᠡᠨ᠎ᠦ ᠳᠡᠮᠵᠢᠯᠭᠡ ᠪᠣᠯᠣᠨ ᠮᠠᠭᠲᠠᠭᠠᠯ ᠰᠠᠢᠰᠢᠶᠠᠯ᠎ᠢ ᠣᠯᠵᠠᠢ᠃ ᠣᠢᠷ᠎ᠠ᠎ᠶᠢᠨ ᠵᠢᠯ᠎ᠦᠳ᠎ᠲᠦ ᠳᠡᠯᠡᠬᠡᠢ ᠨᠡᠢᠭᠡᠮ᠎ᠳᠦ ᠤᠷᠢᠳᠤ ᠡᠮᠦᠨ᠎ᠡ ᠪᠠᠢᠭ᠎ᠠ ᠦᠭᠡᠢ ᠯᠤᠲᠤ ᠶᠡᠬᠡ ᠬᠤᠪᠢᠷᠠᠯᠲᠠ ᠭᠠᠷᠴᠤ ᠪᠠᠢᠨ᠎ᠠ᠂ ᠰᠣᠯᠣᠩᠭᠣᠰ᠎ᠤᠨ ᠭᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠢᠮᠠᠭᠲᠠ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠭᠣᠣᠯᠯᠠᠭ᠍ᠴᠢ ᠠᠰᠢᠭ᠋ ᠲᠤᠰᠠ᠎ᠪᠠᠨ ᠬᠠᠮᠠᠭᠠᠯᠠᠬᠤ ᠲᠦᠷᠦ᠎ᠶᠢᠨ ᠪᠣᠳᠣᠯᠭ᠎ᠠ ᠪᠣᠯᠣᠨ ᠵᠣᠭᠰᠣᠯᠲᠠ᠎ᠶᠢ ᠡᠷᠡᠰ ᠲᠡᠮᠵᠢᠨ᠎ᠠ᠃ ᠰᠢᠨ᠎ᠡ ᠴᠠᠭ ᠦᠶ᠎ᠡ᠎ᠶᠢᠨ ᠰᠣᠯᠣᠩᠭᠣᠰ ᠳᠤᠮᠳᠠᠳᠤ᠎ᠶᠢᠨ ᠨᠥᠬᠥᠷᠯᠡᠯ᠎ᠢ ᠪᠡᠬᠢᠵᠢᠭᠦᠯᠦᠨ ᠬᠥᠭᠵᠢᠭᠦᠯᠬᠦ ᠪᠣᠯ ᠠᠷᠠᠳ ᠲᠦᠮᠡᠨ᠎ᠦ ᠰᠣᠩᠭᠣᠯᠲᠠ᠂ ᠴᠠᠭ ᠦᠶ᠎ᠡ᠎ᠶᠢᠨ ᠬᠡᠷᠡᠭᠴᠡᠭᠡ ᠮᠥᠨ᠂ ᠰᠣᠯᠣᠩᠭᠣᠰ᠎ᠤᠨ ᠢᠮᠠᠭᠲᠠ ᠬᠤᠪᠢᠷᠠᠰᠢ ᠦᠭᠡᠢ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠪᠠ ᠡᠷᠡᠰ ᠭᠤᠢᠪᠢᠰᠢ ᠦᠭᠡᠢ ᠪᠠᠢᠯᠳᠤᠬᠤ ᠪᠣᠳᠣᠯᠭ᠎ᠠ᠎ᠶᠢᠨ ᠵᠣᠷᠢᠭ᠋ ᠰᠠᠨᠠᠭ᠎ᠠ ᠮᠥᠨ᠃ ᠪᠢᠳᠡ ᠥᠩᠭᠡᠷᠡᠭᠰᠡᠨ᠎ᠲᠠᠢ᠎ᠪᠡᠨ ᠠᠳᠠᠯᠢ᠎ᠪᠠᠷ ᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ᠎ᠶᠢ ᠬᠥᠭᠵᠢᠭᠦᠯᠬᠦ᠎ᠶᠢ ᠤᠯᠤᠰ᠎ᠤᠨ ᠬᠠᠮᠤᠭ᠎ᠤᠨ ᠴᠢᠬᠤᠯᠠ ᠶᠡᠬᠡ ᠨᠢᠭᠡᠳᠦᠭᠡᠷ ᠪᠠᠢᠯᠳᠤᠬᠤ ᠪᠣᠳᠣᠯᠭ᠎ᠠ ᠶᠢᠨ ᠦᠢᠯᠡᠰ ᠪᠤᠯᠭᠠᠵᠤ᠂ ᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ ᠶᠢ ᠤᠯᠤᠰ᠎ᠤᠨ ᠬᠠᠷᠢᠯᠴᠠᠭ᠎ᠠ ᠶᠢᠨ ᠬᠡᠪ ᠳᠠᠭᠤᠷᠢᠶᠠᠯ ᠪᠣᠯᠭᠠᠨ ᠪᠦᠲᠦᠭᠡᠨ ᠪᠠᠶ᠋ᠢᠭᠤᠯᠬᠤ ᠶᠢᠨ ᠲᠥᠯᠥᠭᠡ ᠪᠦᠭᠦ ᠬᠦᠴᠦ ᠪᠡᠷ᠎ᠢᠶᠡᠨ ᠴᠢᠷᠮᠠᠢᠵᠤ᠂ ᠭᠠᠵᠠᠷ ᠣᠷᠣᠨ ᠪᠣᠯᠣᠨ ᠳᠡᠯᠡᠬᠡᠢ᠎ᠶᠢᠨ ᠡᠩᠬᠡ ᠲᠠᠢᠪᠤᠩ ᠬᠥᠭᠵᠢᠯ ᠴᠡᠴᠡᠭᠯᠡᠯ᠎ᠳᠦ ᠬᠠᠮᠲᠤ ᠪᠠᠷ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
ᠼᠠᠢ ᠴᠢ᠂ ᠸᠠᠩ ᠢ ᠨᠠᠷ ᠬᠡᠯᠡᠯᠴᠡᠭᠡ᠎ᠳᠦ ᠣᠷᠣᠯᠴᠠᠪᠠ᠃
(ᠱᠢᠨᠬᠤᠸᠠ ᠬᠤᠷᠢᠶ᠎ᠠ᠎ᠶᠢᠨ ᠫᠢᠶᠸᠩᠶᠠᠩ᠎ᠤᠨ 6 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)