6 ᠰᠠᠷ᠎ᠠ᠎ᠶᠢᠨ 8 ᠤ᠋ ᠦᠳᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ᠎ᠢᠶᠡᠷ ᠫᠢᠶᠸᠩᠶᠠᠩᠳᠤ ᠬᠦᠷᠴᠦ᠂ ᠰᠣᠯᠣᠩᠭᠣᠰ ᠲᠡᠬᠢ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ᠎ᠪᠠᠨ ᠡᠬᠢᠯᠡᠭᠦᠯᠪᠡ᠃

6 ᠰᠠᠷ᠎ᠠ᠎ᠶᠢᠨ 8᠎ᠤ᠋ ᠦᠳᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠲᠤᠰᠬᠠᠢ ᠨᠢᠰᠬᠡᠯ᠎ᠢᠶᠡᠷ ᠫᠢᠶᠸᠩᠶᠠᠩᠳᠤ ᠬᠦᠷᠴᠦ᠂ ᠰᠣᠯᠣᠩᠭᠣᠰ ᠲᠡᠬᠢ ᠲᠦᠷᠦ᠎ᠶᠢᠨ ᠶᠠᠪᠤᠳᠠᠯ ᠤᠨ ᠠᠶ᠋ᠢᠯᠴᠢᠯᠠᠯᠲᠠ᠎ᠪᠠᠨ ᠡᠬᠢᠯᠡᠭᠦᠯᠪᠡ᠃ ᠰᠣᠯᠣᠩᠭᠣᠰ᠎ᠤᠨ ᠬᠥᠳᠡᠯᠮᠦᠷᠢᠴᠢᠨ ᠦ ᠨᠠᠮ᠎ᠤᠨ ᠶᠡᠷᠦᠩᠬᠡᠢ ᠱᠦᠵᠢ᠂ ᠲᠦᠷᠦ᠎ᠶᠢᠨ ᠶᠠᠪᠤᠳᠠᠯ᠎ᠤᠨ ᠬᠤᠷᠢᠶ᠎ᠡ ᠵᠢᠨ ᠳᠠᠷᠤᠭ᠎ᠠ᠎ᠶᠢᠨ ᠵᠧᠩ ᠧᠨ ᠬᠠᠳᠤᠨ ᠯᠢ ᠰᠢᠦᠸᠠᠢ ᠵᠥ᠍ ᠲᠡᠢ ᠪᠡᠨ ᠨᠢᠰᠬᠡᠯ ᠦᠨ ᠪᠠᠭᠤᠳᠠᠯ᠎ᠳᠤ ᠬᠦᠷᠴᠦ ᠰᠢ ᠵᠢᠨ ᠫᠢᠩ ᠪᠤᠯᠤᠨ ᠬᠠᠳᠤᠨ ᠫᠸᠩ ᠯᠢ ᠶᠤᠸᠠᠨ᠎ᠢ ᠤᠭᠲᠤᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠪᠢ ᠰᠢᠶᠤᠤ ᠶᠠᠩ ᠰᠡᠬᠦᠳᠡᠷᠯᠡᠪᠠ
ᠲᠤᠬᠠᠢ ᠶᠢᠨ ᠭᠠᠵᠠᠷ᠎ᠤᠨ ᠴᠠᠭ᠎ᠢᠶᠠᠷ 12 ᠴᠠᠭ᠎ᠤᠨ ᠦᠶᠡᠰ ᠰᠢ᠎ᠶᠢᠨ ᠫᠢᠩ᠎ᠤᠨ ᠰᠠᠭᠤᠭᠰᠠᠨ ᠲᠤᠰᠬᠠᠢ ᠨᠢᠰᠬᠡᠯ ᠨᠢᠰᠬᠡᠯ᠎ᠦᠨ ᠪᠠᠭᠤᠳᠠᠯ᠎ᠳᠤ ᠬᠦᠷᠪᠡ᠃ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠎ᠶᠢᠨ ᠶᠠᠪᠤᠳᠠᠯ᠎ᠤᠨ ᠬᠤᠷᠢᠶ᠎ᠡ ᠵᠢᠨ ᠳᠠᠷᠤᠭ᠎ᠠ᠎ᠶᠢᠨ ᠵᠧᠩ ᠧᠨ ᠬᠠᠳᠤᠨ ᠯᠢ ᠰᠢᠦᠸᠠᠢ ᠵᠥ᠍ ᠲᠡᠢ ᠪᠡᠨ ᠨᠢᠰᠬᠡᠯ᠎ᠦᠨ ᠪᠠᠭᠤᠳᠠᠯ᠎ᠳᠤ ᠬᠦᠷᠴᠦ ᠤᠭᠲᠤᠪᠠ᠃ ᠰᠢ᠎ᠶᠢᠨ ᠫᠢᠩ ᠬᠠᠲᠤᠨ ᠫᠧᠩ ᠯᠢ ᠶᠤᠸᠠᠨ᠎ᠲᠠᠢ᠎ᠪᠠᠨ ᠨᠢᠰᠬᠡᠯ᠎ᠦᠨ ᠥᠷᠥᠭᠡᠨ᠎ᠡᠴᠡ ᠠᠯᠬᠤᠨ ᠭᠠᠷᠴᠤ᠂ ᠨᠢᠰᠭᠡᠯ᠎ᠤᠨ ᠱᠠᠲᠤ᠎ᠪᠠᠷ ᠪᠠᠭᠤᠪᠠ᠃ ᠵᠢᠨ ᠵᠧᠩ ᠧᠨ ᠰᠢ᠎ᠶᠢᠨ ᠫᠢᠩ ᠲᠡᠢ ᠬᠠᠯᠠᠭᠤᠮᠰᠤᠭ᠎ᠢᠶᠠᠷ ᠭᠠᠷ ᠠᠳᠬᠤᠪᠠ᠃ ᠰᠣᠯᠣᠩᠭᠣᠰ᠎ᠤᠨ ᠪᠠᠭᠠᠴᠤᠳ ᠬᠡᠦᠬᠡᠳ᠎ᠡᠴᠡ ᠰᠢ᠎ᠶᠢᠨ ᠫᠢᠩ ᠪᠣᠯᠣᠨ ᠬᠠᠲᠤᠨ ᠫᠸᠩ ᠯᠢ ᠶᠤᠸᠠᠨ᠎ᠳᠤ ᠴᠡᠴᠡᠭ ᠬᠦᠷᠭᠡᠪᠡ᠃
ᠼᠠᠢ ᠴᠢ ᠂ ᠸᠠᠩ ᠢ ᠵᠡᠷᠭᠡ ᠪᠠᠷ᠎ᠠ ᠪᠣᠯᠣᠭᠰᠠᠳ ᠬᠠᠮᠲᠤ ᠨᠢᠰᠬᠡᠯ᠎ᠢᠶᠡᠷ ᠬᠦᠷᠪᠡ᠃
ᠰᠣᠯᠣᠩᠭᠣᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠸᠠᠩ ᠶᠠ ᠵᠢᠶᠦ᠋ᠨ ᠪᠠᠰᠠ ᠨᠢᠰᠬᠡᠯ᠎ᠦᠨ ᠪᠠᠭᠤᠳᠠᠯ᠎ᠳᠤ ᠬᠦᠷᠴᠦ ᠤᠭᠲᠤᠵᠠᠢ᠃
(ᠰᠢᠨᠬᠤᠸᠠ ᠬᠣᠷᠢᠶ᠎ᠡ ᠵᠢᠨ ᠫᠢᠶᠸᠩᠶᠠᠩ᠎ᠤᠨ 6 ᠰᠠᠷ᠎ᠠ᠎ᠶᠢᠨ 8 ᠤ᠋ ᠴᠠᠬᠢᠯᠭᠠᠨ ᠮᠡᠳᠡᠭᠡ )
6 ᠰᠠᠷ᠎ᠠ᠎ᠶᠢᠨ 8᠎ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠲᠤᠰᠬᠠᠢ ᠨᠢᠰᠭᠡᠯ ᠳ᠋ᠦ ᠰᠠᠭᠤᠵᠦ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠪᠦᠬᠦᠳᠡ ᠨᠠᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠤᠨ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠳᠠᠷᠤᠭ᠎ᠠ᠎ᠶᠢᠨ ᠵᠧᠩ ᠧᠨ ᠦ ᠤᠷᠢᠯᠭ᠎ᠠ᠎ᠪᠠᠷ ᠰᠣᠯᠣᠩᠭᠣᠰ᠎ᠲᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ ᠪᠡᠷ ᠪᠡᠭᠡᠵᠢᠩ ᠡᠴᠡ ᠮᠤᠷᠳᠠᠪᠠ᠃
ᠪᠠᠷ᠎ᠠ ᠪᠣᠯᠵᠤ ᠠᠢᠯᠴᠢᠯᠠᠭᠰᠠᠳᠲᠤ᠄ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ᠎ᠤᠨ ᠬᠠᠳᠤᠨ ᠫᠸᠩ ᠯᠢ ᠶᠤᠸᠠᠨ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠦᠪ᠎ᠤᠨ ᠠᠯᠪᠠᠨ ᠲᠢᠩᠬᠢᠮ ᠦᠨ ᠡᠷᠬᠢᠯᠡᠭᠴᠢ ᠼᠠᠢ ᠴᠢ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠭᠡᠰᠢᠭᠦᠨ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠠᠩ ᠢ ᠨᠠᠷ ᠪᠤᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 6 ᠰᠠᠷ᠎ᠠ᠎ᠶᠢᠨ 8 ᠤ᠋ ᠴᠠᠬᠢᠯᠭᠠᠨ ᠮᠡᠳᠡᠭᠡ)