ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠢ ᠠᠬᠢᠭᠤᠯᠬᠤ ᠨᠡᠢᠭᠡᠮᠯᠢᠭ᠎ᠡᠴᠡ ᠭᠤᠤᠯᠯᠠᠨ ᠡᠷᠭᠢᠯᠡᠭ᠌ᠰᠡᠨ 《ᠥᠪᠥᠷ ᠮᠣᠩᠭᠣᠯ᠎ᠤᠨ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠵᠢᠴᠢ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠬᠤᠷᠠᠯ》 ᠬᠥᠬᠡᠬᠣᠲᠠ᠎ᠳᠤ ᠶᠠᠪᠤᠬᠳᠠᠵᠠᠢ᠃
ᠬᠤᠷᠠᠯ ᠳ᠋ᠦ᠂ ᠳ᠋ᠠ ᠲᠠᠩ (ᠥᠪᠥᠷ ᠮᠣᠩᠭᠣᠯ) ᠡᠨᠧᠷᠭᠢ᠎ᠶ᠋ᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠱᠢᠨ ᠶᠤᠸᠠᠨ ᠵᠢᠩ ᠪᠦᠯᠦᠭ᠌ᠯᠡᠯ ᠬᠢᠵᠠᠭᠠᠷᠲᠤ ᠺᠣᠮᠫᠠᠨᠢ ᠵᠡᠷᠭᠡ ᠠᠵᠤ ᠠᠬᠤᠢᠯᠠᠯ᠎ᠤᠨ ᠲᠥᠯᠥᠭᠡᠯᠡᠭ᠌ᠴᠢ ᠲᠤᠰ ᠲᠤᠰ ᠴᠠᠬᠢᠯᠭᠠᠨ ᠬᠦᠴᠦᠨ᠎ᠢ ᠨᠡᠭᠡᠭᠡᠨ ᠬᠥᠭ᠌ᠵᠢᠭᠦᠯᠬᠦ᠌ ᠬᠡᠷᠡᠭ᠌ᠴᠡᠭᠡ ᠪᠣᠯᠤᠨ ᠡᠨᠧᠷᠭᠢ ᠨᠦᠬᠡᠴᠡᠯᠡᠬᠦ ᠲᠣᠨᠣᠭ᠍ᠯᠠᠯ ᠦᠢᠯᠡᠳᠬᠦ᠌ ᠴᠢᠳᠠᠪᠤᠷᠢ᠎ᠶ᠋ᠢᠨ ᠲᠤᠬᠠᠢ ᠲᠠᠨᠢᠯᠴᠠᠭᠤᠯᠵᠠᠢ᠃ ᠬᠤᠷᠠᠯ᠎ᠡᠴᠡ ᠵᠦᠢ ᠪᠤᠰᠤ ᠦᠷᠢᠰᠦᠯᠳᠦᠭᠡᠨ᠎ᠤ ᠪᠠᠢᠳᠠᠯ᠎ᠢ ᠡᠰᠡᠷᠭᠦᠴᠡᠬᠦ᠌ ᠨᠡᠢᠲᠡ᠎ᠶ᠋ᠢᠨ ᠭᠡᠷ᠎ᠡ᠎ᠶ᠋ᠢᠨ ᠰᠠᠨᠠᠯ ᠬᠤᠷᠢᠶᠠᠬᠤ ᠨᠤᠤᠷᠠᠭ᠎ᠢ ᠤᠩᠱᠢᠨ ᠨᠡᠢᠲᠡᠯᠡᠵᠦ᠍᠂ ᠠᠵᠢᠯ ᠲᠥᠷᠥᠯ᠎ᠦᠨ ᠡᠮᠬᠢ ᠵᠢᠷᠤᠮ᠎ᠲᠠᠶ᠎ᠪᠠᠷ ᠥᠷᠢᠰᠥᠯᠳᠦᠬᠦ᠌᠎ᠶ᠋ᠢ ᠰᠠᠨᠠᠭᠠᠴᠢᠯᠠᠵᠠᠢ᠃
ᠬᠤᠷᠠᠯ ᠡᠴᠡ᠂ ᠥᠪᠥᠷ ᠮᠣᠩᠭᠣᠯ᠎ᠤᠨ ᠡᠨᠧᠷᠭᠢ ᠨᠥᠭᠡᠴᠡᠯᠡᠬᠦ᠌ ᠠᠵᠤ ᠦᠢᠯᠡᠰ ᠪᠠᠢᠷᠢᠱᠢᠭᠤᠯᠤᠯᠲᠠ᠎ᠪᠠᠨ ᠱᠢᠯᠢᠳᠡᠭ᠌ᠵᠢᠭᠦᠯᠵᠦ᠍᠂ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠡᠯᠬᠢᠢ᠎ᠡ᠎ᠶ᠋ᠢ ᠨᠥᠬᠥᠪᠥᠷᠢᠯᠡᠨ ᠱᠢᠨ᠎ᠡ᠎ᠶ᠋ᠢ ᠡᠭᠦᠳᠴᠦ᠍᠂ ᠡᠮᠬᠢ ᠳᠢᠭ᠌ᠯᠢᠮ᠎ᠢ ᠵᠢᠷᠤᠮᠵᠢᠭᠤᠯᠵᠤ᠂ ᠡᠨᠧᠷᠭᠢ ᠨᠥᠭᠡᠴᠡᠯᠡᠬᠦ᠌ ᠠᠵᠤ ᠦᠢᠯᠡᠰ ᠪᠣᠯᠤᠨ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠦᠨ ᠬᠡᠯᠬᠢᠢ᠎ᠡ ᠠᠮᠢ ᠠᠬᠤᠢ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍ ᠤᠯᠤᠰ᠎ᠤᠨ ᠴᠢᠬᠤᠯᠠ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠰᠠᠭᠤᠷᠢᠨ᠎ᠢ ᠪᠠᠢᠭᠤᠯᠬᠤ ᠬᠡᠷᠡᠭ᠌ᠲᠡᠢ᠃ 《ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠨᠠᠢᠳᠠᠪᠤᠷᠢᠲᠠᠶ᠎ᠪᠠᠷ ᠣᠷᠣᠯᠠᠭᠤᠯᠬᠤ》 ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠨᠥᠭᠡᠴᠡ ᠡᠨᠧᠷᠭᠢ᠎ᠶ᠋ᠢ ᠲᠣᠬᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠱᠢᠯᠢᠳᠡᠭ᠌ᠵᠢᠭᠦᠯᠦᠨ ᠲᠣᠬᠢᠷᠠᠭᠤᠯᠬᠤ ᠪᠠ ᠥᠨᠳᠥᠷ ᠬᠠᠷᠢᠴᠠᠯ᠎ᠢᠶᠠᠷ ᠵᠤᠯᠭᠠᠭᠤᠯᠤᠨ ᠱᠢᠩᠭᠡᠭᠡᠬᠦ᠌᠎ᠶ᠋ᠢ ᠲᠤᠯᠭᠠᠭᠤᠷᠢᠯᠠᠵᠤ᠂ ᠦᠪᠦᠷ ᠮᠤᠡᠭᠭᠤᠯ᠎ᠤᠨ ᠡᠨᠧᠷᠭᠢ᠎ᠶ᠋ᠢᠨ ᠪᠦᠲᠦᠴᠡ᠎ᠶ᠋ᠢᠨ ᠬᠡᠯᠪᠡᠷᠢ ᠪᠠᠨ ᠬᠤᠪᠢᠷᠠᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠵᠠᠢ ᠃
ᠲᠣᠰ ᠤᠳᠠᠭ᠎ᠠ᠎ᠵᠢᠨ ᠬᠤᠷᠠᠯ᠎ᠨᠢ ᠣᠷᠣᠨ᠎ᠤ ᠳᠣᠲᠣᠷᠠᠬᠢ ᠡᠨᠧᠷᠭᠢ ᠨᠦᠭᠡᠴᠡᠯᠡᠬᠦ ᠠᠵᠤ ᠦᠶ᠋ᠯᠡᠰ᠎ᠦᠨ ᠬᠠᠩᠭᠠᠯᠭ᠎ᠠ ᠬᠡᠷᠡᠭ᠌ᠴᠡᠭᠡ ᠬᠣᠶᠠᠷ ᠲᠠᠯ᠎ᠠ᠎ᠳᠤ ᠥᠨᠳᠥᠷ ᠪᠦᠲᠦᠮᠵᠢᠲᠡᠶ ᠵᠣᠯᠭᠠᠭᠤᠯᠬᠤ ᠲᠠᠪᠴᠠᠩ᠎ᠢ ᠪᠠᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠲᠦᠪᠰᠢᠨ᠎ᠤ ᠬᠠᠮᠵᠢᠯᠴᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠠᠢ᠃ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ᠎ᠡᠴᠡ ᠥᠪᠥᠷ ᠮᠣᠩᠭᠣᠯ᠎ᠤᠨ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠢ ᠠᠬᠢᠭᠤᠯᠬᠤ ᠨᠡᠢᠭᠡᠮᠯᠢᠭ᠎ᠦᠨ ᠪᠠᠢᠩᠭᠤᠵᠢᠭᠤᠯᠤᠨ ᠵᠣᠯᠭᠠᠭᠤᠯᠤᠨ ᠰᠣᠯᠢᠯᠴᠠᠬᠤ ᠠᠵᠢᠯᠯᠠᠭ᠎ᠠ ᠥᠷᠨᠢᠭᠦᠯᠬᠦ᠌᠎ᠶ᠋ᠢ ᠵᠢᠯᠣᠭᠣᠳᠴᠤ᠌᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠶ᠋ᠯᠡᠳᠬᠦ᠌ ᠦᠶ᠋ᠯᠡᠰ ᠬᠢᠭᠡᠳ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠠᠭᠤᠰᠤᠯᠴᠠᠨ ᠬᠥᠳᠡᠯᠦᠯᠴᠡᠬᠦ᠌᠂ ᠬᠠᠮᠵᠢᠯᠴᠠᠨ ᠬᠥᠭ᠌ᠵᠢᠬᠦ᠌᠎ᠳᠦ ᠬᠦᠴᠦᠨ ᠨᠡᠮᠡᠷᠢᠯᠡᠵᠦ᠍᠂ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ ᠪᠤᠢ᠃