ᠪᠦᠬᠦ ᠤᠷᠤᠨ ᠤ᠋ ᠰᠣᠶᠣᠯ ᠵᠢᠭᠤᠯᠴᠢᠯᠠᠯ ᠤ᠋ᠨ 《ᠵᠠᠰᠠᠭ ᠤ᠋ᠨ ᠤᠷᠳᠤᠨ ᠰᠤᠷᠭᠠᠭᠤᠯᠢ ᠪᠠᠩᠬᠢ ᠠᠵᠤ ᠠᠬᠤᠢᠯᠠᠯ》 ᠢ᠋ ᠵᠣᠯᠭᠠᠭᠤᠯᠬᠤ ᠠᠵᠢᠯᠯᠠᠭ᠎ᠠ ᠶᠠᠪᠤᠭᠳᠠᠪᠠ
2026-06-09 10:38:59
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

  ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠢᠷᠭᠤᠳᠤᠭᠠᠷ ᠬᠤᠭᠤᠴᠠᠭᠠᠨ ᠤ᠋ ᠰᠣᠶᠣᠯ ᠵᠢᠭᠤᠯᠴᠢᠯᠠᠯ ᠤ᠋ᠨ 《ᠵᠠᠰᠠᠭ ᠤ᠋ᠨ ᠤᠷᠳᠤᠨ ᠰᠤᠷᠭᠠᠭᠤᠯᠢ ᠪᠠᠩᠬᠢ ᠠᠵᠤ ᠠᠬᠤᠢᠯᠠᠯ》 ᠢ᠋ ᠵᠣᠯᠭᠠᠭᠤᠯᠬᠤ ᠠᠵᠢᠯᠯᠠᠭ᠎ᠠ ᠤᠷᠴᠢᠮᠬᠠᠨ ᠬᠦᠬᠡᠬᠤᠳᠠ ᠳ᠋ᠦ ᠶᠠᠪᠤᠭ᠍ᠳᠠᠪᠠ᠃

ᠲᠣᠰ ᠬᠤᠭᠤᠴᠠᠭᠠᠨ ᠤ᠋ ᠠᠵᠢᠯᠯᠠᠭ᠎ᠠ ᠨᠢ 《ᠣᠶᠤᠨᠴᠢ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠪᠠ ᠰᠤᠷᠭᠠᠨ ᠬᠥᠮᠦᠵᠢᠯ ᠢ᠋ ᠠᠭᠤᠰᠤᠯᠴᠠᠭᠤᠯᠬᠤ》 ᠪᠠᠷ ᠭᠤᠤᠯ ᠰᠡᠳᠦᠪ ᠪᠤᠯᠭᠠᠪᠠ᠃ ᠠᠵᠢᠯᠯᠠᠭ᠎ᠠ ᠳ᠋ᠤ ᠰᠣᠶᠣᠯ ᠵᠢᠭᠤᠯᠴᠢᠯᠠᠯ ᠤ᠋ᠨ ᠵᠠᠰᠠᠭ ᠤ᠋ᠨ ᠤᠷᠳᠤᠨ ᠰᠤᠷᠭᠠᠭᠤᠯᠢ ᠪᠠᠩᠬᠢ ᠠᠵᠤ ᠠᠬᠤᠢᠯᠠᠯ ᠤ᠋ᠨ ᠠᠭᠤᠰᠤᠯᠴᠠᠯ ᠤ᠋ᠨ ᠡᠬᠢ ᠪᠠᠶᠠᠯᠢᠭ ᠤ᠋ᠨ ᠬᠥᠮᠥᠷᠭᠡ ᠵᠢ ᠨᠡᠢᠲᠡᠯᠡᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠢ᠋ ᠡᠮᠬᠢᠳᠭᠡᠬᠦ ᠠᠵᠢᠯ ᠲᠣᠭᠠᠴᠢᠯᠠᠭ᠍ᠰᠠᠨ ᠱᠢᠨ᠎ᠡ ᠱᠠᠲᠤᠨ ᠳ᠋ᠦ ᠣᠷᠣᠭ᠍ᠰᠠᠨ ᠢ᠋ ᠬᠠᠷᠠᠭᠤᠯᠵᠠᠢ; 《i ᠵᠢᠭᠤᠯᠴᠢᠯᠠᠯ ᠤ᠋ᠨ ᠥᠪᠥᠷ ᠮᠣᠩᠭᠣᠯ》 ᠭᠡᠬᠦ᠌ ᠰᠣᠶᠣᠯ ᠵᠢᠭᠤᠯᠴᠢᠯᠠᠯ ᠤ᠋ᠨ IP ᠵᠢ ᠨᠡᠢᠳᠡᠯᠡᠨ᠂ 《2026 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠬᠢᠴᠢᠶᠡᠯ ᠵᠢᠴᠢ ᠵᠠᠮ ᠱᠤᠭᠤᠮ》 ᠢ᠋ ᠵᠡᠷᠭᠡ ᠪᠡᠷ ᠭᠠᠷᠭᠠᠵᠤ᠂ ᠰᠤᠷᠭᠠᠭᠤᠯᠢ ᠵᠢᠨ ᠵᠤᠨ ᠤ᠋ ᠠᠮᠠᠷᠠᠯᠲᠠ ᠶ᠋ᠢᠨ ᠰᠤᠳᠤᠯᠤᠨ ᠰᠤᠷᠤᠯᠴᠠᠬᠤ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠦ᠍ ᠪᠡᠯᠡᠳᠬᠡᠯ ᠬᠢᠵᠡᠢ; 《2026 ᠣᠨ ᠤ᠋ ᠵᠢᠭᠤᠯᠴᠢᠯᠠᠯ ᠤ᠋ᠨ ᠵᠣᠴᠢᠳ ᠤ᠋ᠨ ᠪᠠᠭᠤᠳᠠᠯ ᠤ᠋ᠨ ᠠᠵᠢᠯ ᠲᠦᠷᠦᠯ᠎ᠤᠨ ᠤᠷ᠎ᠠ ᠴᠢᠳᠠᠪᠤᠷᠢ ᠶ᠋ᠢᠨ ᠤᠷᠤᠯᠳᠤᠭᠠᠨ》᠂ 《ᠶᠡᠬᠡ ᠳᠡᠭᠡᠳᠦ ᠰᠤᠷᠭᠠᠭᠤᠯᠢ ᠶ᠋ᠢᠨ ᠲᠡᠭᠦᠰᠭᠦ ᠤᠯᠠᠷᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠵᠤ ᠱᠢᠨ᠎ᠡ ᠵᠢ ᠡᠭᠦᠳᠬᠦ᠌ ᠱᠢᠷᠢᠰ ᠠᠵᠢᠯᠯᠠᠭ᠎ᠠ》 ᠵᠢ ᠡᠬᠢᠯᠡᠬᠦᠯᠵᠦ᠍᠂ ᠤᠷᠤᠯᠳᠤᠭᠠᠨ ᠢ᠋ᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭᠠᠨ ᠢ᠋ᠶ᠋ᠠᠷ ᠪᠣᠯᠪᠠᠰᠤᠷᠠᠯ ᠢ᠋ ᠠᠬᠢᠭᠤᠯᠬᠤ᠂ ᠤᠷᠤᠯᠳᠤᠭᠠᠨ ᠢ᠋ᠶ᠋ᠠᠷ ᠡᠭᠦᠳᠦᠯᠲᠡ ᠵᠢ ᠠᠬᠢᠭᠤᠯᠬᠤ ᠪᠠᠷ ᠳᠠᠮᠵᠢᠨ ᠰᠣᠶᠣᠯ ᠵᠢᠭᠤᠯᠴᠢᠯᠠᠯ ᠤ᠋ᠨ ᠵᠠᠯᠠᠭᠤ ᠴᠢᠳᠠᠪᠤᠷᠢᠲᠠᠨ ᠤ᠋ ᠱᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠪᠦᠲᠦᠮᠵᠢᠲᠡᠶ ᠬᠥᠭ᠌ᠵᠢᠭᠡᠪᠡ᠃ ᠠᠵᠢᠯᠯᠠᠭ᠎ᠠ ᠶ᠋ᠢᠨ ᠲᠠᠯᠠᠪᠠᠶ ᠳ᠋ᠦ᠂ ᠰᠤᠷᠭᠠᠭᠤᠯᠢ ᠠᠵᠤ ᠠᠬᠤᠢᠯᠠᠯ ᠤ᠋ᠨ ᠬᠠᠮᠲᠤᠷᠠᠯᠴᠠᠭᠠᠨ ᠤ᠋ 5 ᠳᠤᠭᠤᠢᠯᠠᠩ ᠨᠢᠭᠡᠴᠢ ᠬᠠᠮᠲᠤᠷᠠᠯᠴᠠᠭᠠᠨ ᠤ᠋ ᠰᠠᠨᠠᠮᠵᠢ ᠲᠣᠭ᠍ᠲᠠᠭ᠍ᠰᠠᠨ ᠪᠥᠭᠡᠳ ᠪᠦᠯᠦᠭ ᠬᠤᠪᠢᠶᠠᠨ ᠭᠡᠷ᠎ᠡ ᠲᠣᠭ᠍ᠲᠠᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠰᠤᠷᠭᠠᠨ ᠬᠥᠮᠦᠵᠢᠯ ᠢ᠋ ᠠᠭᠤᠰᠤᠯᠴᠠᠭᠤᠯᠬᠤ ᠬᠥᠮᠦᠨ ᠬᠥᠮᠦᠵᠢᠭᠦᠯᠬᠦ᠌ ᠠᠴᠢᠶᠠᠯᠠᠪᠤᠷᠢ ᠵᠢ ᠴᠢᠨᠠᠭ᠍ᠰᠢᠳᠠ ᠪᠡᠬᠢᠵᠢᠭᠦᠯᠤᠨ᠂ ᠣᠯᠠᠨ ᠲᠠᠯ᠎ᠠ ᠪᠠᠷ ᠬᠠᠮᠵᠢᠯᠴᠠᠭ᠍ᠰᠠᠨ ᠬᠥᠮᠦᠨ ᠬᠥᠮᠦᠵᠢᠭᠦᠯᠬᠦ᠌ ᠱᠢᠨ᠎ᠡ ᠪᠠᠢᠷᠢᠱᠢᠯ ᠢ᠋ ᠪᠠᠢᠭᠤᠯᠪᠠ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠪᠠᠰᠠ ᠵᠠᠰᠠᠭ ᠤ᠋ᠨ ᠤᠷᠳᠤᠨ ᠰᠤᠷᠭᠠᠭᠤᠯᠢ ᠪᠠᠩᠬᠢ ᠠᠵᠤ ᠠᠬᠤᠢᠯᠠᠯ ᠤ᠋ᠨ ᠳᠤᠭᠤᠷᠠᠭ ᠱᠢᠷᠡᠭᠡᠨ ᠤ᠋ ᠶᠠᠷᠢᠯᠴᠠᠭ᠎ᠠ᠂ ᠰᠣᠶᠣᠯ ᠵᠢᠭᠤᠯᠴᠢᠯᠠᠯ ᠤ᠋ᠨ ᠴᠢᠳᠠᠪᠤᠷᠢᠲᠠᠨ ᠢ᠋ ᠲᠤᠰᠭᠠᠶ ᠤᠷᠢᠬᠤ ᠵᠡᠷᠭᠡ ᠠᠵᠢᠯᠯᠠᠭ᠎ᠠ ᠦᠷᠨᠢᠬᠦᠯᠵᠠᠢ᠃ ᠲᠣᠰ ᠬᠤᠭᠤᠴᠠᠭᠠᠨ ᠤ᠋ ᠠᠵᠢᠯᠯᠠᠭ᠎ᠠ ᠨᠢ 4 ᠲᠠᠯ᠎ᠠ ᠶ᠋ᠢᠨ ᠬᠠᠮᠵᠢᠯᠴᠠᠭ᠎ᠠ ᠵᠢ ᠭᠦᠨᠵᠡᠭᠡᠢᠷᠡᠭᠦᠯᠬᠦ᠌᠂ ᠪᠦᠬᠦ ᠤᠷᠤᠨ ᠤ᠋ ᠰᠤᠶᠤᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠴᠣ ᠱᠢᠨ᠎ᠡ ᠭᠠᠷᠤᠭ᠎ᠠ ᠪᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号