ᠳᠤᠮᠳᠠᠳᠤ ᠤᠯᠤᠰ᠎ᠤᠨ ᠬᠥᠳᠡᠭᠡ ᠲᠣᠰᠭᠣᠨ᠎ᠤ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠬᠰᠡᠨ ᠨᠢᠭᠤᠴᠠ ᠨᠣᠮᠧᠷ ᠢ᠋ ᠬᠠᠢᠬᠤᠢ
2026-06-09 09:45:19
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠢᠦᠢ ᠵᠢᠶᠦ᠋ᠨ ᠵᠢᠶ᠍ᠸ ᠾᠧ᠎ᠶ᠋ᠢᠨ ᠫᠦ ᠶᠠᠨ ᠷᠧᠨ
ᠣᠩᠱᠢᠭ᠍ᠰᠠᠨ ᠣᠳᠠᠭ᠎ᠠ᠄
★★★☆☆

《ᠣᠭ᠍ᠲᠠᠷᠭᠤᠢ ᠳ᠋ᠤ ᠨᠢᠰᠬᠦ ᠰᠢᠪᠠᠭᠤ ᠦᠭᠡᠢ᠂ ᠭᠠᠵᠠᠷ ᠲᠡᠭᠡᠷ᠎ᠠ ᠤᠷᠭᠤᠬᠤ ᠡᠪᠡᠰᠤ ᠦᠭᠡᠢ᠂ ᠰᠠᠯᠬᠢᠨ ᠬᠦᠳᠡᠯᠪᠡᠯ ᠴᠢᠯᠠᠭᠤ ᠬᠡᠢᠰᠦᠮᠤᠢ ᠁》 ᠭᠡᠬᠦ᠌ ᠪᠠᠷᠠᠭᠤᠨ ᠬᠣᠢᠲᠤ᠎ᠶ᠋ᠢᠨ ᠭᠣᠪᠢ ᠨᠤᠳᠤᠭ ᠲᠤ᠌ ᠤᠯᠠᠮᠵᠢᠯᠠᠭ᠍ᠳᠠᠭ᠍ᠰᠠᠨ ᠠᠷᠠᠳ᠎ᠤᠨ ᠳᠠᠭᠤᠤ᠎ᠶ᠋ᠢ ᠤᠳᠤ ᠶᠠᠭ ᠥᠭᠡᠷᠡᠴᠢᠯᠡᠨ ᠪᠢᠴᠢᠵᠦ᠍ ᠪᠠᠢᠨ᠎ᠠ᠃

6 ᠰᠠᠷ᠎ᠠ᠎ᠶ᠋ᠢᠨ 5 ᠤ᠋ ᠳᠡᠯᠡᠬᠡᠢ᠎ᠶ᠋ᠢᠨ ᠣᠷᠴᠢᠨ ᠲᠣᠭᠣᠷᠢᠨ᠎ᠤ ᠡᠳᠦᠷ᠎ᠦᠨ ᠲᠠᠱᠢᠷᠠᠮ᠎ᠵᠢᠡᠷ᠂ ᠪᠠᠳᠠᠢ᠎ᠶ᠋ᠢᠨ ᠵᠢᠷᠠᠨ᠎ᠤ ᠡᠯᠡᠰᠦᠨ ᠴᠦᠯ ᠪᠣᠯᠤᠨ ᠺᠦᠮᠦ᠋ᠲ᠋ᠠᠭ᠌ᠸ ᠡᠯᠡᠰᠦᠨ ᠴᠦᠯ᠎ᠦᠨ ᠬᠣᠭᠣᠷᠣᠨᠳᠣ ᠪᠠᠢᠷᠢᠯᠠᠭ᠎ᠠ ᠭᠠᠨᠰᠦ᠎ᠶ᠋ᠢᠨ ᠵᠢᠦᠴᠢᠦᠸᠠᠨ ᠬᠤᠳᠠ᠎ᠶ᠋ᠢᠨ ᠵᠢᠨᠲ᠋ᠠ ᠱᠢᠶᠠᠨ᠎ᠨᠢ  ᠨᠢᠭᠡᠨ ᠣᠨᠴᠠᠭᠠᠢ 《ᠪᠣᠬᠢᠷᠲᠤᠯ ᠦᠭᠡᠢ ᠪᠣᠯᠵᠣᠭ᠎ᠠ》 ᠵᠢ ᠤᠭ᠍ᠲᠤᠨ ᠠᠪᠤᠯ᠎ᠠ᠃  《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠵᠢᠡᠷ ᠬᠥᠳᠡᠭᠡ ᠲᠣᠰᠭᠣᠨ᠎ᠤ ᠬᠥᠭ᠌ᠵᠢᠯᠲᠡ᠎ᠳᠦ ᠡᠨ᠋ᠸᠷᠬᠢ ᠤᠯᠭᠤᠨ᠎ᠠ᠄ 2026 ᠣᠨ᠎ᠤ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ ᠪᠣᠯᠤᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠶᠠᠷᠢᠯᠴᠠᠭᠠᠨ ᠤ᠋ ᠬᠤᠷᠠᠯ》 ᠡᠨᠳᠡ ᠶᠠᠪᠤᠭ᠍ᠳᠠᠵᠤ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠢᠯᠡᠰ᠎ᠦᠨ ᠲᠣᠪᠴᠢᠶ᠎ᠠ᠂ ᠤᠯᠠᠨ ᠤᠯᠤᠰ᠎ᠤᠨ ᠬᠥᠳᠡᠭᠡ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠥ᠎ᠶ᠋ᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭ᠌ᠴᠢ᠎ᠶ᠋ᠢᠨ ᠭᠠᠵᠠᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠷᠭᠦᠯᠵᠢᠯᠡᠬᠦ᠌ ᠬᠥᠳᠡᠭᠡ ᠠᠵᠤ ᠠᠬᠤᠢ᠎ᠶ᠋ᠢᠨ ᠮᠠᠱᠢᠨᠴᠢᠯᠠᠯᠲᠠ᠎ᠶ᠋ᠢᠨ ᠲᠥᠪ ᠵᠡᠷᠭᠡ ᠪᠠᠢᠭᠤᠯᠤᠮᠵᠢ᠎ᠶ᠋ᠢᠨ ᠬᠦᠨᠳᠦᠲᠦ ᠵᠣᠴᠢᠳ ᠨᠢᠭᠡ ᠲᠠᠩᠬᠢᠮ᠎ᠳᠤ ᠴᠤᠭ᠍ᠯᠠᠷᠠᠵᠤ᠂ ᠴᠦᠯᠯᠡᠷᠭᠡᠭ᠌ᠵᠢᠯ᠎ᠢ ᠵᠠᠰᠠᠬᠤ ᠪᠣᠯᠤᠨ ᠬᠥᠳᠡᠭᠡ ᠲᠣᠰᠭᠣᠨ᠎ᠤ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ 《ᠳᠤᠮᠳᠠᠳᠤ ᠤᠯᠤᠰ᠎ᠤᠨ ᠨᠢᠭᠤᠴᠠ ᠨᠣᠮᠧᠷ》 ᠢ᠋ ᠬᠠᠮᠲᠤ᠎ᠪᠠᠷ ᠬᠠᠢᠨ ᠰᠦᠪᠡᠭ᠌ᠴᠢᠯᠡᠪᠡ᠃

《ᠡᠯᠡᠰᠦ ᠤᠷᠤᠭ᠍ᠰᠢᠯᠠᠵᠤ ᠬᠥᠮᠦᠨ ᠤᠬᠤᠷᠢᠬᠰᠡᠨ》 ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠰᠡᠨ》 ᠬᠦᠷᠲᠡᠯ᠎ᠡ᠄ ᠬᠠᠭᠠᠰ ᠵᠠᠭᠤᠨ ᠦᠷᠭᠦᠯᠵᠢᠯᠡᠭ᠌ᠰᠡᠨ ᠪᠤᠤᠬᠢᠶ᠎ᠠ ᠲᠠᠮᠵᠢᠭᠤᠯᠤᠯᠳᠠ

ᠵᠢᠨᠲ᠋ᠠ᠎ᠨᠢ ᠪᠥᠬᠥ᠌ ᠤᠯᠤᠰ᠎ᠤᠨ ᠴᠦᠯᠯᠡᠷᠭᠡᠭ᠌ᠵᠢᠯ ᠪᠠ ᠭᠠᠵᠠᠷ ᠱᠢᠷᠣᠶ᠎ᠶ᠋ᠢᠨ ᠡᠯᠡᠰᠦᠷᠬᠡᠭ᠌ᠵᠢᠯ᠎ᠢᠶᠡᠷ ᠬᠠᠮᠤᠭ᠎ᠤᠨ ᠬᠦᠨᠳᠦ ᠨᠣᠴᠢᠲᠠᠶ ᠱᠢᠶᠠᠨ ᠲᠣᠭᠣᠷᠢᠭ᠎ᠤᠨ ᠨᠢᠭᠡ ᠪᠠᠢᠵᠠᠢ᠂ ᠥᠨᠥᠳᠦᠷ᠂ ᠡᠷᠬᠢᠮ ᠵᠣᠴᠢᠳ ᠪᠠᠳᠠᠢ᠎ᠶ᠋ᠢᠨ ᠵᠢᠷᠠᠨ ᠡᠯᠡᠰᠦᠨ ᠴᠦᠯ ᠤ᠋ᠨ ᠪᠠᠷᠠᠭᠤᠨ ᠬᠥᠪᠡᠭᠡᠨ ᠳ᠋ᠤ ᠵᠣᠭ᠍ᠰᠣᠨ ᠪᠠᠷᠠᠯᠠᠬᠤ ᠳ᠋ᠤ᠂ 50 ᠭᠠᠷᠤᠶ ᠺᠢᠯᠣᠮᠧᠲ᠋ᠷ ᠦᠷᠭᠦᠯᠵᠢᠯᠡᠭ᠌ᠰᠡᠨ᠂ 51.6 ᠲᠦᠮᠡᠨ ᠮᠥ᠍ ᠲᠠᠯᠠᠪᠠᠶ ᠪᠥᠬᠥᠶ 《ᠨᠤᠮᠢᠨ ᠨᠤᠭᠤᠭᠠᠨ ᠣᠷᠳᠣ ᠴᠠᠭᠠᠨ ᠬᠡᠷᠡᠮ》 ᠬᠠᠷᠠᠭᠠᠨ᠎ᠳᠤ ᠲᠣᠳᠣᠷᠠᠨ᠎ᠠ᠃

《20 ᠳ᠋ᠤᠭᠠᠷ ᠵᠠᠭᠤᠨ᠎ᠤ ᠲᠠᠪᠢᠭᠠᠳ ᠣᠨ᠎ᠡᠴᠡ ᠡᠬᠢᠯᠡᠨ᠂ ᠵᠢᠨᠲ᠋ᠠ ᠵᠢᠨ ᠠᠷᠠᠳ ᠲᠦᠮᠡᠨ ᠬᠡᠳᠦᠨ ᠠᠷᠪᠠᠨ ᠵᠢᠯ᠎ᠢ ᠨᠢᠭᠡ ᠯᠡ ᠡᠳᠦᠷ ᠮᠡᠲᠦ᠍᠎ᠦᠩᠭᠡᠷᠡᠭᠦᠯᠵᠦ᠂ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ ᠪᠠ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠎ᠶ᠋ᠢ ᠠᠬᠢᠭᠤᠯᠪᠠ》᠃ ᠵᠢᠨᠲ᠋ᠠ ᠱᠢᠶᠠᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠱᠢᠶᠠᠨ᠎ᠤ ᠳᠠᠷᠤᠭ᠎ᠠ ᠬᠤᠸᠠᠩ ᠱᠢᠶᠤᠤ ᠴᠦᠨ᠂ ᠵᠢᠨᠲ᠋ᠠ ᠱᠢᠶᠠᠨ 85 ᠲᠦᠮᠡᠨ ᠮᠦ᠍ ᠭᠠᠵᠠᠷ᠎ᠢ ᠨᠣᠭᠣᠭᠠᠷᠠᠭᠤᠯᠵᠤ ᠣᠢᠵᠢᠭᠤᠯᠤᠨ᠂ 53.9 ᠲᠦᠮᠡᠨ ᠮᠦ᠍ ᠡᠯᠡᠰᠦᠷᠭᠡᠭᠵᠢᠭᠰᠡᠨ ᠭᠠᠵᠠᠷ᠎ᠢ ᠪᠢᠲᠡᠭᠦᠮᠵᠢᠯᠡᠨ ᠴᠠᠭᠠᠵᠠᠯᠠᠵᠤ᠂ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ᠎ᠤᠨ ᠲᠠᠯᠠᠪᠠᠢ 20 ᠭᠠᠷᠤᠢ ᠵᠢᠯ ᠳᠠᠷᠠᠭᠠᠯᠠᠨ 《ᠬᠣᠣᠰ ᠬᠠᠰᠤᠭ᠍ᠳᠠᠯ》 ᠢ᠋ ᠪᠠᠲᠤᠯᠠᠵᠠᠢ ᠭᠡᠵᠤ ᠬᠡᠯᠡᠪᠡ᠃

ᠡᠨᠡ ᠬᠦ᠌ ᠬᠢᠷᠢ ᠪᠦᠲᠦᠮᠵᠢ᠎ᠶ᠋ᠢᠨ ᠬᠠᠭᠤᠳᠠᠰᠤ᠎ᠶ᠋ᠢᠨ ᠠᠷᠤ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠨᠢᠭᠤᠬᠳᠠᠵᠤ ᠪᠠᠢᠨ᠎ᠠ᠃ ᠵᠢᠨᠲ᠋ᠠ ᠱᠢᠶᠠᠨ ᠪᠣᠯᠤᠨ ᠯᠠᠨᠵᠧᠦ ᠶᠡᠬᠡ ᠰᠤᠷᠭᠠᠭᠤᠯᠢ᠂ ᠭᠠᠨᠰᠦ ᠮᠤᠵᠢ᠎ᠶ᠋ᠢᠨ ᠡᠯᠡᠰᠦ᠎ᠶ᠋ᠢ ᠵᠠᠰᠠᠬᠤ ᠰᠤᠳᠤᠯᠭᠠᠨ᠎ᠤ ᠭᠠᠵᠠᠷ ᠵᠡᠷᠭᠡ᠎ᠲᠡᠶ ᠬᠠᠮᠲᠤᠷᠠᠯᠴᠠᠵᠤ᠂ ᠱᠢᠨ᠎ᠡ ᠬᠡᠯᠪᠡᠷᠢ᠎ᠶ᠋ᠢᠨ ᠡᠯᠡᠰᠦ᠎ᠶ᠋ᠢ ᠬᠣᠷᠢᠭ᠍ᠯᠠᠬᠤ ᠲᠣᠣᠷ᠂ ᠵᠠᠭ᠎ᠢ ᠵᠠᠢᠯᠠᠵᠤ ᠰᠠᠭᠤᠯᠭᠠᠬᠤ ᠵᠡᠷᠭᠡ ᠱᠢᠨ᠎ᠡ ᠮᠡᠷᠭᠡᠵᠢᠯ᠎ᠢ ᠠᠮᠵᠢᠯᠲᠠᠲᠠᠢ ᠲᠤᠷᠱᠢᠨ ᠳᠡᠯᠭᠡᠷᠡᠭᠦᠯᠪᠡ᠃

ᠵᠢᠨᠲ᠋ᠠ ᠱᠢᠶᠠᠨ᠎ᠤ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ ᠶᠠᠪᠤᠳᠠᠯ ᠪᠣᠯ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠪᠦᠲᠦᠮᠵᠢᠲᠡᠢ ᠵᠠᠰᠠᠭ᠍ᠰᠠᠨ᠎ᠤ ᠬᠤᠷᠢᠶᠠᠩᠭᠤᠢ ᠳᠦᠷᠰᠦ ᠪᠣᠯᠤᠨ᠎ᠠ᠃ ᠶᠠᠷᠢᠯᠴᠠᠭᠠᠨ᠎ᠤ ᠬᠤᠷᠠᠯ ᠳᠡᠭᠡᠷ᠎ᠡ ᠨᠡᠢᠲᠡᠯᠡᠭ᠌ᠰᠡᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠵᠢᠡᠷ ᠬᠥᠳᠡᠭᠡ ᠲᠣᠰᠭᠣᠨ᠎ᠤ ᠬᠥᠭ᠌ᠵᠢᠯᠲᠡ᠎ᠳᠦ ᠡᠨ᠋ᠸᠷᠬᠢ ᠣᠯᠭᠣᠬᠤ ᠲᠤᠬᠠᠢ ᠱᠢᠷᠢᠰ ᠲᠤᠰᠭᠠᠢ ᠰᠡᠳᠦᠪᠲᠦ ᠮᠡᠳᠡᠭᠦᠯᠦᠯᠲᠡ᠄ 2026 ᠣᠨ᠎ᠤ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ ᠪᠣᠯᠤᠨ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠳᠠ》 ᠵᠢᠨ ᠱᠠᠳᠤᠴᠢ ᠴᠢᠨᠠᠷᠲᠠᠢ ᠦᠷ᠎ᠡ ᠪᠦᠲᠦᠭᠡᠯ᠎ᠳᠦ᠂ ᠮᠠᠨ᠎ᠤ ᠤᠯᠤᠰ ᠨᠢᠭᠡᠨᠲᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠪᠣᠯᠤᠨ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ᠎ᠢ ᠲᠠᠷᠠᠬᠠᠢ ᠪᠤᠲᠠᠷᠬᠠᠢ ᠪᠠᠢᠷᠢᠯᠠᠭᠤᠯᠤᠯᠲᠠ᠎ᠡᠴᠡ ᠬᠠᠮᠵᠢᠯᠴᠠᠨ ᠠᠬᠢᠭᠤᠯᠬᠤ ᠲᠡᠢᠰᠢ᠂ ᠲᠠᠩ ᠭᠠᠭ᠍ᠴᠠ ᠬᠦᠷᠢᠶᠡᠨ᠎ᠦ ᠵᠠᠰᠠᠯᠲᠠ᠎ᠡᠴᠡ ᠱᠢᠰᠲ᠋ᠧᠮ᠎ᠲᠡᠶ ᠵᠠᠰᠠᠯᠲᠠ ᠲᠡᠢᠰᠢ᠂ ᠰᠠᠨᠠᠭᠠᠴᠢᠯᠠᠭᠠᠲᠤ ᠪᠤᠰᠤ᠎ᠪᠠᠷ ᠠᠷᠭᠠᠴᠠᠭᠠᠵᠤ ᠪᠠᠢᠭ᠍ᠰᠠᠨ᠎ᠡᠴᠡ ᠰᠠᠨᠠᠭᠠᠴᠢᠯᠠᠭ᠎ᠠ᠎ᠡᠴᠡ᠎ᠪᠠᠨ ᠰᠡᠷᠭᠡᠢᠯᠡᠨ ᠡᠵᠡᠮᠳᠡᠬᠦ᠌ ᠲᠡᠢᠰᠢ ᠤᠷᠤᠭ᠍ᠰᠢᠯᠠᠬᠤ᠎ᠶ᠋ᠢ ᠠᠩᠬ᠎ᠠ ᠠᠯᠬᠤᠮ ᠪᠡᠶᠡᠯᠡᠭᠦᠯᠵᠠᠢ᠃ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ᠎ᠤᠨ ᠪᠠᠢᠭᠤᠯᠤᠯᠲᠠ ᠬᠢᠭᠡᠳ ᠪᠠᠭ᠎ᠠ ᠨᠡᠭᠦᠷᠡᠰᠦᠲᠥ᠋ᠷᠥᠭ᠌ᠴᠢᠳᠤ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠬᠠᠮᠵᠢᠯᠴᠠᠨ ᠠᠬᠢᠭᠤᠯᠬᠤ ᠨᠢ ᠨᠢᠭᠡᠨᠲᠡ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠦᠷᠢᠶᠡᠨ᠎ᠳᠡᠬᠢ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠪᠠ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠲᠤᠯᠭᠠᠭᠤᠷᠢᠯᠠᠯ ᠪᠣᠯᠵᠠᠢ ᠭᠡᠵᠤ ᠵᠢᠭᠠᠵᠤ ᠭᠠᠷᠭᠠᠪᠠ᠃

《ᠳᠤᠮᠳᠠᠳᠤ ᠤᠯᠤᠰ ᠱᠢᠨᠵᠢᠯᠡᠬᠦ᠌ ᠤᠬᠠᠭᠠᠨᠴᠢ᠎ᠪᠠᠷ ᠡᠯᠡᠰᠦ᠎ᠶ᠋ᠢ ᠵᠠᠰᠠᠬᠤ ᠪᠠ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ ᠨᠢᠭᠡᠨᠲᠡ ᠭᠠᠵᠠᠷ ᠱᠢᠷᠣᠶ᠎ᠶ᠋ᠢᠨ ᠮᠠᠭᠤᠳᠠᠯ᠎ᠢ ᠦᠯᠤ ᠨᠡᠮᠡᠭᠳᠡᠬᠦᠯᠬᠦ ᠵᠢ ᠡᠩ ᠲᠡᠷᠢᠭᠦᠨ᠎ᠳᠦ ᠪᠡᠶᠡᠯᠡᠭᠦᠯᠪᠡ》᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠢᠨᠵᠢᠶᠠᠩ᠎ᠤᠨ ᠠᠮᠢ ᠠᠬᠤᠶ ᠬᠢᠭᠡᠳ ᠭᠠᠵᠠᠷ ᠵᠦᠶ᠎ᠶ᠋ᠢᠨ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ ᠯᠸᠢ ᠵᠢᠶᠠ ᠴᠢᠶᠠᠩ᠂ ᠳᠤᠮᠳᠠᠳᠤ ᠤᠯᠤᠰ ᠨᠢᠭᠡᠨᠲᠡ 《ᠰᠠᠨᠰᠠᠷ ᠤᠬᠳᠠᠷᠭᠤᠢ ᠭᠠᠵᠠᠷ ᠤ᠋ᠨ ᠭᠠᠳᠠᠷᠭᠤ》 ᠵᠢ ᠨᠢᠭᠡ ᠴᠤᠭ᠍ᠴᠠᠵᠢᠭᠤᠯᠤᠭ᠍ᠰᠠᠨ ᠴᠦᠯᠯᠡᠷᠭᠡᠭ᠌ᠵᠢᠯ᠎ᠢ ᠬᠢᠨᠠᠨ ᠬᠡᠮᠵᠢᠬᠦ᠌ ᠱᠢᠰᠲ᠋ᠧᠮ᠎ᠢ ᠪᠠᠢᠭᠤᠯᠵᠤ᠂ ᠢᠨᠵᠧᠨᠧᠷᠢᠩ᠎ᠵᠢᠡᠷ ᠡᠯᠡᠰᠦ᠎ᠶ᠋ᠢ ᠵᠠᠰᠠᠬᠤ᠂ ᠠᠮᠢᠳᠤ ᠪᠣᠳᠠᠰ᠎ᠵᠢᠡᠷ ᠡᠯᠡᠰᠦ᠎ᠶ᠋ᠢ ᠵᠠᠰᠠᠬᠤ᠂ ᠬᠢᠮᠢ᠎ᠶ᠋ᠢᠨ ᠠᠷᠭ᠎ᠠ᠎ᠪᠠᠷ ᠡᠯᠡᠰᠦ᠎ᠶ᠋ᠢ ᠵᠠᠰᠠᠬᠤ ᠵᠡᠷᠭᠡ ᠱᠢᠷᠢᠰ ᠵᠠᠩᠭᠢᠯᠠᠭ᠎ᠠ᠎ᠶ᠋ᠢᠨ ᠮᠡᠷᠭᠡᠵᠢᠯ᠎ᠢ ᠪᠦᠷᠢᠯᠳᠦᠭᠦᠯᠵᠠᠢ ᠭᠡᠵᠤ ᠲᠠᠨᠢᠯᠴᠠᠭᠤᠯᠪᠠ᠃

《ᠡᠯᠡᠰᠦ᠎ᠶ᠋ᠢ ᠵᠠᠰᠠᠭ᠍ᠰᠠᠨ》 ᠡᠴᠡ 《ᠪᠠᠶᠠᠵᠢᠭ᠍ᠰᠠᠨ》 ᠬᠦᠷᠲᠡᠯ᠎ᠡ᠄ ᠡᠯᠡᠰᠦᠨ᠎ᠦ ᠠᠵᠤ ᠦᠢᠯᠡᠰ ᠨᠢ 《ᠨᠤᠭᠤᠭᠠᠨ ᠪᠦᠷᠢᠳᠤ ᠡᠴᠡ ᠠᠯᠳᠠ ᠱᠦᠬᠦᠬᠦ》 ᠵᠢ ᠪᠠᠶᠠᠯᠡᠬᠦᠯᠪᠠ

ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ᠎ᠳᠤ ᠠᠮᠢ ᠠᠬᠤᠶ᠎ᠶ᠋ᠢᠨ ᠳᠠᠩᠰᠠ᠎ᠶ᠋ᠢ ᠯᠠ ᠪᠤᠳᠤᠭᠠᠳ ᠪᠠᠢᠵᠤ ᠪᠣᠯᠬᠤ ᠦᠭᠡᠶ᠂ ᠪᠠᠰᠠ ᠠᠵᠤ ᠠᠬᠤᠶ᠎ᠶ᠋ᠢᠨ ᠳᠠᠩᠰᠠ᠎ᠶ᠋ᠢ ᠪᠣᠳᠣᠬᠤ ᠬᠡᠷᠡᠭ᠌ᠲᠡᠶ᠃

ᠵᠢᠨᠲ᠋ᠠ ᠱᠢᠶᠠᠨ᠎ᠳᠤ 《ᠳ᠋ᠠ ᠮᠦᠸᠸ ᠨᠦᠩ ᠯᠢᠨ》 ᠵᠢᠡᠷ ᠲᠥᠯᠥᠭᠡᠯᠡᠭᠦᠯᠦᠭ᠌ᠰᠡᠨ ᠲᠠᠭᠠᠭᠤᠯᠤᠬᠴᠢ ᠠᠵᠤ ᠠᠬᠤᠢᠯᠠᠯ᠂ ᠵᠠᠭ ᠮᠤᠳᠤᠨ᠎ᠤ ᠤᠢ᠎ᠶ᠋ᠢᠨ ᠳᠣᠣᠷ᠎ᠠ 15 ᠲᠦᠮᠡᠨ ᠮᠦ᠍ ᠴᠠᠭᠠᠨ ᠭᠣᠶᠣᠣ ᠵᠠᠯᠭᠠᠵᠤ᠂ ᠬᠠᠷᠮᠠᠭ᠎ᠲᠦ 3 ᠲᠦᠮᠡ ᠭᠠᠷᠤᠢ ᠮᠦ᠍ ᠤᠯᠠᠭᠠᠨ ᠭᠣᠶᠣᠣ ᠵᠠᠯᠭᠠᠵᠤ᠂ ᠲᠠᠷᠢᠬᠤ᠂ ᠡᠳ᠋ᠱᠢᠭᠦᠯᠬᠦ᠌᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠡᠯᠡᠰᠦ᠎ᠶ᠋ᠢ ᠵᠠᠰᠠᠬᠤ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠪᠡ᠃ ᠰᠠᠯᠬᠢ᠎ᠶ᠋ᠢ ᠬᠠᠯᠬᠠᠯᠠᠵᠤ ᠡᠯᠡᠰᠦ᠎ᠶ᠋ᠢ ᠲᠣᠭ᠍ᠲᠠᠪᠤᠷᠢᠵᠢᠭᠤᠯᠬᠤ ᠪᠠ ᠲᠠᠷᠢᠶᠠᠯᠠᠩ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ ᠠᠵᠢᠯ ᠵᠡᠷᠭᠡ᠎ᠪᠡᠷ ᠳᠡᠭᠡᠭ᠌ᠰᠢᠯᠡᠪᠠ᠃

ᠵᠢᠦᠴᠢᠦᠸᠠᠨ ᠬᠣᠲᠠ᠎ᠶ᠋ᠢᠨ ᠰᠤ᠌ ᠵᠧᠸ᠋ ᠲᠣᠭᠣᠷᠢᠭ᠎ᠲᠤ᠂ ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠭᠣᠪᠢ᠎ᠶ᠋ᠢᠨ ᠠᠮᠢ ᠠᠬᠤᠶ᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠡᠭᠦᠰᠦᠯ᠎ᠦᠨ ᠭᠠᠵᠠᠷ ᠪᠣᠯᠤᠭ᠍ᠰᠠᠨ᠎ᠤ ᠬᠤᠪᠢ᠎ᠳᠤ᠂ ᠲᠤᠬᠠᠶ᠎ᠶ᠋ᠢᠨ ᠭᠠᠵᠠᠷ᠎ᠤᠨ᠎ᠬᠢᠨ ᠲᠦᠬᠦᠭᠡᠷᠦᠮᠵᠢᠲᠦ ᠲᠠᠷᠢᠶᠠᠯᠠᠩ᠂ ᠲᠠᠷᠢᠶᠠᠨ ᠭᠠᠵᠠᠷ᠎ᠤᠨ ᠪᠤᠰᠤ ᠲᠦᠬᠦᠭᠡᠷᠦᠮᠵᠢᠲᠦ ᠲᠠᠷᠢᠶᠠᠯᠠᠩ᠎ᠡᠴᠡ ᠭᠣᠪᠢ᠎ᠶ᠋ᠢᠨ ᠠᠮᠢ ᠠᠬᠤᠶ᠎ᠶ᠋ᠢᠨ ᠲᠦᠬᠦᠭᠡᠷᠦᠮᠵᠢᠲᠦ ᠲᠠᠷᠢᠶᠠᠯᠠᠩ᠎ᠤᠨ ᠬᠥᠭ᠌ᠵᠢᠯᠲᠡ ᠬᠤᠪᠢᠷᠠᠯᠲᠠ᠎ᠶ᠋ᠢ ᠨᠢᠭᠡᠨᠲᠡ ᠪᠡᠶᠡᠯᠡᠭᠦᠯᠵᠡᠶ᠃

ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᠰᠤ᠌ ᠵᠧᠸ᠋ ᠲᠣᠭᠣᠷᠢᠭ᠎ᠤᠨ ᠢᠳᠡᠱᠢᠨ ᠨᠣᠭᠣᠭ᠎ᠠ᠎ᠶ᠋ᠢᠨ ᠲᠠᠯᠠᠪᠠᠶ ᠵᠢᠯ ᠲᠤᠷᠰᠢ 30 ᠲᠦᠮᠡᠨ ᠮᠤ᠌᠎ᠡᠴᠡ ᠳᠡᠭᠡᠭ᠌ᠰᠢ ᠪᠠᠢᠵᠤ᠂ ᠡᠭᠦᠨ᠎ᠳᠦ ᠨᠡᠷᠡᠨ᠎ᠦ ᠬᠡᠷᠡᠯ᠎ᠦᠨ ᠬᠦᠯᠡᠮᠵᠢ᠂ ᠪᠣᠯᠣᠳ ᠴᠠᠬᠤ᠎ᠶ᠋ᠢᠨ ᠭᠤᠯᠳᠤᠩ ᠰᠠᠷᠠᠪᠴᠢ᠎ᠪᠠᠷ ᠭᠤᠤᠯ ᠪᠣᠯᠭᠠᠭ᠍ᠰᠠᠨ ᠲᠥᠬᠥᠭᠡᠷᠦᠮᠵᠢᠲᠦ ᠢᠳᠡᠱᠢᠨ ᠨᠣᠭᠣᠭ᠎ᠠ᠎ᠶ᠋ᠢᠨ ᠲᠠᠯᠠᠪᠠᠶ 9.3 ᠲᠦᠮᠡᠨ ᠮᠤ᠌᠎ᠳᠦ ᠬᠦᠷᠴᠦ᠍᠂ 《ᠠᠵᠤ ᠠᠬᠤᠢᠯᠠᠯ + ᠰᠠᠭᠤᠷᠢᠨ + ᠲᠠᠷᠢᠶᠠᠴᠢᠨ ᠡᠷᠦᠬᠡ》᠂ ᠨᠢᠭᠡᠳᠦᠯᠲᠡᠶ ᠪᠣᠷᠣᠯᠠᠭᠤᠯᠵᠦ ᠬᠣᠯᠪᠣᠭᠠᠯᠠᠨ ᠡᠵᠡᠩᠨᠡᠬᠦ᠌ ᠵᠡᠷᠭᠡ ᠠᠵᠤ ᠦᠶ᠋ᠯᠡᠰ᠎ᠦᠨ ᠬᠠᠮᠲᠤᠷᠠᠯᠴᠠᠭᠠᠨ᠎ᠤ ᠵᠠᠭ᠍ᠪᠤᠷ᠎ᠢᠶᠠᠷ ᠳᠠᠮᠵᠢᠭᠤᠯᠤᠨ᠂ 1.8 ᠲᠦᠮᠡᠨ ᠲᠠᠷᠢᠶᠠᠴᠢᠨ ᠡᠷᠦᠬᠡ᠎ᠶ᠋ᠢ ᠳᠠᠢᠴᠢᠯᠠᠨ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠎ᠢ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠤᠭ᠍ᠰᠠᠨ ᠪᠠᠢᠨ᠎ᠠ᠃

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠳᠤᠮᠳᠠᠳᠤ ᠤᠯᠤᠰ᠎ᠲᠤ ᠰᠠᠭᠤᠭ᠎ᠠ ᠵᠣᠬᠢᠴᠠᠭᠤᠯᠤᠭ᠍ᠴᠢ ᠵᠢᠶ᠍ᠸ ᠰᠧ ᠾᠧᠩ᠂ ᠳᠤᠮᠳᠠᠳᠤ ᠤᠯᠤᠰ᠎ᠤᠨ ᠡᠯᠡᠰᠦ᠎ᠶ᠋ᠢ ᠵᠠᠰᠠᠭ᠍ᠰᠠᠨ ᠦᠢᠯᠡᠳᠦᠯᠭᠡ ᠨᠢ ᠡᠷᠬᠢᠮ ᠨᠠᠨᠳᠢᠨ ᠲᠤᠷᠱᠢᠯᠭ᠎ᠠ ᠬᠠᠩᠭᠠᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠬᠠᠯᠬᠠᠪᠴᠢ ᠤᠢ᠎ᠶ᠋ᠢᠨ ᠢᠨᠵᠧᠨᠧᠷᠢᠩ ᠵᠡᠷᠭᠡ ᠲᠦᠷᠦᠯ ᠵᠦᠢᠯ᠎ᠨᠢ ᠬᠡᠷᠬᠢᠨ ᠠᠯᠤᠰ ᠬᠡᠳᠤ᠎ᠶ᠋ᠢᠨ ᠲᠥᠯᠥᠪᠵᠢᠭᠦᠯᠭᠡ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠵᠢᠴᠢ ᠨᠡᠢᠭᠡᠮ᠎ᠦᠨ ᠤᠷᠤᠯᠴᠠᠯᠭ᠎ᠠ ᠵᠢ ᠢᠯᠡᠷᠡᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠢ ᠰᠡᠷᠭᠦᠭᠡᠬᠦ᠌ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠠᠬᠢᠭᠤᠯᠵᠠᠢ ᠭᠡᠵᠤ ᠢᠯᠡᠳᠭᠡᠪᠡ᠃

《ᠳᠤᠮᠳᠠᠳᠤ ᠤᠯᠤᠰ᠎ᠤᠨ ᠦᠢᠯᠡᠳᠦᠯᠭᠡ》 ᠡᠴᠡ 《ᠪᠦᠬᠦ᠌ ᠪᠥᠮᠪᠥᠷᠴᠡᠭ᠎ᠦᠨ ᠲᠥᠰᠦᠯ》 ᠬᠦᠷᠲᠡᠯ᠎ᠡ᠄ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠨᠢ ᠪᠣᠬᠢᠷᠲᠤᠯ ᠦᠭᠡᠢ ᠤᠶᠤᠨᠲᠦ ᠵᠢ ᠬᠠᠮᠲᠤ᠎ᠪᠠᠷ ᠡᠳ᠋ᠯᠡᠨ᠎ᠠ

ᠳᠤᠮᠳᠠᠳᠤ ᠤᠯᠤᠰ᠎ᠤᠨ ᠡᠯᠡᠰᠦ᠎ᠶ᠋ᠢ ᠵᠠᠰᠠᠭ᠍ᠰᠠᠨ ᠲᠤᠷᠱᠢᠯᠭ᠎ᠠ᠎ᠶ᠋ᠢ ᠳᠡᠯᠡᠬᠡᠢ ᠳ᠋ᠠᠬᠢᠨ᠎ᠶᠠᠭ ᠬᠠᠮᠲᠤ᠎ᠪᠠᠷ ᠡᠳ᠋ᠯᠡᠵᠦ᠍ ᠪᠠᠢᠨ᠎ᠠ᠃ᠳᠤᠮᠳᠠᠳᠤ ᠤᠯᠤᠰ᠎ᠤᠨ ᠣᠯᠠᠨ ᠤᠯᠤᠰ᠎ᠤᠨ ᠠᠵᠤ ᠠᠬᠤᠶ ᠮᠡᠷᠭᠡᠵᠢᠯ᠎ᠦᠨ ᠰᠣᠯᠢᠯᠴᠠᠭᠠᠨ᠎ᠤ ᠲᠥᠪ᠎ᠦᠨ ᠳᠡᠳ᠋ ᠡᠷᠬᠢᠯᠡᠭ᠌ᠴᠢ ᠠᠶ ᠶᠢᠨ ᠹᠠᠩ᠂ ᠳᠤᠮᠳᠠᠳᠤ ᠤᠯᠤᠰ ᠵᠢᠵᠢᠭ ᠤᠰᠤᠨ ᠴᠠᠬᠢᠯᠭᠠᠨ᠂ ᠨᠡᠷᠡᠨ᠎ᠦ ᠡᠨᠧᠷᠭᠢ᠂ ᠨᠠᠮᠤᠭ᠎ᠤᠨ ᠬᠡᠶ ᠵᠡᠷᠭᠡ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠮᠡᠷᠭᠡᠵᠢᠯ᠎ᠦᠨ ᠬᠠᠮᠲᠤᠷᠠᠯᠴᠠᠭ᠎ᠠ᠎ᠶ᠋ᠢ ᠢᠳᠡᠪᠬᠢᠲᠡᠶ ᠳᠡᠮᠵᠢᠬᠦ᠌᠎ᠶ᠋ᠢᠨ ᠬᠠᠮᠲᠤ ᠪᠥᠬᠥ᠌ ᠪᠥᠮᠪᠥᠷᠴᠡᠭ᠎ᠦᠨ ᠬᠥᠭ᠌ᠵᠢᠯᠲᠡ ᠪᠠ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠠᠮᠲᠤᠷᠠᠯᠴᠠᠭᠠᠨ᠎ᠤ ᠰᠠᠭᠤᠷᠢ ᠮᠥᠩᠭᠥ᠎ᠪᠡᠷ ᠳᠠᠮᠵᠢᠭᠤᠯᠤᠨ᠂ ᠠᠹᠷᠢᠺᠠ ᠲᠢᠪ ᠵᠡᠷᠭᠡ ᠭᠠᠵᠠᠷ᠎ᠲᠤ ᠠᠮᠤ ᠪᠤᠳᠠᠭᠠᠨ᠎ᠤ ᠲᠤᠰᠠᠯᠠᠮᠵᠢ᠂ ᠠᠭᠤᠷ ᠠᠮᠢᠰᠭᠤᠯ᠎ᠳᠤ ᠵᠣᠬᠢᠴᠠᠬᠤ ᠬᠡᠯᠪᠡᠷᠢ᠎ᠶ᠋ᠢᠨ ᠲᠠᠷᠢᠶᠠᠯᠠᠩ᠎ᠤᠨ ᠪᠣᠯᠪᠠᠰᠤᠷᠠᠯ᠎ᠢ ᠥᠷᠨᠢᠭᠦᠯᠵᠦ᠍᠂ ᠪᠠᠭᠤᠷᠠᠢ ᠭᠠᠵᠠᠷ ᠣᠷᠣᠨ᠎ᠢ ᠬᠠᠪᠰᠤᠷᠤᠨ ᠠᠭᠤᠷ ᠠᠮᠢᠰᠭᠤᠯ᠎ᠢ ᠠᠷᠭᠠᠴᠠᠭᠠᠬᠤ ᠴᠢᠳᠠᠪᠤᠷᠢ᠎ᠶ᠋ᠢ ᠨᠢ ᠳᠡᠭᠡᠭ᠌ᠰᠢᠯᠡᠭᠦᠯᠦᠨ᠎ᠡ ᠭᠡᠵᠦ ᠲᠠᠨᠢᠯᠴᠠᠭᠤᠯᠪᠠ᠃

ᠡᠯᠡᠰᠦᠨ ᠴᠥᠯ᠎ᠦᠨ ᠵᠠᠭ ᠮᠤᠳᠤᠨ᠎ᠤ ᠣᠶ᠎ᠡᠴᠡ ᠭᠣᠪᠢ᠎ᠶ᠋ᠢᠨ ᠨᠡᠷᠡᠨ᠎ᠦ ᠬᠡᠷᠡᠯ᠎ᠦᠨ ᠬᠦᠯᠡᠮᠵᠢ ᠬᠦᠷᠲᠡᠯ᠎ᠡ᠂ ᠳᠤᠮᠳᠠᠳᠤ ᠤᠯᠤᠰ᠎ᠤᠨ ᠡᠯᠡᠰᠦ᠎ᠶ᠋ᠢ ᠵᠠᠰᠠᠭ᠍ᠰᠠᠨ ᠲᠤᠷᠱᠢᠯᠭ᠎ᠠ ᠶᠠᠭ ᠠᠭᠤᠯᠠ ᠲᠡᠯᠡᠶ᠎ᠶ᠋ᠢ ᠳᠠᠪᠠᠵᠤ᠂ ᠮᠠᠦ᠋ᠷᠢᠲ᠋ᠠᠨᠢᠶ᠎ᠠ᠂ ᠺᠠᠽᠠᠭ᠍ᠰᠲ᠋ᠠᠨ ᠵᠡᠷᠭᠡ ᠤᠯᠤᠰ᠎ᠲᠤ ᠦᠨᠳᠦᠰᠦᠯᠡᠵᠡᠶ᠃ ᠳᠤᠮᠳᠠᠳᠤ ᠠᠹᠷᠢᠺᠠ᠂ ᠳᠤᠮᠳᠠᠳᠤ ᠮᠣᠩᠭᠣᠯ᠂ ᠳᠤᠮᠳᠠᠳᠤ ᠠᠷᠠᠪ᠂ ᠳᠤᠮᠳᠠᠳᠤ ᠤᠯᠤᠰ — ᠳᠤᠮᠳᠠ ᠠᠽᠢᠶ᠎ᠠ ᠵᠡᠷᠭᠡ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠬᠠᠮᠲᠤᠷᠠᠯᠴᠠᠭᠠᠨ᠎ᠤ ᠲᠠᠪᠴᠠᠩ᠎ᠳᠤ ᠲᠦᠱᠢᠭ᠌ᠯᠡᠵᠦ᠍᠂ ᠳᠤᠮᠳᠠᠳᠤ ᠤᠯᠤᠰ ᠨᠢᠭᠡᠨᠲᠡ ᠮᠣᠩᠭᠣᠯ ᠤᠯᠤᠰ᠂ ᠳᠤᠮᠳᠠ ᠠᠽᠢᠶ᠎ᠠ ᠵᠢᠴᠢ ᠠᠹᠷᠢᠺᠠ ᠲᠢᠪ᠎ᠦᠨ ᠨᠤᠮᠢᠨ ᠨᠤᠭᠤᠭᠠᠨ ᠤᠷᠳᠤ ᠴᠠᠭᠠᠨ ᠬᠡᠷᠡᠮ ᠳᠠᠭᠠᠤ ᠤᠯᠠᠨ ᠮᠡᠷᠭᠡᠵᠢᠯ᠎ᠦᠨ ᠲᠤᠷᠱᠢᠯᠲᠠ ᠪᠣᠯᠤᠨ ᠵᠢᠱ᠌ᠢᠢ᠎ᠡ ᠦᠵᠡᠭᠦᠯᠬᠦ᠌ ᠰᠠᠭᠤᠷᠢᠨ᠎ᠢ ᠪᠠᠢᠭᠤᠯᠪᠠ᠃

ᠮᠣᠩᠭᠣᠯ ᠤᠯᠤᠰ᠎ᠲᠤ᠂ ᠳᠤᠮᠳᠠᠳᠤ ᠤᠯᠤᠰ᠎ᠤᠨ ᠲᠤᠰᠭᠠᠶ ᠮᠡᠷᠭᠡᠵᠢᠯᠲᠡᠨ 《ᠠᠷᠪᠠᠨ ᠳ᠋ᠦᠩᠱᠢᠭᠤᠷ ᠰᠠᠭᠤᠷᠢ ᠮᠣᠳᠣ ᠤᠷᠭᠤᠭᠤᠯᠬᠤ ᠲᠥᠯᠥᠪᠯᠡᠭᠡ》᠎ᠳ᠋ᠤ ᠣᠷᠣᠯᠴᠠᠵᠤ᠂ ᠡᠪᠡᠰᠦᠨ ᠲᠦᠷᠪᠡᠯᠵᠢᠭᠡᠰᠦ᠎ᠪᠡᠷ ᠡᠯᠡᠰᠦ᠎ᠶ᠋ᠢ ᠵᠠᠰᠠᠬᠤ ᠪᠠ ᠭᠠᠩ᠎ᠳᠤ ᠲᠡᠰᠪᠦᠷᠢᠲᠡᠶ ᠤᠷᠭᠤᠮᠠᠯ ᠳᠠᠷᠢᠬᠤ ᠮᠡᠷᠭᠡᠵᠢᠯ᠎ᠢ ᠳᠡᠯᠭᠡᠷᠡᠭᠦᠯᠵᠦ᠍᠂ ᠠᠮᠢ ᠠᠬᠤᠶ᠎ᠶ᠋ᠢ ᠰᠡᠷᠭᠦᠭᠡᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠪᠠ; ᠰᠠᠦ᠋ᠳᠢ ᠠᠷᠠᠪ᠎ᠲᠤ᠂ ᠳᠤᠮᠳᠠᠳᠤ ᠤᠯᠤᠰ᠎ᠤᠨ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠵᠠᠭ᠍ᠪᠤᠷ ᠠᠮᠵᠢᠯᠲᠠ᠎ᠲᠠᠶ ᠨᠠᠢᠳᠠᠪᠤᠷᠢᠵᠢᠭᠤᠯᠤᠭ᠍ᠳᠠᠵᠤ᠂ ᠴᠦᠯᠯᠡᠷᠭᠡᠭ᠌ᠵᠢᠯ᠎ᠤᠨ ᠠᠰᠠᠭᠤᠳᠠᠯ᠎ᠢ ᠨᠠᠮᠳᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠳᠤ ᠱᠢᠨ᠎ᠡ ᠰᠡᠳᠭᠢᠮᠵᠢ ᠬᠠᠩᠭᠠᠪᠠ ᠁

《ᠢᠷᠡᠭᠡᠳᠦᠶ᠎ᠳᠦ᠂ ᠳᠤᠮᠳᠠᠳᠤ ᠤᠯᠤᠰ ᠠᠷᠠᠯ ᠲᠠᠩᠭᠢᠰ᠎ᠤᠨ ᠠᠮᠢ ᠠᠬᠤᠶ᠎ᠶ᠋ᠢᠨ ᠵᠠᠰᠠᠯᠲᠠ᠂ ᠠᠹᠷᠢᠺᠠ ᠲᠢᠪ᠎ᠦᠨ ᠨᠤᠮᠢᠨ ᠨᠤᠭᠤᠭᠠᠨ ᠣᠷᠳᠣ ᠴᠠᠭᠠᠨ ᠬᠡᠷᠡᠮ᠎ᠦᠨ ᠪᠥᠲᠥᠭᠡᠨ ᠪᠠᠢᠭᠤᠯᠤᠯᠲᠠ ᠵᠢᠴᠢ 〈ᠨᠢᠭᠡ ᠪᠦᠰᠡ ᠨᠢᠭᠡ ᠵᠠᠮ〉᠎ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠪᠣᠳᠠᠲᠠᠶ ᠬᠢᠵᠦ ᠱᠢᠨ᠎ᠡ᠎ᠪᠡᠷ ᠬᠢᠵᠦ᠍᠂ ᠪᠥᠬᠥ᠌ ᠪᠥᠮᠪᠥᠷᠴᠡᠭ᠎ᠦᠨ ᠴᠦᠯᠯᠡᠷᠬᠡᠭ᠌ᠵᠢᠯ᠎ᠦᠨ ᠵᠠᠰᠠᠯᠲᠠ᠎ᠳᠤ ᠨᠠᠩ ᠣᠯᠠᠨ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠯᠸᠢ ᠵᠢᠶᠠ ᠴᠢᠶᠠᠩ ᠬᠡᠯᠡᠪᠡ᠃

ᠳᠤᠮᠳᠠᠳᠤ ᠤᠯᠤᠰ᠎ᠲᠤ ᠰᠠᠭᠤᠭ᠎ᠠ ᠮᠠᠦ᠋ᠷᠢᠲ᠋ᠠᠨᠢᠶ᠎ᠠ ᠵᠢᠨ ᠡᠯᠴᠢᠨ ᠰᠠᠢᠳ ᠮᠦᠬᠠᠨᠮᠦ᠋ᠳ᠋·ᠠᠪᠦ᠋ᠳ᠋ᠦ᠋ᠯᠠᠰᠢ· ᠸᠢᠯᠠᠯᠢ᠄ 《20 ᠳ᠋ᠤᠭᠠᠷ ᠵᠠᠭᠤᠨ᠎ᠤ ᠵᠢᠷᠠᠭᠠᠳ ᠣᠨ᠎ᠤ ᠰᠡᠭᠦᠯᠴᠢ᠎ᠡᠴᠡ ᠨᠠᠭᠠᠰᠢ᠂ ᠮᠠᠦ᠋ᠷᠢᠲ᠋ᠠᠨᠢᠶ᠎ᠠ ᠭᠠᠩ ᠬᠠᠭ᠍ᠰᠠᠷᠠᠭᠠᠨ ᠪᠠ ᠴᠦᠯᠯᠡᠷᠭᠡᠭ᠌ᠵᠢᠯ᠎ᠤᠨ ᠵᠣᠪᠠᠯᠠᠩ᠎ᠢ ᠬᠠᠨᠤᠲᠠᠯ᠎ᠠ ᠠᠮᠰᠠᠪᠠ᠃ ᠳᠤᠮᠳᠠᠳᠤ ᠠᠹᠷᠢᠺᠠ᠎ᠶ᠋ᠢᠨ ᠮᠠᠦ᠋ᠷᠢᠲ᠋ᠠᠨᠢᠶ᠎ᠠ ᠳ᠋ᠤ ᠥᠷᠨᠢᠭᠦᠯᠦᠭ᠌ᠰᠡᠨ ᠬᠠᠮᠲᠤᠷᠠᠯᠴᠠᠭᠠᠨ᠎ᠤ ᠲᠦᠷᠦᠯ ᠵᠦᠢᠯ ᠨᠢ ᠠᠹᠷᠢᠺᠠ ᠲᠢᠪ᠎ᠦᠨ ᠪᠣᠬᠢᠷᠲᠤᠯ ᠦᠭᠡᠢ ᠬᠥᠭ᠌ᠵᠢᠯᠲᠡ᠎ᠳᠦ ᠬᠡᠪ ᠳᠠᠭᠤᠷᠢᠶᠠᠯ ᠦᠵᠡᠭᠦᠯᠵᠦ᠍᠂ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠲᠠᠯ᠎ᠠ᠎ᠪᠠᠷ᠎ᠬᠢ ᠲᠡᠷᠢᠭᠦᠨ᠎ᠦ ᠲᠤᠷᠱᠢᠯᠭ᠎ᠠ᠎ᠶ᠋ᠢ ᠠᠹᠷᠢᠺᠠ ᠲᠢᠪ᠎ᠦᠨ ᠡᠬᠡ ᠬᠠᠭᠤᠷᠠᠢ᠎ᠳᠤ ᠬᠦᠷᠲᠡᠯ᠎ᠡ ᠳᠡᠯᠭᠡᠷᠡᠭᠦᠯᠪᠡ》 ᠭᠡᠵᠡᠢ᠃

《ᠰᠠᠯᠬᠢ ᠬᠦᠳᠡᠯᠪᠡᠯ ᠴᠢᠯᠠᠭᠤ ᠬᠡᠢᠰᠬᠦ》 ᠡᠴᠡ 《ᠨᠣᠭᠣᠭᠠᠷᠠᠭᠤᠯᠤᠯᠳᠠ᠎ᠪᠡᠷ ᠰᠢᠷ᠎ᠠ ᠡᠯᠡᠰᠦ᠎ᠵᠢ ᠨᠤᠭᠲᠤᠯᠠᠬᠰᠡᠨ》 ᠯᠤᠲᠤ ᠶᠡᠬᠡ ᠬᠤᠪᠢᠷᠠᠯᠲᠠ ᠬᠦᠷᠲᠡᠯᠡᠬᠢ ᠪᠤᠯ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠠᠮᠢᠳᠤᠯᠢᠭ ᠲᠠᠢᠯᠪᠤᠷᠢ ᠪᠣᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠷᠡᠯ ᠭᠢᠯᠪᠠᠭ᠎ᠠ ᠴᠦᠯᠯᠡᠷᠬᠡᠭ ᠭᠠᠵᠠᠷ᠎ᠢ ᠭᠡᠷᠡᠯᠳᠦᠬᠦᠯᠵᠤ᠂ ᠪᠣᠬᠢᠷᠲᠤᠯ ᠦᠬᠡᠢ ᠨᠢ ᠬᠥᠭ᠌ᠵᠢᠯᠲᠡ᠎ᠶ᠋ᠢᠨ ᠬᠠᠮᠤᠭ᠎ᠤᠨ ᠢᠯᠡ ᠲᠣᠳᠣ ᠳᠡᠪᠢᠰᠭᠡᠷ ᠦᠩᠭᠡ ᠪᠤᠯᠵᠦ᠍᠂ ᠨᠡᠩ ᠤᠯᠠᠨ 《ᠴᠦᠯᠯᠡᠷᠭᠡᠭ ᠭᠠᠵᠠᠷ᠎ᠤᠳ ᠨᠣᠭᠣᠭᠠᠨ ᠪᠦᠷᠢᠳᠦ ᠪᠣᠯᠤᠭ᠍ᠰᠠᠨ》 ᠦᠯᠢᠬᠡᠷ ᠶᠠᠭ ᠦᠷᠭᠦᠯᠵᠢᠯᠡᠨ ᠪᠢᠴᠢᠭ᠌ᠯᠡᠭ᠌ᠳᠡᠵᠦ᠍ ᠪᠠᠢᠨ᠎ᠠ᠃

 (ᠰᠢᠨᠬᠤᠸᠠ ᠬᠤᠷᠢᠶ᠎ᠠ ᠵᠢᠨ ᠯᠠᠨᠵᠸᠤ ᠵᠢᠨ 6 ᠰᠠᠷ᠎ᠠ ᠵᠢᠨ 6 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号