ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠤ᠋ᠨ ᠤᠷᠳᠤᠨ ᠡᠴᠡ ᠤᠢᠯᠠᠭᠠᠭᠰᠠᠨ ᠢ᠋ᠶ᠋ᠡᠷ᠂ ᠭᠢᠷᠢᠨ ᠤ᠋ ᠬᠤᠭᠤᠴᠠᠭᠠᠲᠤ ᠰᠡᠳᠬᠦᠯ ᠤ᠋ᠨ ᠨᠡᠢᠭᠡᠮᠯᠢᠭ ᠡᠴᠡ ᠪᠡᠭᠡᠵᠢᠩ ᠲᠢᠶᠠᠨᠵᠢᠨ ᠾᠸᠪᠸᠢ ᠵᠡᠷᠭᠡ ᠣᠯᠠᠨ ᠮᠤᠵᠢ ᠣᠷᠣᠨ ᠬᠣᠲᠠ ᠶ᠋ᠢᠨ ᠬᠤᠭᠤᠴᠠᠭᠠᠲᠤ ᠰᠡᠳᠬᠦᠯ ᠤ᠋ᠨ ᠠᠵᠢᠯ ᠲᠥᠷᠥᠯ ᠤ᠋ᠨ ᠨᠡᠢᠭᠡᠮᠯᠢᠭ ᠲᠡᠶ ᠬᠠᠮᠲᠤᠷᠠᠨ ᠡᠷᠭᠢᠯᠡᠭ᠌ᠰᠡᠨ ᠭᠤᠷᠪᠠᠳᠤᠭᠠᠷ ᠬᠤᠭᠤᠴᠠᠭᠠᠨ ᠤ᠋ ᠵᠡᠭᠦᠨ ᠬᠣᠢᠲᠤ ᠶ᠋ᠢᠨ ᠨᠣᠮ ᠪᠢᠴᠢᠭ ᠤ᠋ᠨ ᠠᠷᠠᠯᠵᠢᠶᠠᠨ ᠤ᠋ ᠦᠵᠡᠰᠭᠦᠯᠡᠩ ᠳ᠋ᠦ᠂ ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠤᠷᠤᠨ ᠤ᠋ ᠰᠣᠶᠣᠯ ᠤ᠋ᠨ ᠣᠷᠳᠣᠨ ᠡᠴᠡ ᠭᠤᠤᠯᠯᠠᠨ ᠡᠷᠭᠢᠯᠡᠵᠦ ᠪᠠᠢᠭ᠎ᠠ 《ᠬᠤᠨ ᠭᠠᠯᠠᠭᠤ》 ᠰᠡᠳᠬᠦᠯ ᠨᠢ 2026 《ᠤᠮᠠᠷᠠᠲᠤ ᠣᠷᠣᠨ ᠵᠢᠴᠢ ᠬᠣᠯᠪᠣᠭ᠍ᠳᠠᠯ ᠪᠥᠬᠥᠶ ᠮᠤᠵᠢ ᠣᠷᠣᠨ ᠬᠣᠲᠠ ᠶ᠋ᠢᠨ ᠰᠣᠳᠣᠨ ᠬᠤᠭᠤᠴᠠᠭᠠᠲᠤ ᠰᠡᠳᠬᠦᠯ ᠤ᠋ᠨ ᠬᠠᠮᠲᠤᠷᠠᠭ᠍ᠰᠠᠨ ᠦᠵᠡᠭᠦᠯᠭᠡ》 ᠪᠣᠯᠤᠨ 2026 《ᠤᠮᠠᠷᠠᠲᠤ ᠣᠷᠣᠨ ᠵᠢᠴᠢ ᠬᠣᠯᠪᠣᠭ᠍ᠳᠠᠯ ᠪᠥᠬᠥᠶ ᠮᠤᠵᠢ ᠣᠷᠣᠨ ᠬᠣᠲᠠ ᠶ᠋ᠢᠨ ᠬᠤᠭᠤᠴᠠᠭᠠᠲᠤ ᠰᠡᠳᠬᠦᠯ ᠤ᠋ᠨ ᠰᠣᠶᠣᠯ ᠤ᠋ᠨ ᠪᠦᠲᠦᠭᠡᠯᠴᠢ ᠪᠦᠲᠦᠭᠡᠯ ᠤ᠋ᠨ ᠬᠠᠮᠲᠤᠷᠠᠭ᠍ᠰᠠᠨ ᠦᠵᠡᠭᠦᠯᠭᠡ》 ᠳ᠋ᠤ ᠰᠣᠩᠭᠣᠭ᠍ᠳᠠᠵᠦ᠂ ᠨᠢᠭᠡ ᠯᠡ ᠳᠡᠭᠡᠷ᠎ᠡ 2 ᠵᠦᠶ᠋ᠯ ᠤ᠋ᠨ ᠴᠢᠬᠤᠯᠠ ᠢᠷᠠᠭᠤ ᠠᠯᠳᠠᠷ ᠢ᠋ ᠬᠦᠷᠳᠡᠪᠡ᠃
《ᠬᠤᠨ ᠭᠠᠯᠠᠭᠤ》 ᠰᠡᠳᠬᠦᠯ ᠢ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠭᠣᠣᠯᠯᠠᠨ ᠬᠠᠮᠢᠶᠠᠷᠴᠤ᠌᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠣᠷᠳᠣᠨ ᠡᠴᠡ ᠭᠣᠣᠯᠯᠠᠨ ᠡᠷᠬᠢᠯᠡᠵᠦ᠂ ᠨᠢᠬᠡᠨᠳᠡ 70 ᠵᠢᠯ ᠤ᠋ᠨ ᠲᠡᠦᠬᠡ ᠲᠡᠶ ᠪᠤᠯᠵᠤ᠂ ᠤᠯᠠᠨ ᠲᠦᠮᠡᠨ ᠤ᠋ ᠳᠤᠮᠳᠠ ᠬᠦᠨ ᠦᠨᠳᠦᠰᠦᠯᠡᠭᠰᠡᠨ ᠥᠪᠥᠷ ᠮᠣᠩᠭᠣᠯ ᠤ᠋ᠨ ᠲᠥᠯᠥᠭᠡᠯᠡᠬᠦ᠌ ᠴᠢᠨᠠᠷᠲᠠᠢ ᠤᠯᠠᠨ ᠲᠦᠮᠡᠨᠴᠢ ᠰᠣᠶᠣᠯ ᠤᠷᠠᠯᠢᠭ ᠤ᠋ᠨ ᠲᠤᠰᠭᠠᠢ ᠰᠡᠳᠬᠦᠯ ᠪᠣᠯᠤᠨ᠎ᠠ᠃ ᠲᠣᠰ ᠰᠡᠳᠬᠦᠯ ᠨᠢ 2004 ᠣᠨᠳᠤ ᠠᠩᠬᠠᠳᠤᠭᠠᠷ ᠬᠤᠭᠤᠴᠠᠭᠠᠨ ᠤ᠋ 《ᠤᠮᠠᠷᠠᠲᠤ ᠶ᠋ᠢᠨ ᠱᠢᠯᠢᠳᠡᠭ ᠬᠤᠭᠤᠴᠠᠭᠠᠲᠤ ᠰᠡᠳᠬᠦᠯ ᠤ᠋ᠨ ᠱᠠᠩᠨᠠᠯ》 ᠢ᠋ ᠲᠤᠰᠤᠭᠰᠠᠨ ᠤ᠋ ᠳᠠᠷᠠᠭ᠎ᠠ ᠤᠮᠠᠷᠠᠲᠤ ᠣᠷᠣᠨ ᠤ᠋ ᠬᠤᠭᠤᠴᠠᠭᠠᠲᠤ ᠰᠡᠳᠬᠦᠯ ᠤ᠋ᠨ ᠠᠵᠢᠯ ᠲᠥᠷᠥᠯ ᠤ᠋ᠨ ᠢᠷᠠᠭᠤ ᠠᠯᠳᠠᠷ ᠢ᠋ ᠳᠠᠬᠢᠨᠲᠠ ᠭᠥᠷᠳᠡᠵᠦ᠍᠂ ᠠᠵᠢᠯ ᠲᠥᠷᠥᠯ ᠤ᠋ᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ ᠤ᠋ 《ᠬᠤᠨ ᠭᠠᠯᠠᠭᠤ》 ᠰᠡᠳᠬᠦᠯ ᠤ᠋ᠨ ᠰᠡᠳᠭᠦᠯ ᠡᠷᠭᠢᠯᠡᠬᠦ᠌ ᠲᠦᠪᠱᠢᠨ᠂ ᠠᠭᠤᠯᠭ᠎ᠠ ᠶ᠋ᠢᠨ ᠶᠠᠰᠤ ᠴᠢᠨᠠᠷ᠂ ᠰᠣᠶᠣᠯ ᠤ᠋ᠨ ᠱᠢᠨ᠎ᠡ ᠵᠢ ᠡᠭᠦᠳᠬᠦ᠌ ᠴᠢᠳᠠᠪᠤᠷᠢ ᠶ᠋ᠢᠨ ᠲᠤᠬᠠᠶ ᠬᠦᠢᠴᠡᠳ ᠦᠨᠡᠯᠡᠯᠳᠡ ᠵᠢ ᠤᠯᠵᠠᠢ᠃ ᠲᠣᠰ ᠬᠤᠭᠤᠴᠠᠭᠠᠨ ᠤ᠋ ᠨᠣᠮ ᠤ᠋ᠨ ᠦᠵᠡᠰᠭᠦᠯᠡᠩ ᠤ᠋ᠨ ᠬᠤᠭᠤᠴᠠᠭᠠᠲᠤ ᠰᠡᠳᠬᠦᠯ ᠤ᠋ᠨ ᠲᠤᠰᠭᠠᠶ ᠰᠡᠳᠦᠪᠲᠦ ᠦᠵᠡᠭᠦᠯᠭᠡ ᠶ᠋ᠢᠨ ᠲᠣᠭᠣᠷᠢᠭ ᠤ᠋ᠨ ᠲᠥᠪᠯᠡᠷᠡᠩᠬᠦᠢ ᠳᠡᠯᠭᠡᠨ ᠦᠵᠡᠭᠦᠯᠭᠡ ᠪᠤᠯᠤᠨ ᠦᠵᠡᠭᠦᠯᠭᠡ ᠶ᠋ᠢᠨ ᠳᠠᠷᠠᠭᠠᠬᠢ ᠲᠤᠰᠭᠠᠶ ᠲᠣᠭᠣᠷᠢᠭ ᠤ᠋ᠨ ᠣᠷᠳᠣ ᠬᠤᠭᠤᠴᠠᠭᠠᠨ ᠤ᠋ ᠪᠦᠲᠦᠮᠵᠢᠲᠡᠶ ᠦᠵᠡᠭᠦᠯᠭᠡ ᠪᠡᠷ ᠲᠠᠮᠵᠢᠨ 《ᠬᠤᠨ ᠭᠠᠯᠠᠭᠤ》 ᠰᠡᠳᠬᠦᠯ ᠤ᠋ᠨ ᠳᠠᠮᠵᠢᠭᠤᠯᠭ᠎ᠠ ᠶ᠋ᠢᠨ ᠬᠠᠮᠤᠷᠬᠤ ᠬᠡᠪᠴᠢᠶ᠎ᠡ ᠤᠯᠠᠮ ᠨᠢᠭᠡ ᠠᠯᠬᠤᠮ ᠦᠷᠬᠡᠳᠴᠦ᠂ ᠲᠥᠷᠥᠯ ᠲᠡᠮᠳᠡᠭ ᠤ᠋ᠨ ᠨᠥᠯᠥᠭᠡᠯᠡᠬᠦ᠌ ᠬᠦᠴᠦᠨ ᠪᠠ ᠠᠵᠢᠯ ᠲᠥᠷᠥᠯ ᠤ᠋ᠨ ᠢᠷᠠᠭᠤ ᠠᠯᠳᠠᠷ ᠤ᠋ᠨ ᠬᠡᠮᠵᠢᠶ᠎ᠡ ᠨᠢ ᠤᠯᠠᠮ ᠴᠢᠩᠭᠠᠷᠠᠵᠠᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号