ᠦᠪᠦᠷ ᠮᠤᠩᠭᠤᠯ᠎ᠤᠨ ᠤᠳᠤ ᠦᠶ᠎ᠡ ᠵᠢᠨ ᠳᠠᠭᠤᠤ ᠬᠥᠭᠵᠢᠮ᠎ᠤᠨ ᠮᠦᠽᠸᠢ ᠡᠷᠦᠬᠡ ᠪᠡᠨ ᠰᠠᠭᠦᠯ᠎ᠡ
2026-06-09 15:21:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ ᠵᠢᠨ 6᠎ᠤ ᠡᠳᠦᠷ᠂ ᠦᠪᠦᠷ ᠮᠤᠩᠭᠤᠯ᠎ᠤᠨ ᠤᠳᠤ ᠦᠶ᠎ᠡ ᠵᠢᠨ ᠳᠠᠭᠤᠤ ᠬᠥᠭᠵᠢᠮ᠎ᠤᠨ ᠮᠦᠽᠸᠢ ᠬᠥᠬᠡᠬᠤᠲᠠ ᠵᠢᠨ ᠬᠤᠷᠢᠨᠭᠡᠷ ᠰᠢᠶᠠᠨ᠎ᠤ ᠳᠠᠢᠴᠢᠳ ᠳᠤᠰᠬᠤᠨ᠎ᠳᠤ ᠡᠷᠦᠬᠡ ᠪᠠᠨ ᠰᠡᠬᠦᠪᠡ᠃ ᠡᠨᠡᠬᠦ ᠤᠷᠴᠢᠨ ᠤᠳᠤ ᠦᠶ᠎ᠡ ᠵᠢᠨ ᠤᠷᠤᠨ ᠨᠤᠲᠤᠭ᠎ᠤᠨ ᠳᠠᠭᠤᠤ ᠬᠥᠭᠵᠢᠮ᠎ᠤᠨ ᠰᠤᠷᠪᠤᠯᠵᠢ ᠪᠢᠴᠢᠭ᠎ᠤᠨ 《ᠬᠠᠳᠠᠭᠠᠯᠠᠯᠲᠠ — ᠰᠤᠳᠤᠯᠭᠠᠨ — ᠳᠡᠯᠭᠡᠨ ᠦᠵᠡᠭᠦᠯᠭᠡ — ᠰᠤᠷᠭᠠᠨ ᠬᠦᠮᠦᠵᠢᠭᠦᠯᠦᠯ》᠎ᠳᠤ ᠠᠩᠬᠠᠷᠤᠯ ᠲᠦᠪᠯᠡᠷᠡᠭᠦᠯᠦᠭᠰᠡᠨ ᠳᠤᠰᠬᠠᠢ ᠰᠡᠳᠦᠪᠲᠦ ᠮᠦᠽᠸᠢ ᠨᠢ᠂ ᠦᠪᠦᠷ ᠮᠤᠩᠭᠤᠯ᠎ᠤᠨ ᠳᠠᠭᠤᠤ ᠭᠦᠭᠵᠢᠮ᠎ᠤᠨ ᠳᠦᠷᠦᠯ᠎ᠤᠨ ᠮᠦᠽᠸᠢ ᠵᠢᠨ ᠬᠤᠭᠤᠰᠤᠨ᠎ᠢ ᠨᠥᠬᠦᠭᠰᠡᠨ ᠪᠠᠢᠨ᠎ᠠ᠃


QQ截图20260609152352.png


ᠦᠵᠡᠭᠦᠯᠭᠡ ᠵᠢᠨ ᠤᠷᠳᠤᠨ ᠨᠢ ᠨᠡᠢᠲᠡ 4 ᠶᠡᠬᠡ ᠭᠡᠰᠡᠭ ᠬᠤᠪᠢᠶᠠᠭᠳᠠᠵᠤ᠂ 1935 ᠤᠨ ᠡᠴᠡ 1995 ᠤᠨ ᠬᠦᠷᠲᠡᠯᠡᠬᠢ ᠦᠪᠦᠷ ᠮᠤᠩᠭᠤᠯ᠎ᠤᠨ ᠳᠠᠭᠤᠤ ᠬᠥᠭᠵᠢᠮ᠎ᠤᠨ ᠲᠡᠦᠬᠡ ᠵᠢᠨ ᠳᠤᠷᠠᠰᠬᠠᠯᠲᠤ ᠵᠦᠢᠯᠡᠰ ᠪᠠ ᠰᠤᠷᠪᠤᠯᠵᠢ ᠪᠢᠴᠢᠭ 3 ᠲᠦᠮᠡᠨ ᠵᠦᠢᠯ᠎ᠢ ᠳᠡᠯᠭᠡᠨ ᠦᠵᠡᠭᠦᠯᠵᠦ᠂ ᠳᠠᠭᠤᠨ᠎ᠤ ᠨᠤᠲ᠂ ᠭᠠᠷ ᠪᠢᠴᠢᠮᠡᠯ᠂ ᠬᠠᠭᠤᠴᠢᠨ ᠭᠡᠷᠡᠯ ᠵᠢᠷᠤᠭ᠂ ᠬᠥᠭᠵᠢᠮ᠎ᠤᠨ ᠪᠠᠭᠠᠵᠢ᠂ ᠳᠠᠭᠤ ᠳᠦᠷᠰᠦ ᠰᠢᠩᠭᠡᠭᠡᠯᠲᠡ ᠵᠢᠨ ᠮᠠᠲᠸᠷᠢᠶᠠᠯ᠂ ᠲᠤᠭᠯᠠᠯᠲᠠ ᠵᠢᠨ ᠬᠤᠪᠴᠠᠰᠤ ᠵᠠᠰᠠᠯ᠂ ᠤᠳᠬ᠎ᠠ ᠤᠷᠠᠯᠢᠭ᠎ᠤᠨ ᠪᠦᠯᠬᠦᠮ ᠨᠡᠢᠲᠡ ᠵᠢᠨ ᠳᠠᠩᠰᠠ ᠡᠪᠬᠡᠮᠡᠯ ᠵᠡᠷᠭᠡ ᠬᠤᠪᠤᠷ ᠨᠠᠨᠳᠢᠨ ᠲᠡᠦᠬᠡᠨ ᠮᠠᠲᠸᠷᠢᠶᠠᠯ᠎ᠤᠳ ᠨᠢ ᠦᠪᠦᠷ ᠮᠤᠩᠭᠤᠯ᠎ᠤᠨ ᠤᠷᠴᠢᠨ ᠤᠳᠤ ᠦᠶ᠎ᠡ ᠵᠢᠨ ᠳᠠᠭᠤᠤ ᠬᠥᠭᠵᠢᠮ᠎ᠤᠨ ᠬᠥᠭᠵᠢᠯᠲᠡ ᠵᠢᠨ ᠲᠡᠦᠬᠡ ᠵᠢ ᠡᠮᠬᠢᠯᠡᠨ ᠳᠡᠯᠭᠡᠵᠡᠢ᠃

2025 ᠤᠨ᠎ᠤ 6 ᠰᠠᠷ᠎ᠠ ᠳ᠋ᠤ᠂ ᠦᠪᠦᠷ ᠮᠤᠩᠭᠤᠯ᠎ᠤᠨ ᠤᠳᠤ ᠦᠶ᠎ᠡ ᠵᠢᠨ ᠳᠠᠭᠤᠤ ᠬᠥᠭᠵᠢᠮ᠎ᠤᠨ ᠮᠦᠽᠸᠢ ᠵᠢ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠭᠢᠮ ᠬᠠᠤᠯᠢ ᠶᠤᠰᠤᠭᠠᠷ ᠵᠥᠪᠰᠢᠶᠠᠷᠠᠨ ᠪᠠᠢᠭᠤᠯᠵᠤ᠂ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ ᠪᠤᠯ ᠳᠤᠬᠠᠢᠯᠠᠭᠰᠠᠨ ᠠᠵᠢᠯ᠎ᠤᠨ ᠬᠢᠨᠢ ᠭᠤᠤᠯᠯᠠᠨ ᠬᠠᠮᠢᠶᠠᠷᠬᠤ ᠪᠠᠢᠭᠤᠯᠭ᠎ᠠ ᠪᠤᠯᠤᠨ᠎ᠠ᠃ ᠦᠪᠤᠷ ᠮᠤᠩᠭᠤᠯ᠎ᠤᠨ ᠤᠳᠤ ᠦᠶ᠎ᠡ ᠵᠢᠨ ᠳᠠᠭᠤᠤ ᠬᠥᠭᠵᠢᠮ᠎ᠤᠨ ᠮᠦᠽᠸᠢ ᠵᠢᠨ ᠳᠠᠷᠤᠭ᠎ᠠ ᠯᠢᠦ ᠿᠢ ᠰᠢᠤᠢ ᠵᠢᠨ ᠲᠠᠨᠢᠯᠴᠠᠭᠤᠯᠤᠭᠰᠠᠨ ᠵᠢᠠᠷ᠂ ᠲᠡᠳᠡ ᠦᠪᠦᠷ ᠮᠤᠩᠭᠤᠯ᠎ᠤᠨ ᠳᠠᠭᠤᠤ ᠬᠥᠭᠵᠢᠮ᠎ᠤᠨ ᠰᠤᠶᠤᠯ᠎ᠳ᠋ᠠᠭᠠᠨ ᠭᠡᠰᠡᠨ ᠬᠠᠢᠷ᠎ᠠ ᠰᠡᠳᠬᠢᠯᠭᠡ ᠪᠠ ᠡᠭᠦᠷᠭᠡ ᠬᠠᠷᠢᠭᠤᠴᠠᠯᠭ᠎ᠠ ᠳ᠋ᠠᠭᠠᠨ ᠬᠦᠲᠦᠯᠦᠭᠳᠡᠨ᠂ 10 ᠭᠠᠷᠤᠢ ᠵᠢᠯ᠎ᠤᠨ ᠳᠤᠷᠰᠢ ᠠᠯᠢ ᠤᠯᠠᠨ ᠬᠦᠴᠢᠷᠳᠡᠯ᠎ᠢ ᠲᠤᠭᠤᠯᠵᠤ᠂ ᠪᠦᠬᠦ ᠤᠯᠤᠰ᠎ᠤᠨ ᠡᠯ᠎ᠡ ᠭᠠᠵᠠᠷ ᠡᠴᠡ ᠠᠪᠤᠷᠠᠨ ᠬᠠᠮᠠᠭᠠᠯᠠᠬᠤ ᠴᠢᠨᠠᠷᠲᠠᠢ ᠪᠠᠷ 3 ᠲᠦᠮᠡᠨ ᠵᠦᠢᠯ᠎ᠤᠨ ᠦᠪᠦᠷ ᠮᠤᠩᠭᠤᠯ᠎ᠤᠨ ᠳᠠᠭᠤᠤ ᠬᠥᠭᠵᠢᠮ᠎ᠤᠨ ᠲᠡᠦᠬᠡ ᠵᠢᠨ ᠳᠤᠷᠠᠰᠠᠬᠠᠯᠲᠤ ᠵᠦᠢᠯᠡᠰ ᠪᠠ ᠰᠤᠷᠪᠤᠯᠵᠢ ᠪᠢᠴᠢᠭ᠎ᠢ ᠡᠷᠢᠵᠤ ᠴᠤᠭᠯᠠᠭᠤᠯᠵᠠᠢ᠃ ᠡᠳᠡᠭᠡᠷ ᠬᠠᠳᠠᠭᠠᠯᠠᠯᠲᠠ ᠵᠢᠨ ᠪᠤᠳᠠᠰ ᠨᠢ ᠲᠦᠷᠦᠯ ᠵᠦᠢᠯ ᠵᠢᠠᠷ ᠪᠠᠶᠠᠯᠢᠭ᠂ ᠤᠨᠴᠠᠯᠢᠭ ᠢᠯᠡ ᠳᠤᠪᠤᠭᠤᠷ᠂ ᠳᠤᠰᠬᠠᠢ ᠰᠡᠳᠦᠪ ᠨᠢ ᠳᠤᠪᠤᠢᠮ᠎ᠠ ᠪᠠᠢᠵᠤ᠂ ᠲᠤᠭ᠎ᠠ ᠬᠡᠮᠵᠢᠶ᠎ᠡ ᠪᠠᠷ ᠬᠡᠪᠴᠢᠶᠡᠵᠢᠨ᠂ ᠠᠭᠤᠯᠭ᠎ᠠ ᠪᠠᠷ ᠵᠢᠠᠨ ᠰᠢᠰᠲᠸᠮᠵᠢᠵᠤ᠂ ᠢᠯᠡ ᠳᠤᠳᠤ ᠰᠤᠶᠤᠯ᠎ᠤᠨ ᠴᠡᠭᠡᠵᠢᠯᠡᠭᠦᠢ ᠪᠠᠷ ᠵᠢᠠᠨ ᠦᠪᠦᠷ ᠮᠤᠩᠭᠤᠯ᠎ᠤᠨ ᠰᠤᠶᠤᠯ᠎ᠤᠨ ᠦᠯᠢᠭᠡᠷ᠎ᠢ ᠨᠡᠩ ᠲᠡᠦᠬᠡᠨ ᠪᠠᠷᠢᠮᠲᠡ ᠲᠠᠢ᠂ ᠨᠠᠷᠢᠨ ᠵᠦᠢᠯᠡᠰ ᠲᠡᠢ᠂ ᠰᠡᠳᠬᠢᠯ᠎ᠳᠤ ᠰᠠᠭᠤᠭᠳᠠᠲᠠᠯ᠎ᠠ ᠶᠠᠷᠢᠵᠤ ᠴᠢᠳᠠᠬᠤ ᠪᠤᠯᠤᠨ᠎ᠡ ᠭᠡᠵᠦ ᠪᠠᠢᠯ᠎ᠠ᠃

ᠳᠤᠬᠠᠢ ᠵᠢᠨ ᠡᠳᠦᠷ ᠪᠠᠰᠠ 《ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠤᠳᠤ ᠦᠶ᠎ᠡ ᠵᠢᠨ ᠳᠠᠭᠤᠤ ᠬᠥᠭᠵᠢᠮ᠎ᠤᠨ ᠮᠦᠽᠸᠢ》 ᠬᠢᠭᠡᠳ 《ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠳᠠᠭᠤᠤ ᠬᠥᠭᠵᠢᠮ᠎ᠤᠨ ᠳᠡᠭᠡᠳᠦ ᠰᠤᠷᠭᠠᠭᠤᠯᠢ ᠵᠢᠨ ᠤᠶᠤᠲᠠᠳ᠎ᠤᠨ ᠦᠢᠯᠡᠳᠦᠯᠭᠡ ᠵᠢᠨ ᠰᠠᠭᠤᠷᠢᠨ》᠎ᠤ ᠫᠠᠢᠰᠠ ᠰᠡᠬᠦᠬᠦ ᠶᠤᠰᠤᠯᠠᠯ ᠶᠠᠪᠤᠭᠳᠠᠵᠠᠢ᠃

ᠢᠷᠠᠯᠲᠠ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号