6 ᠰᠠᠷ᠎ᠠ᠎ᠶᠢᠨ 12᠎ᠤᠨ ᠡᠳᠦᠷ ᠬᠢᠷᠢ ᠪᠦᠲᠦᠮᠵᠢ ᠵᠢ ᠨᠡᠢᠲᠡᠯᠡᠨ᠎ᠡ
2026-06-09 15:39:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ ᠳᠡᠭᠡᠷ᠎ᠠ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ ᠵᠢᠨ ᠪᠠᠭ᠍ᠰᠢ᠎ᠶᠢᠨ ᠬᠢᠷᠢ ᠬᠡᠮ᠎ᠦᠨ ᠨᠢᠭᠤᠷᠲᠠᠨ ᠰᠢᠯᠭᠠᠯᠲᠠ᠎ᠶᠢᠨ ᠬᠢᠷᠢ ᠪᠦᠲᠦᠮᠵᠢ᠎ᠶᠢ 6 ᠰᠠᠷ᠎ᠠ᠎ᠶᠢᠨ 12᠎ᠤᠨ ᠡᠳᠦᠷ ᠨᠡᠢᠲᠡᠯᠡᠨ᠎ᠡ᠃ ᠰᠢᠯᠭᠠᠭᠤᠯᠤᠭ᠍ᠴᠢ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ᠎ᠶᠢᠨ ᠰᠦᠯᠵᠢᠶ᠎ᠡ᠎ᠳᠦ ᠭᠠᠷᠴᠤ ᠤᠯᠤᠭᠰᠠᠨ ᠬᠤᠪᠢ ᠪᠠᠨ ᠪᠠᠢᠴᠠᠭᠠᠨ ᠯᠠᠪᠯᠠᠵᠦ ᠪᠣᠯᠣᠨ᠎ᠠ᠂ ᠪᠢᠴᠢᠭ᠎ᠦᠨ ᠰᠢᠯᠭᠠᠯᠲᠠ᠂ ᠨᠢᠭᠤᠷᠲᠠᠨ ᠰᠢᠯᠭᠠᠯᠲᠠ᠎ᠳᠤ ᠴᠦᠮ ᠬᠢᠷᠢ ᠲᠡᠩᠴᠡᠭᠰᠡᠨ ᠰᠢᠯᠭᠠᠭᠤᠯᠤᠭᠴᠢ ᠲᠠᠪᠴᠠᠩ᠎ᠠᠴᠠ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ᠎ᠳᠤ ᠬᠢᠷᠢ ᠲᠡᠩᠴᠡᠭᠰᠡᠨ ᠭᠡᠷᠡᠴᠢ ᠪᠠᠨ ᠪᠠᠭᠤᠯᠭᠠᠨ ᠠᠪᠴᠤ ᠪᠣᠯᠣᠨ᠎ᠠ᠃

ᠲᠣᠰ ᠤᠳᠠᠭᠠᠨ᠎ᠤ ᠬᠢᠷᠢ ᠪᠦᠲᠦᠮᠵᠢ᠎ᠶᠢ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠴᠠᠭ ᠨᠢ 6 ᠰᠠᠷ᠎ᠠ᠎ᠶᠢᠨ 12 ᠎ᠡᠴᠡ 21 ᠎ᠦ ᠡᠳᠦᠷ᠎ᠦᠨ 17 ᠴᠠᠭ ᠪᠣᠯᠣᠨ᠎ᠠ᠂ ᠬᠤᠭᠤᠴᠠᠭ᠎ᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠰᠢᠯᠭᠠᠭᠤᠯᠤᠭ᠍ᠴᠢ ᠡᠷᠬᠡᠪᠰᠢ ᠢᠮᠸᠯ᠎ᠢᠶᠠᠷ ᠳᠠᠮᠵᠢᠭᠤᠯᠤᠨ ᠲᠤᠬᠠᠢ᠎ᠶᠢᠨ ᠭᠠᠵᠠᠷ᠎ᠤᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠳᠤ ᠳᠠᠬᠢᠨ ᠬᠢᠨᠠᠭᠤᠯᠬᠤ ᠭᠤᠶᠤᠴᠢᠯᠠᠯ᠎ᠢᠶᠠᠨ ᠲᠤᠰᠢᠶᠠᠬᠤ ᠬᠡᠷᠡᠭᠲᠡᠢ᠃ ᠳᠠᠬᠢᠨ ᠬᠢᠨᠠᠭᠰᠠᠨ ᠦᠷ᠎ᠡ ᠳ᠋ᠦᠩ᠎ᠢ 6 ᠰᠠᠷ᠎ᠠ᠎ᠶᠢᠨ 22᠎ᠤᠨ ᠡᠳᠦᠷ᠎ᠡᠴᠡ ᠬᠣᠢᠰᠢ ᠢᠮᠸᠯ᠎ᠢᠶᠡᠷ ᠬᠠᠷᠢᠭᠤ ᠦᠭᠬᠦᠨ᠎ᠡ᠃


QQ截图20260609153918.png


ᠨᠢᠭᠤᠷᠳᠠᠨ ᠰᠢᠯᠭᠠᠯᠲᠠ᠎ᠳᠤ ᠬᠢᠷᠢ ᠲᠡᠩᠴᠡᠭᠰᠡᠨ ᠰᠢᠯᠭᠠᠭᠤᠯᠤᠭ᠍ᠴᠢ ᠪᠠᠭ᠍ᠰᠢ᠎ᠶᠢᠨ ᠬᠢᠷᠢ ᠬᠡᠮ᠎ᠢ ᠮᠠᠭᠠᠳᠯᠠᠨ ᠲᠣᠭᠲᠠᠭᠠᠯᠭᠠᠬᠤ᠎ᠪᠠᠷ ᠭᠤᠶᠤᠴᠢᠯᠠᠵᠤ ᠪᠣᠯᠣᠨ᠎ᠠ᠃ ᠮᠠᠭᠠᠳᠯᠠᠨ ᠲᠣᠭᠲᠠᠭᠠᠬᠤ ᠪᠣᠳᠠᠲᠠᠢ ᠱᠠᠭᠠᠷᠳᠠᠯᠭ᠎ᠠ᠎ᠶᠢ ᠳᠤᠮᠳᠠᠳᠤ ᠤᠯᠤᠰ᠎ᠤᠨ ᠪᠠᠭ᠍ᠰᠢ᠎ᠶᠢᠨ ᠬᠢᠷᠢ ᠬᠡᠮ᠎ᠦᠨ ᠰᠦᠯᠵᠢᠶ᠎ᠡ᠎ᠶᠢᠨ 《ᠡᠯ᠎ᠡ ᠮᠤᠵᠢ ᠣᠷᠣᠨ᠎ᠤ ᠪᠠᠭ᠍ᠰᠢ᠎ᠶᠢᠨ ᠬᠢᠷᠢ ᠬᠡᠮ᠎ᠢ ᠮᠠᠭᠠᠳᠯᠠᠨ ᠲᠣᠭᠲᠠᠭᠠᠬᠤ ᠠᠯᠪᠠᠨ ᠵᠠᠷᠯᠠᠯ᠎ᠤᠨ ᠬᠤᠷᠢᠶᠠᠩᠭᠤᠢᠯᠠᠯ》 ᠡᠴᠡ ᠦᠵᠡᠭᠡᠷᠡᠢ᠃

ᠢᠷᠡᠯᠲᠡ᠄ ᠦᠪᠦᠷ ᠮᠤᠨᠭᠭᠤᠯ᠎ᠤᠨ ᠰᠤᠷᠤᠭᠴᠢ ᠡᠯᠰᠡᠬᠦ ᠰᠢᠯᠭᠠᠯᠲᠠ ᠲᠡᠪᠴᠡᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号