ᠪᠤᠭᠤᠲᠤ ᠣᠷᠳᠣᠰ ᠲᠡᠮᠡᠭᠡᠲᠦ ᠎ᠶᠢᠨ ᠲᠦᠷᠭᠡᠨ᠎ᠦ ᠲᠡᠮᠦᠷ ᠵᠠᠮ᠎ᠤᠨ ᠪᠠᠢᠭᠤᠯᠤᠯᠳᠠ ᠳᠦᠷᠬᠡᠰᠦᠯ᠎ᠠ
2026-06-09 15:47:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠪᠤᠭᠤᠲᠤ ᠣᠷᠳᠣᠰ ᠲᠡᠮᠡᠭᠡᠲᠦ᠎ᠶᠢᠨ ᠲᠦᠷᠭᠡᠨ᠎ᠦ ᠲᠡᠮᠦᠷ ᠵᠠᠮ᠎ᠤᠨ ᠪᠤᠭᠤᠲᠤ ᠣᠷᠳᠣᠰ᠎ᠤᠨ ᠬᠡᠰᠡᠭ᠎ᠦᠨ 7 ᠵᠦᠢᠯ᠎ᠦᠨ ᠤᠷᠢᠳᠠᠴᠢ ᠴᠢᠨᠠᠷᠲᠠᠢ ᠲᠤᠰᠬᠠᠢ ᠰᠡᠳᠦᠪᠲᠦ ᠳᠠᠭᠠᠭᠠᠴᠢᠯᠠᠯᠲᠠ ᠵᠠᠷᠯᠠᠬᠤ ᠠᠵᠢᠯ ᠤᠷᠤᠭᠰᠢᠲᠠᠢ ᠶᠠᠪᠤᠭᠳᠠᠵᠤ᠂ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠤᠭ ᠲᠥᠯᠥᠪᠯᠡᠭᠡ ᠵᠢᠨ ᠪᠦᠯᠦᠭᠯᠡᠯ ᠳᠠᠭᠠᠭᠠᠴᠢᠯᠠᠨ ᠬᠢᠬᠦ ᠪᠡᠷ ᠪᠤᠯᠵᠤ᠂ ᠲᠥᠷᠥᠯ ᠵᠦᠢᠯ ᠨᠢ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠴᠢ ᠲᠤᠬᠠᠢ᠎ᠶᠢᠨ ᠲᠠᠯᠠᠪᠠᠶ᠎ᠶᠢᠨ ᠬᠡᠮᠵᠢᠨ ᠲᠣᠭᠲᠠᠭᠠᠬᠤ ᠱᠠᠲᠤᠨ᠎ᠳᠤ ᠣᠷᠣᠵᠤ᠂ ᠪᠥᠬᠥ ᠱᠤᠭᠤᠮ᠎ᠤᠨ ᠪᠦᠲᠦᠭᠡᠨ ᠪᠠᠢᠭᠤᠯᠤᠯᠲᠠ᠎ᠶᠢᠨ ᠠᠯᠬᠤᠴᠠ ᠤᠯᠠᠮ ᠨᠢᠭᠡ ᠠᠯᠬᠤᠮ ᠲᠦᠷᠭᠡᠳᠪᠡ᠃

ᠲᠣᠰ ᠤᠳᠠᠭᠠᠨ᠎ᠤ ᠳᠠᠭᠠᠭᠠᠴᠢᠯᠠᠯᠲᠠ ᠣᠯᠣᠭᠰᠠᠨ ᠦᠢᠯᠡᠴᠢᠯᠡᠭᠡᠨ᠎ᠦ ᠠᠭᠤᠯᠭ᠎ᠠ᠎ᠳᠤ ᠪᠤᠭᠤᠲᠤ ᠣᠷᠳᠣᠰ᠎ᠤᠨ ᠬᠡᠰᠡᠭ᠎ᠦᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠳᠦ ᠬᠡᠷᠡᠭᠰᠡᠬᠦ ᠪᠥᠬᠥ ᠤᠷᠢᠳᠠᠴᠢ ᠴᠢᠨᠠᠷᠲᠠᠢ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠬᠤ ᠵᠢᠴᠢ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠪᠠᠭᠲᠠᠭᠠᠵᠤ᠂ ᠪᠣᠳᠠᠲᠠᠢ᠎ᠪᠠᠷ ᠬᠡᠯᠡᠪᠡᠯ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠬᠥᠷᠥᠰᠥ ᠰᠢᠷᠣᠢ᠎ᠶᠢ ᠬᠠᠮᠠᠭᠠᠯᠠᠬᠤ ᠲᠥᠰᠥᠯ᠎ᠢ ᠦᠨᠡᠯᠡᠨ ᠵᠢᠱ᠌ᠢᠬᠦ᠂ ᠡᠨᠧᠷᠭᠢ ᠠᠷᠪᠢᠯᠠᠬᠤ᠎ᠶᠢ ᠦᠨᠡᠯᠡᠨ ᠵᠢᠱ᠌ᠢᠬᠦ᠂ ᠭᠠᠵᠠᠷ ᠬᠥᠳᠡᠯᠦᠯᠲᠡ᠎ᠶᠢᠨ ᠠᠮᠤᠷ ᠲᠦᠪᠰᠢᠨ᠎ᠦ ᠴᠢᠨᠠᠷ᠎ᠢ ᠦᠨᠡᠯᠡᠬᠦ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠲᠤᠰᠬᠠᠢ ᠰᠡᠳᠦᠪ᠂ ᠦᠶᠡᠷ᠎ᠢ ᠰᠡᠷᠭᠡᠢᠯᠡᠬᠦ ᠨᠥᠯᠥᠭᠡ᠎ᠶᠢ ᠦᠨᠡᠯᠡᠨ ᠵᠢᠱ᠌ᠢᠬᠦ᠂ ᠠᠶᠠᠯᠠᠯ ᠨᠡᠪᠲᠡᠷᠡᠬᠦ᠎ᠶᠢ ᠨᠤᠲᠠᠯᠠᠬᠤ ᠮᠡᠳᠡᠭᠦᠯᠦᠯᠲᠡ᠎ᠶᠢ ᠪᠠᠭᠲᠠᠭᠠᠨ᠎ᠠ᠃ ᠳᠠᠭᠠᠭᠠᠴᠢᠯᠠᠵᠦ ᠣᠯᠣᠭᠰᠠᠨ ᠨᠢᠭᠡᠴᠢ ᠨᠢ ᠲᠤᠬᠠᠢ᠎ᠶᠢᠨ ᠲᠠᠯᠠᠪᠤᠷ᠎ᠲᠤ ᠪᠠᠢᠴᠠᠭᠠᠯᠲᠠ ᠬᠢᠬᠦ᠂ ᠮᠡᠳᠡᠭᠦᠯᠦᠯᠲᠡ ᠨᠠᠢᠷᠠᠭᠤᠯᠤᠨ ᠵᠣᠬᠢᠶᠠᠬᠤ᠂ ᠪᠢᠴᠢᠭ ᠮᠠᠲᠧᠷᠢᠶᠠᠯ᠎ᠢ ᠳᠠᠷᠤᠮᠠᠯᠯᠠᠬᠤ᠎ᠠᠴᠠ ᠬᠢᠨᠠᠨ ᠲᠣᠭᠲᠠᠭᠠᠬᠤ ᠬᠤᠷᠠᠯ᠎ᠤᠨ ᠶᠠᠪᠤᠳᠠᠯ ᠬᠦᠷᠲᠡᠯᠡᠬᠢ ᠪᠥᠬᠥ ᠶᠠᠪᠤᠴᠠ᠎ᠶᠢᠨ ᠠᠵᠢᠯ᠎ᠢ ᠬᠠᠷᠢᠭᠤᠴᠠᠵᠤ᠂ ᠡᠯ᠎ᠡ ᠵᠦᠢᠯ᠎ᠦᠨ ᠲᠤᠰᠬᠠᠢ ᠰᠡᠳᠦᠪ᠎ᠤᠨ ᠬᠢᠨᠠᠨ ᠵᠥᠪᠰᠢᠶᠡᠷᠡᠯ᠎ᠢ ᠴᠢᠨᠠᠷ ᠰᠠᠢᠲᠠᠢ ᠥᠩᠭᠡᠷᠡᠭᠦᠯᠬᠦ᠎ᠶᠢ ᠦᠨᠡᠨ ᠬᠦ᠌ ᠪᠠᠲᠤᠯᠠᠨ᠎ᠠ᠃ ᠡᠨᠡ ᠨᠢ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠬᠠᠮᠤᠭ᠎ᠤᠨ ᠭᠣᠣᠯ ᠪᠣᠯᠬᠤ 《ᠬᠦᠴᠢᠷ ᠠᠰᠠᠭᠤᠳᠠᠯ》᠎ᠢ ᠨᠢᠭᠡᠨᠲᠡ ᠰᠢᠢᠳᠪᠦᠷᠢᠯᠡᠵᠦ᠂ ᠳᠠᠷᠠᠭᠠᠬᠢ ᠪᠠᠷᠢᠯᠭ᠎ᠠ᠎ᠶᠢᠨ ᠵᠢᠷᠤᠭ᠎ᠢ ᠵᠢᠷᠤᠵᠤ ᠲᠥᠯᠥᠪᠯᠡᠬᠦ ᠵᠢᠴᠢ ᠪᠥᠬᠥ ᠱᠤᠭᠤᠮ᠎ᠢᠶᠠᠷ ᠪᠠᠷᠢᠯᠭ᠎ᠠ ᠡᠬᠢᠯᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠭ᠍ᠰᠠᠨ᠎ᠢ ᠬᠠᠷᠠᠭᠤᠯᠵᠤ ᠪᠠᠢᠨ᠎ᠠ᠃

ᠪᠤᠭᠤᠲᠤ ᠣᠷᠳᠣᠰ ᠲᠡᠮᠡᠭᠡᠲᠦ᠎ᠶᠢᠨ ᠲᠦᠷᠭᠡᠨ᠎ᠦ ᠲᠡᠮᠦᠷ ᠵᠠᠮ ᠪᠣᠯ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠲᠠᠬᠢ ᠪᠤᠭᠤᠲᠤ (ᠢᠷᠭᠠᠢ) ᠬᠠᠢᠺᠸᠤ᠎ᠶᠢᠨ ᠨᠡᠪᠲᠡᠷᠡᠬᠦ ᠵᠠᠮ᠎ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠪᠠᠢᠭᠤᠯᠵᠤ ᠳᠠᠭᠤᠰᠤᠭᠰᠠᠨ᠎ᠤ ᠳᠠᠷᠠᠭ᠎ᠠ ᠪᠤᠭᠤᠲᠤ᠂ ᠣᠷᠳᠣᠰ᠂ ᠲᠡᠮᠡᠭᠡᠲᠦ᠂ ᠰᠢ ᠠᠨ ᠵᠡᠷᠭᠡ ᠬᠣᠲᠠ᠎ᠶᠢ ᠬᠣᠯᠪᠣᠵᠤ᠂ ᠡᠮᠦᠨ᠎ᠡ ᠤᠮᠠᠷ᠎ᠠ᠎ᠶᠢ ᠬᠣᠯᠪᠣᠭᠰᠠᠨ ᠠᠶᠠᠨᠴᠢᠳ᠎ᠤᠨ ᠲᠦᠷᠭᠡᠨ ᠲᠡᠭᠡᠭᠡᠪᠦᠷᠢ᠎ᠶᠢᠨ ᠭᠤᠤᠯ ᠰᠤᠳᠠᠯ᠎ᠢ ᠪᠦᠷᠢᠯᠳᠦᠭᠦᠯᠵᠦ᠂ ᠵᠠᠮ ᠳᠠᠭᠠᠤ᠎ᠶᠢᠨ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠴᠢᠳᠠᠪᠤᠷᠢᠲᠠᠨ᠎ᠤ ᠰᠣᠯᠢᠯᠴᠠᠭ᠎ᠠ᠎ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠨ᠎ᠡ᠃ ᠥᠪᠥᠷ ᠮᠣᠩᠭᠣᠯ ᠱᠠᠨᠰᠢ ᠬᠣᠶᠠᠷ ᠭᠠᠵᠠᠷ᠎ᠲᠤ ᠦᠷᠭᠦᠯᠵᠢ ᠢᠷᠡᠵᠦ ᠶᠠᠪᠤᠳᠠᠭ ᠠᠷᠠᠯᠵᠢᠶᠠᠴᠢᠳ᠂ ᠬᠥᠯᠥᠰᠦᠨ ᠠᠵᠢᠯ ᠬᠢᠵᠦ ᠪᠠᠢᠭ᠎ᠠ ᠬᠥᠮᠥᠰ ᠵᠢᠴᠢ ᠰᠤᠷᠤᠭ᠍ᠴᠢᠳ᠎ᠲᠤ ᠠᠪᠴᠤ ᠬᠡᠯᠡᠪᠡᠯ ᠤᠯᠠᠮ ᠳᠦᠬᠦᠮ ᠨᠦᠬᠦᠴᠡᠯ ᠲᠠᠢ ᠪᠣᠯᠣᠨ᠎ᠠ᠃


ᠢᠷᠡᠯᠲᠡ᠄ ᠣᠷᠳᠣᠰ᠎ᠤᠨ ᠵᠠᠮ ᠬᠠᠷᠢᠯᠴᠠᠭ᠎ᠠ᠂ ᠳᠤᠯᠠᠭᠠᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号